ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠭᠦᠷᠡᠰᠦᠨ ᠤ ᠬᠦᠷᠢᠶᠡᠨ | ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ | ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠬᠠᠮᠠᠭᠠᠯᠠᠪᠠ | | 4 ᠳ᠋ᠦ᠋ᠭᠡᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠠᠮᠢᠶ᠎ᠠ ᠪᠥᠬᠦᠶ ᠪᠠᠶᠢᠳᠠᠯ ᠢ ᠵᠠᠷᠯᠠᠨ ᠮᠡᠳᠡᠭᠳᠡᠵᠦ | ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠭᠦᠷᠡᠰᠦ ᠶᠢ ᠴᠡᠭᠴᠡᠯᠡᠨ ᠵᠠᠰᠠᠬᠤ ᠠᠯᠪᠠᠨ ᠬᠡᠷ ᠤᠨ ᠳᠡᠳ᠋ ᠡᠷᠬᠢᠯᠡᠭᠴᠢ᠂ ᠠᠮᠢ | ᠠᠬᠤᠶ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠬᠤᠶᠠᠳᠤᠭᠠᠷ ᠳᠡᠰ ᠤᠨ | ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ ᠮᠥᠷᠡᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠭᠦᠷᠡᠰᠦ ᠶᠢ ᠴᠡᠭᠴᠡᠯᠡᠨ ᠵᠠᠰᠠᠬᠤ ᠠᠯᠪᠠᠨ ᠬᠡᠷ ᠤᠨ | ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠠᠮᠢ ᠠᠬᠤᠶ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ | ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠳᠡᠳ᠋ ᠶᠡᠷᠦᠩᠬᠡᠶ ᠳᠠᠷᠤᠭ᠎ᠠ ᠮᠢᠶᠣᠣ ᠬᠠᠶ ᠲᠢᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ | ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ | ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2020 ᠣᠨ ᠤ 2 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠤᠭᠰᠠᠨ ᠤ ᠳᠠᠷᠠᠭ᠎ᠠ᠂ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠤᠨ ᠡᠭᠦᠷᠭᠡ | ᠴᠢᠳᠠᠪᠤᠷᠢ ᠶᠢᠨ ᠦᠢᠯᠡᠳᠦᠯ ᠢ ᠨᠢ ᠪᠠᠳᠠᠷᠠᠭᠤᠯᠵᠤ᠂ ᠨᠡᠭᠦᠷᠡᠰᠦᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠶ ᠳᠠᠭᠠᠷᠢᠯᠲᠠ | ᠶᠠᠪᠤᠭᠤᠯᠪᠠ᠃ ᠨᠡᠭᠦᠷᠡᠰᠦᠨ ᠤ ᠡᠬᠢ ᠪᠠᠶᠠᠯᠢᠭ ᠢ ᠶᠡᠭᠡ ᠬᠡᠮᠵᠢᠶ᠎ᠡ ᠪᠠᠷ ᠬᠤᠯᠠᠭᠠᠶᠢᠯᠠᠨ ᠮᠠᠯᠲᠠᠬᠤ ᠶᠠᠪᠤᠳᠠᠯ ᠢ ᠦᠭᠡᠶᠢᠰᠭᠡᠵᠦ᠂ ᠤᠯᠤᠰ ᠲᠥᠷᠥ ᠶᠢᠨ ᠠᠮᠢ ᠠᠬᠤᠶ ᠶᠢ | ᠪᠣᠬᠢᠷᠲᠤᠭᠤᠯᠤᠭᠰᠠᠨ ᠶᠠᠯᠠᠲᠤ ᠪᠦᠯᠬᠦᠮ᠂ ᠨᠡᠭᠦᠷᠡᠰᠦ ᠳᠤ ᠬᠤᠯᠪᠣᠭᠳᠠᠭᠰᠠᠨ ᠬᠡᠷᠡᠭ ᠢ ᠪᠦᠬᠦᠨ ᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠤᠨ᠂ ᠨᠡᠭᠦᠷᠡᠰᠦᠨ ᠤ | ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠤᠶᠢᠯ ᠤᠨ ᠶᠡᠭᠡ ᠪᠠᠷ ᠰᠦᠷᠳᠡᠭᠦᠯᠪᠡ᠃ ᠣᠳᠣᠬᠠᠨ ᠪᠣᠯᠲᠠᠯ᠎ᠠ᠂ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠲᠡ 484 ᠬᠡᠷᠡᠭ ᠢ ᠬᠡᠷᠡᠭ ᠪᠣᠯᠭᠠᠨ ᠳᠡᠩᠰᠡᠯᠡᠵᠦ᠂ 724 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ | ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 272 ᠳ᠋ᠦᠩᠰᠢᠭᠤᠷ ᠭᠠᠷᠤᠶ ᠲᠥᠭᠦᠷᠢᠭ ᠲᠤ ᠬᠦᠷᠴᠦ᠂ 124 ᠳ᠋ᠦᠩᠰᠢᠭᠤᠷ ᠲᠥᠭᠦᠷᠢᠭ ᠤᠨ ᠬᠤᠬᠢᠷᠠᠯ ᠢ | ᠨᠡᠬᠡᠮᠵᠢᠯᠡᠨ ᠠᠪᠴᠢᠷᠠᠵᠤ ᠨᠥᠬᠦᠪᠥᠷᠢᠯᠡᠪᠡ᠃ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠭᠤᠤᠯ ᠬᠦᠴᠦᠨ ᠴᠡᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠨᠡᠭᠦᠷᠡᠰᠦ ᠶᠢ ᠴᠡᠭᠴᠡᠯᠡᠨ ᠵᠠᠰᠠᠬᠤ | ᠭᠤᠤᠯ ᠴᠣᠭᠴᠠ ᠶᠢᠨ ᠠᠯᠪᠠᠨ ᠬᠡᠷ ᠤᠨ ᠨᠢᠭᠡᠳᠦᠯᠲᠡᠶ ᠲᠥᠯᠥᠪᠵᠢᠭᠦᠯᠭᠡ ᠳᠤᠤᠷ᠎ᠠ᠂ ᠬᠢᠨᠠᠯᠲᠠ ᠲᠠᠯᠪᠢᠬᠤ ᠠᠯᠪᠠᠨ ᠬᠡᠷ ᠤᠨ ᠬᠦᠴᠦᠲᠡᠶ ᠬᠢᠨᠠᠨ ᠵᠢᠯᠣᠭᠤᠳᠣᠯᠭ᠎ᠠ | ᠳᠤᠤᠷ᠎ᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠣᠶᠢᠯᠠᠭᠠᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠮᠠᠨ ᠤ ᠣᠷᠣᠨ ᠤ ᠤᠯᠤᠰ ᠲᠥᠷᠥ ᠶᠢᠨ ᠠᠮᠢ ᠠᠬᠤᠶ ᠶᠢᠨ ︽ | ᠬᠤᠤᠷᠳᠦ ᠬᠠᠪᠤᠳᠠᠷ︾ ᠢ ᠠᠷᠢᠯᠭᠠᠵᠤ᠂ ᠤᠯᠤᠰ ᠲᠥᠷᠥ ᠶᠢᠨ ᠠᠮᠢ ᠠᠬᠤᠶ ᠶᠢ ᠡᠬᠢ ᠡᠭᠦᠰᠦᠯ ᠠᠴᠠ ᠨᠢ ᠴᠡᠪᠡᠷᠰᠢᠭᠦᠯᠦᠨ ᠰᠡᠷᠭᠦᠭᠡᠬᠦ᠂ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠶᠢ ᠭᠦᠨᠵᠡᠭᠡᠶ ᠲᠠᠨᠢᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠬᠦᠴᠦᠲᠡᠶ | ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠪᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠤᠰᠬᠠᠶ ᠴᠡᠭᠴᠡᠯᠡᠨ ᠵᠠᠰᠠᠬᠤ ᠠᠵᠢᠯ ᠢ ︽ᠨᠢᠭᠡᠳᠦᠭᠡᠷ ᠭᠠᠷ︾ ᠤᠨ | ᠢᠨᠵᠧᠨᠧᠷᠢᠩ ᠪᠣᠯᠭᠠᠵᠤ᠂ ᠭᠤᠤᠯ ᠬᠠᠷᠢᠭᠤᠴᠠᠯᠭᠠᠲᠠᠨ ᠨᠥᠬᠦᠳ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠬᠦ ᠶᠢᠨ ᠬᠠᠮᠲᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ ᠢ | ᠵᠣᠬᠢᠶᠠᠨ ᠪᠠᠶᠢᠭᠤᠯᠤᠨ ᠲᠣᠭᠲᠠᠭᠠᠵᠤ᠂ ᠦᠷᠭᠦᠯᠵᠢᠯᠡᠨ ᠪᠣᠭᠤᠮᠲᠠ ᠰᠢᠪᠳᠤᠯᠬᠤ ᠶᠢ ᠠᠬᠢᠭᠤᠯᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠠᠴᠠ | 100 ᠭᠠᠷᠤᠶ ᠭᠤᠤᠯᠯᠠᠭᠴᠢ ᠬᠦᠴᠦᠨ ᠢ ᠰᠢᠯᠵᠢᠭᠦᠯᠦᠨ ᠲᠤᠰᠬᠠᠶ ᠠᠩᠭᠢ ᠪᠠᠶᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠵᠢᠯᠣᠭᠤᠳᠤᠨ ᠲᠣᠬᠢᠷᠠᠭᠤᠯᠬᠤ | ᠪᠠ ᠬᠦᠨᠳᠦ ᠶᠡᠭᠡ ᠬᠡᠷᠡᠭ ᠢ ᠳᠡᠩᠨᠡᠨ ᠰᠢᠢᠳᠪᠦᠷᠢᠯᠡᠬᠦ ᠠᠵᠢᠯ ᠢ ᠬᠠᠷᠢᠭᠤᠴᠠᠪᠠ︔ ᠪᠥᠬᠦ ᠣᠷᠣᠨ ᠤ 12 ᠠᠶᠢᠮᠠᠭ ᠬᠤᠲᠠ ᠪᠣᠯᠤᠨ ᠬᠡᠰᠡᠭ ᠭᠤᠤᠯᠳᠠᠯᠭ᠎ᠠ ᠲᠠᠢ | ᠨᠡᠭᠦᠷᠡᠰᠦᠨ ᠳᠤ ᠬᠤᠯᠪᠣᠭᠳᠠᠬᠤ ᠬᠤᠰᠢᠭᠤ ᠰᠢᠶᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠴᠥᠮ ᠵᠣᠬᠢᠴᠠᠩᠭᠤᠶ ᠠᠵᠢᠯ ᠤᠨ ᠪᠠᠶᠢᠭᠤᠯᠤᠮᠵᠢ ᠪᠠᠶᠢᠭᠤᠯᠵᠤ᠂ | ᠲᠤᠰᠬᠠᠶ ᠴᠡᠭᠴᠡᠯᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠠᠬᠢᠵᠢᠭᠦᠯᠪᠡ᠃ | ᠳᠣᠲᠣᠭᠠᠳᠤ ᠶᠢ ᠬᠠᠮᠠᠭᠠᠯᠠᠬᠤ ᠲᠢᠩᠬᠢᠮ ᠭᠤᠤᠯᠳᠠᠯᠭ᠎ᠠ ᠲᠠᠢ ᠬᠡᠷᠡᠭ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠪᠣᠭᠤᠮᠲᠠ ᠰᠢᠪᠲᠤᠯᠬᠤ | ᠬᠦᠴᠦᠨ ᠢ ᠨᠢᠭᠡᠳᠦᠯᠲᠡᠶ ᠲᠥᠯᠥᠪᠵᠢᠭᠦᠯᠵᠦ᠂ ᠣᠯᠠᠨ ᠤᠳᠠᠭ᠎ᠠ ᠲᠤᠬᠠᠶ ᠶᠢᠨ ᠲᠠᠯᠠᠪᠠᠶ ᠳᠤ ᠬᠠᠶᠢᠨ ᠪᠠᠶᠢᠴᠠᠭᠠᠵᠤ᠂ ᠲᠤᠰᠬᠠᠶ ᠰᠡᠳᠦᠪ ᠢᠶᠠᠷ ᠰᠤᠳᠤᠯᠪᠠ᠃ ᠲᠤᠰᠬᠠᠶ | ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠤᠷᠢᠳ ᠬᠤᠵᠢᠳ ᠲᠠᠪᠤ ᠤᠳᠠᠭ᠎ᠠ ᠭᠤᠤᠯᠳᠠᠯᠭ᠎ᠠ ᠲᠠᠢ ᠨᠡᠭᠦᠷᠡᠰᠦᠨ ᠳᠤ ᠬᠤᠯᠪᠣᠭᠳᠠᠬᠤ ᠠᠶᠢᠮᠠᠭ ᠬᠤᠲᠠ | ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠭᠦᠨᠵᠡᠭᠡᠶᠢᠷᠡᠵᠦ᠂ ︽ᠴᠡᠭ ᠲᠤ ᠰᠠᠭᠤᠬᠤ ᠮᠠᠶ᠋ᠢᠭ︾ ᠤᠨ ᠬᠢᠨᠠᠨ ᠵᠢᠯᠣᠭᠤᠳᠣᠯᠭ᠎ᠠ ᠥᠷᠨᠢᠭᠦᠯᠵᠦ᠂ | ᠠᠰᠠᠭᠤᠳᠠᠯ ᠢ ᠰᠢᠢᠳᠪᠦᠷᠢᠯᠡᠬᠦ ᠬᠦᠴᠢᠷ ᠠᠰᠠᠭᠤᠳᠠᠯ ᠢ ᠲᠤᠬᠠᠶ ᠶᠢᠨ ᠲᠠᠯᠠᠪᠤᠷ ᠲᠤ ᠵᠢᠯᠣᠭᠤᠳᠤᠨ ᠰᠢᠢᠳᠪᠦᠷᠢᠯᠡᠵᠦ᠂ ᠲᠤᠰᠬᠠᠶ ᠴᠡᠭᠴᠡᠯᠡᠨ ᠵᠠᠰᠠᠬᠤ ᠠᠵᠢᠯ ᠢ | ᠭᠦᠨᠵᠡᠭᠡᠶ ᠥᠷᠨᠢᠭᠦᠯᠬᠦ ᠶᠢ ᠠᠬᠢᠭᠤᠯᠪᠠ᠃ | ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠣᠯᠠᠨ ᠠᠷᠭ᠎ᠠ ᠬᠡᠮᠵᠢᠶ᠎ᠡ ᠶᠢ ᠴᠢᠩᠭᠠᠳᠬᠠᠵᠤ ᠴᠣᠬᠢᠯᠲᠠ ᠥᠭᠬᠦ ᠦᠷ᠎ᠡ ᠪᠦᠲᠦᠮᠵᠢ ᠶᠢ ᠲᠡᠭᠡᠭᠰᠢᠯᠡᠭᠦᠯᠪᠡ | ᠠᠵᠢᠯ ᠤᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠦᠪᠡᠭᠴᠢ ᠶᠢ ᠭᠥᠯᠢᠶᠡᠨ ᠠᠪᠴᠤ ᠬᠠᠮᠢᠶᠠᠷᠬᠤ ᠠᠵᠢᠯ ᠢ | ᠨᠠᠷᠢᠨ ᠨᠢᠮᠪᠠᠶ ᠰᠠᠶᠢᠲᠤᠷ ᠬᠢᠵᠦ᠂ ᠱᠠᠲᠤ ᠲᠥᠷᠥᠯ ᠬᠤᠪᠢᠶᠠᠨ ᠲᠤᠰᠢᠶᠠᠨ ᠭᠦᠢᠴᠡᠳᠭᠡᠯᠭᠡᠵᠦ ᠬᠠᠷᠭᠤᠭᠤᠯᠤᠨ ᠪᠠᠶᠢᠴᠠᠭᠠᠵᠤ᠂ ᠰᠦᠪᠡᠭᠴᠢ ᠶᠢ ᠬᠠᠷᠭᠤᠭᠤᠯᠤᠨ | ᠪᠠᠶᠢᠴᠠᠭᠠᠭᠰᠠᠨ ᠦᠷ᠎ᠡ ᠪᠦᠳᠦᠮᠵᠢ ᠶᠢ ᠤᠯᠠᠷᠢᠭᠤᠯᠬᠤ ᠶᠢ ᠴᠢᠬᠤᠯᠠᠴᠢᠯᠠᠨ᠂ 1300 ᠭᠠᠷᠤᠶ ᠰᠦᠪᠡᠭᠴᠢ ᠶᠢ ᠪᠦᠬᠦᠨ ᠢ ︽ᠪᠠᠶᠢᠴᠠᠭᠠᠨ ᠳᠣᠲᠣᠯᠠᠭᠠᠳ ᠦᠷ᠎ᠡ | ᠳ᠋ᠦᠩ ᠲᠠᠢ ᠪᠠᠶᠢᠬᠤ᠂ ᠪᠠᠶᠢᠴᠠᠭᠠᠨ ᠳᠣᠲᠣᠯᠠᠭᠠᠳ ᠦᠨᠳᠦᠰᠦᠯᠡᠯ ᠲᠠᠢ ᠪᠠᠶᠢᠬᠤ ᠡᠰᠡᠬᠦ᠂ ᠨᠢᠭᠡ ᠰᠦᠪᠡᠭᠴᠢ ᠳᠤ ᠨᠢᠭᠡ ᠲᠠᠩᠰᠠ ᠡᠪᠬᠡᠮᠡᠯ ᠲᠠᠢ ᠪᠠᠶᠢᠬᠤ︾ ᠶᠢ | ᠪᠡᠶᠡᠯᠡᠭᠦᠯᠵᠦ᠂ ᠰᠦᠪᠡᠭᠴᠢ ᠶᠢ ︽ᠦᠭᠡᠶᠢᠰᠬᠡᠬᠦ︾ ᠬᠠᠷᠠᠯᠲᠠ ᠡᠭᠦᠷᠭᠡ ᠶᠢ ᠪᠡᠶᠡᠯᠡᠭᠦᠯᠪᠡ᠃ 386 ᠭᠤᠤᠯᠳᠠᠯᠭ᠎ᠠ ᠲᠠᠢ ᠲᠥᠷᠥᠯ ᠵᠦᠢᠯ ᠳᠤ ᠴᠥᠮ ᠬᠢᠨᠠᠨ | ᠲᠣᠭᠲᠠᠭᠠᠭᠰᠠᠨ ᠰᠠᠨᠠᠯ ᠭᠠᠷᠭᠠᠵᠤ᠂ ᠡᠭᠦᠨ ᠳᠤ 119 ᠨᠢ ᠬᠠᠤᠯᠢ ᠪᠤᠰᠤ ᠪᠠᠷ ᠠᠭᠤᠷᠬᠠᠶ ᠮᠠᠯᠲᠠᠭᠰᠠᠨ ᠶᠠᠯᠠᠲᠤ ᠬᠡᠷᠡᠭ᠂ 153 ᠨᠢ ᠲᠠᠷᠢᠶᠠᠯᠠᠩ ᠳᠤ ᠬᠡᠷᠡᠭᠯᠡᠬᠦ | ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠵᠡᠷᠭᠡ ᠶᠠᠯᠠᠲᠤ ᠬᠡᠷᠡᠭ ᠪᠠᠶᠢᠵᠤ᠂ ᠪᠠᠰᠠ 114 ᠨᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠵᠥᠷᠢᠴᠡᠭᠰᠡᠨ | ᠰᠡᠵᠢᠭᠯᠡᠯᠲᠡᠶ ᠪᠠᠶᠢᠵᠤ ᠨᠢᠭᠡᠨᠲᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠪᠡ᠃ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠠᠭᠠᠭᠤᠯᠤᠨ ᠭᠦᠢᠴᠡᠳᠭᠡᠬᠦ᠂ ᠥᠪᠡᠰᠦᠪᠡᠨ ᠭᠦᠢᠴᠡᠳᠭᠡᠬᠦ᠂ ᠤᠳᠤᠷᠢᠳᠤᠯᠭ᠎ᠠ ᠬᠡᠷᠡᠭ ᠢ | ᠳᠠᠭᠠᠭᠠᠴᠢᠯᠠᠬᠤ ᠵᠡᠷᠭᠡ ᠵᠠᠭᠪᠤᠷ ᠢ ᠠᠮᠢᠳᠤᠯᠢᠭ ᠢᠶᠠᠷ ᠬᠡᠷᠡᠭᠯᠡᠵᠦ᠂ ᠪᠥᠬᠦ ᠣᠷᠣᠨ ᠤ ᠴᠠᠭᠳᠠᠭᠠᠨ ᠤ ᠬᠦᠴᠦᠨ ᠤ ᠡᠬᠢ ᠪᠠᠶᠠᠯᠢᠭ ᠢ ᠠᠮᠢᠯᠠᠭᠤᠯᠤᠨ᠂ ᠨᠡᠭᠦᠷᠡᠰᠦᠨ ᠤ | ᠬᠦᠷᠢᠶᠡᠨ ᠳᠠᠬᠢ ᠬᠡᠷᠡᠭ ᠢ ᠲᠤᠷᠰᠢᠨ ᠪᠠᠶᠢᠴᠠᠭᠠᠵᠤ ᠴᠣᠬᠢᠯᠲᠠ ᠥᠭᠬᠦ ᠶᠢ ᠴᠢᠩᠭᠠᠳᠬᠠᠪᠠ᠃ ᠣᠷᠣᠨ ᠨᠤᠲᠤᠭ ᠤᠨ ᠬᠠᠮᠠᠭᠠᠯᠠᠬᠤ ᠦᠵᠡᠯ ᠢ ᠦᠭᠡᠶᠢᠰᠭᠡᠬᠦ ᠶᠢᠨ | ᠲᠥᠯᠥᠭᠡ᠂ 100 ᠰᠠᠯᠠᠭ᠎ᠠ ᠭᠠᠪᠰᠢᠭᠠᠢ ᠠᠩᠭᠢ ᠶᠢ ᠵᠣᠬᠢᠶᠠᠨ ᠪᠠᠶᠢᠭᠤᠯᠵᠤ᠂ ᠣᠨᠳᠣᠣ ᠭᠠᠵᠠᠷ ᠲᠤ ᠬᠡᠷᠡᠭ ᠰᠢᠢᠳᠪᠦᠷᠢᠯᠡᠬᠦ᠂ ᠣᠨᠳᠣᠣ ᠭᠠᠵᠠᠷ ᠲᠤ ᠴᠠᠭᠳᠠᠭ᠎ᠠ | ᠬᠡᠷᠡᠭᠯᠡᠬᠦ᠂ ᠣᠨᠳᠣᠣ ᠭᠠᠵᠠᠷ ᠲᠤ ᠬᠤᠷᠢᠬᠤ᠂ ᠱᠠᠳᠤ ᠳᠡᠪᠰᠢᠭᠦᠯᠦᠨ ᠬᠠᠮᠢᠶᠠᠷᠤᠨ ᠬᠠᠷᠢᠶᠠᠯᠠᠬᠤ ᠵᠡᠷᠭᠡ ᠳᠠᠩᠨᠠᠨ ᠰᠢᠢᠳᠪᠦᠷᠢᠯᠡᠬᠦ ᠠᠷᠭ᠎ᠠ ᠮᠠᠶ᠋ᠢᠭ ᠢ ᠶᠡᠷᠦᠩᠬᠡᠶᠢᠯᠡᠨ | ᠬᠡᠷᠡᠭᠯᠡᠵᠦ᠂ ᠬᠡᠷᠡᠭ ᠢ ᠳᠠᠩᠨᠠᠨ ᠰᠢᠢᠳᠪᠦᠷᠢᠯᠡᠬᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠪᠠᠶᠢᠴᠠᠭᠠᠨ ᠡᠵᠡᠮᠳᠡᠬᠦ᠂ ᠪᠤᠵᠠᠷ ᠵᠣᠭᠤᠰ ᠪᠤᠵᠠᠷ ᠡᠳ᠋ ᠢ | ᠨᠡᠬᠡᠮᠵᠢᠯᠡᠨ ᠠᠪᠴᠢᠷᠠᠵᠤ ᠬᠤᠬᠢᠷᠠᠯ ᠢᠶᠠᠨ ᠰᠢᠢᠳᠪᠦᠷᠢᠯᠡᠬᠦ ᠵᠡᠷᠭᠡ ᠠᠵᠢᠯ ᠢ ᠲᠥᠪᠯᠡᠷᠡᠭᠦᠯᠦᠨ ᠥᠷᠨᠢᠭᠦᠯᠵᠦ᠂ ᠨᠡᠶᠢᠳᠡ 195 ᠬᠡᠷᠡᠭ ᠢ ᠬᠡᠷᠡᠭ ᠪᠣᠯᠭᠠᠨ ᠲᠠᠩᠰᠠᠯᠠᠵᠤ | ᠳᠠᠩᠨᠠᠨ ᠰᠢᠢᠳᠪᠦᠷᠢᠯᠡᠵᠦ᠂ 386 ᠶᠠᠯ᠎ᠠ ᠬᠢᠭᠰᠡᠨ ᠰᠡᠵᠢᠭᠯᠡᠯᠲᠡᠢ ᠬᠥᠮᠦᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 141 | ᠳ᠋ᠦᠩᠰᠢᠭᠤᠷ ᠭᠠᠷᠤᠢ ᠲᠥᠭᠦᠷᠢᠭ ᠲᠤ ᠬᠦᠷᠴᠦ᠂ ᠬᠤᠬᠢᠷᠠᠯ ᠢ ᠨᠡᠬᠡᠮᠵᠢᠯᠡᠨ ᠠᠪᠴᠢᠷᠠᠵᠤ ᠬᠤᠬᠢᠷᠠᠯ ᠢ ᠨᠥᠬᠦᠪᠥᠷᠢᠯᠡᠭᠰᠡᠨ ᠨᠢ 84 ᠳ᠋ᠦᠩᠰᠢᠭᠤᠷ ᠭᠠᠷᠤᠢ | ᠲᠥᠭᠦᠷᠢᠭ ᠲᠤ ᠬᠦᠷᠴᠡᠢ᠃ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠲᠤᠷᠰᠢᠯᠭ᠎ᠠ ᠪᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ᠂ ᠪᠥᠬᠦ ᠣᠷᠣᠨ ᠤ ᠡᠯ᠎ᠡ | ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠯᠦᠭᠡ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠭᠡᠳ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ᠬᠤᠤᠰ ᠲᠤᠰᠬᠠᠶ ᠠᠩᠭᠢ︾ ︽ᠬᠤᠤᠰ ᠬᠡᠷᠡᠭ ᠪᠣᠯᠭᠠᠨ ᠳᠠᠩᠰᠠᠯᠠᠬᠤ︾ ᠲᠣᠭᠲᠠᠴᠠ ᠶᠢ | ᠪᠠᠷᠢᠮᠲᠠᠯᠠᠵᠤ᠂ ᠲᠤᠰᠬᠠᠶ ᠴᠡᠭᠴᠡᠯᠡᠨ ᠵᠠᠰᠠᠬᠤ ᠪᠦᠬᠦᠯᠢ ᠴᠣᠭᠴᠠ ᠶᠢᠨ ᠳᠠᠶᠢᠯᠠᠯᠳᠤᠭᠠᠨ᠂ ᠬᠠᠮᠳᠤᠷᠠᠭᠰᠠᠨ ᠳᠠᠶᠢᠯᠠᠯᠳᠤᠭᠠᠨ ᠢ ᠰᠠᠶᠢᠲᠤᠷ ᠬᠢᠵᠦ᠂ ᠮᠠᠨ ᠤ ᠣᠷᠣᠨ ᠤ | ᠤᠯᠤᠰ ᠲᠥᠷᠥ ᠶᠢᠨ ᠠᠮᠢ ᠠᠬᠤᠶ ᠶᠢ ᠪᠣᠬᠢᠷᠲᠤᠭᠤᠯᠤᠭᠰᠠᠨ ︽ᠬᠤᠤᠷᠳᠦ ᠬᠠᠪᠤᠳᠠᠷ︾ ᠪᠠ ᠡᠬᠢ ᠡᠭᠦᠰᠦᠯ ᠢ ᠬᠦᠴᠦᠯᠡᠨ ᠠᠷᠢᠯᠭᠠᠪᠠ᠃ ᠣᠲᠣ ᠪᠣᠯᠲᠠᠯ᠎ᠠ᠂ ᠡᠯ᠎ᠡ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠰᠠᠯᠠᠭ᠎ᠠ ᠮᠥᠴᠢᠷ ᠲᠤ ᠨᠡᠶᠢᠲᠡ 159 ᠰᠦᠪᠡᠭᠴᠢ ᠶᠢ ᠰᠢᠯᠵᠢᠭᠦᠯᠦᠨ | ᠬᠦᠷᠭᠡᠵᠦ᠂ ᠬᠡᠷᠡᠭ ᠲᠤ ᠬᠤᠯᠪᠣᠭᠳᠠᠭᠰᠠᠨ 244 ᠬᠥᠮᠦᠨ ᠪᠠᠶᠢᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠵᠡᠷᠭᠡ ᠰᠠᠯᠠᠭ᠎ᠠ | ᠮᠥᠴᠢᠷ ᠢ ᠬᠠᠮᠵᠢᠨ 14.2 ᠳ᠋ᠦᠩᠰᠢᠭᠤᠷ ᠭᠠᠷᠤᠶ ᠲᠥᠭᠦᠷᠢᠭ ᠤᠨ ᠬᠤᠬᠢᠷᠠᠯ ᠢ ᠡᠭᠡᠭᠦᠯᠦᠨ ᠠᠪᠴᠢᠷᠠᠭᠰᠠᠨ ᠪᠠᠶᠢᠨ᠎ᠠ᠃ | ᠬᠠᠮᠵᠢᠯᠴᠠᠭ᠎ᠠ ᠪᠠᠨ ᠴᠢᠩᠭᠠᠳᠬᠠᠨ ᠨᠢᠭᠳᠠᠷᠠᠭᠤᠯᠵᠤ ᠴᠣᠬᠢᠯᠲᠠ ᠥᠭᠬᠦ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠪᠠ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠭᠡᠳᠡᠷᠭᠦ | ᠪᠠᠶᠢᠴᠠᠭᠠᠵᠤ ᠲᠤᠰᠬᠠᠶ ᠴᠡᠭᠴᠡᠯᠡᠨ ᠵᠠᠰᠠᠬᠤ ᠠᠵᠢᠯ ᠢ ᠠᠬᠢᠭᠤᠯᠬᠤ ᠠᠵᠢᠯ ᠤᠨ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠭᠡᠳ | ᠪᠠᠶᠢᠴᠠᠭᠠᠬᠤ᠂ ᠬᠠᠤᠯᠢ ᠶᠢᠨ ᠰᠠᠯᠠᠭ᠎ᠠ ᠮᠥᠴᠢᠷ ᠬᠠᠮᠲᠤᠷᠠᠨ ᠲᠤᠰᠬᠠᠶ ᠴᠡᠭᠴᠡᠯᠡᠨ ᠵᠠᠰᠠᠬᠤ ᠬᠠᠮᠵᠢᠯᠴᠠᠭ᠎ᠠ ᠶᠢ ᠴᠢᠩᠭᠠᠳᠬᠠᠬᠤ ᠲᠣᠭᠲᠠᠴᠠ ᠶᠢᠨ ᠰᠠᠨᠠᠯ ᠢ ᠳᠠᠷᠤᠮᠠᠯᠯᠠᠨ | ᠲᠠᠷᠬᠠᠭᠠᠵᠤ᠂ ᠬᠡᠷᠡᠭ ᠤᠨ ᠬᠠᠷᠢᠶᠠᠯᠠᠯ ᠢ ᠵᠢᠭᠠᠨ ᠲᠣᠭᠲᠠᠭᠠᠬᠤ᠂ ᠶᠡᠭᠡ ᠴᠢᠬᠤᠯᠠ ᠬᠡᠷᠡᠭ ᠢ ᠪᠠᠶᠢᠴᠠᠭᠠᠬᠤ ᠬᠤᠷᠢᠶ᠎ᠠ ᠳᠤ ᠳᠡᠪᠰᠢᠭᠦᠯᠦᠨ ᠤᠷᠢᠳᠴᠢᠯᠠᠨ | ᠣᠷᠣᠯᠴᠠᠭᠤᠯᠬᠤ ᠵᠡᠷᠭᠡ ᠲᠠᠯ᠎ᠠ ᠪᠠᠷ ᠪᠣᠳᠠᠲᠠᠶ ᠲᠣᠭᠲᠠᠭᠠᠯ ᠭᠠᠷᠭᠠᠵᠤ᠂ ᠵᠠᠷᠭᠤ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠥᠯᠥᠨ ᠪᠤᠶᠢᠷ ᠬᠤᠲᠠ | ᠂ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ ᠵᠡᠷᠭᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠰᠢᠭᠦᠬᠦ ᠬᠤᠷᠢᠶ᠎ᠠ ᠲᠠᠢ ᠬᠠᠮᠲᠤᠷᠠᠨ ᠲᠣᠭᠲᠠᠮᠠᠯ | ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠢᠵᠦ᠂ ᠪᠠᠶᠢᠳᠠᠯ ᠢᠶᠠᠨ ᠬᠠᠷᠢᠯᠴᠠᠨ ᠨᠡᠪᠲᠡᠷᠡᠯᠴᠡᠬᠦ᠂ ᠬᠠᠮᠲᠤᠷᠠᠨ ᠪᠠᠶᠢᠴᠠᠭᠠᠵᠤ ᠬᠠᠮᠲᠤᠷᠠᠨ ᠭᠦᠢᠴᠡᠳᠭᠡᠬᠦ᠂ | ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠪᠡᠶᠡᠯᠡᠭᠦᠯᠦᠨ᠂ ᠴᠣᠬᠢᠯᠲᠠ ᠥᠭᠬᠦ ᠬᠠᠮᠳᠤᠷᠠᠯ ᠬᠦᠴᠦᠨ ᠢ ᠪᠦᠷᠢᠯᠳᠦᠭᠦᠯᠪᠡ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ | ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠠᠶᠢᠨ ᠰᠢᠯᠭᠠᠵᠤ ᠬᠢᠨᠠᠨ ᠲᠣᠭᠲᠠᠭᠠᠬᠤ᠂ ᠦᠨ᠎ᠡ ᠬᠠᠩᠰᠢ ᠶᠢ ᠭᠡᠷᠡᠴᠢᠯᠡᠬᠦ᠂ ᠭᠠᠵᠠᠷ ᠰᠢᠷᠣᠶ ᠶᠢ ᠬᠡᠮᠵᠢᠨ ᠵᠢᠷᠤᠬᠤ ᠠᠬᠢᠴᠠ ᠶᠢ ᠲᠥᠷᠭᠡᠳᠭᠡᠪᠡ | ᠃ ᠲᠦᠩᠯᠢᠶᠣᠤ ᠬᠤᠲᠠ ᠵᠡᠷᠭᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ | ᠭᠠᠶᠢᠯᠢ ᠶᠢᠨ ᠶᠠᠪᠤᠳᠠᠯ ᠵᠡᠷᠭᠡ ᠨᠡᠭᠦᠷᠡᠰᠦᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ | ᠬᠡᠷᠡᠭᠵᠢᠭᠦᠯᠵᠦ ᠡᠷᠡᠭᠦᠦ ᠰᠢᠳᠭᠡᠯ ᠬᠡᠷᠡᠭᠵᠢᠭᠦᠯᠬᠦ ᠶᠢ ᠵᠣᠯᠭᠠᠭᠤᠯᠬᠤ ᠠᠵᠢᠯ ᠤᠨ ᠲᠦᠷᠢᠮ ᠢ ᠲᠣᠭᠲᠠᠭᠠᠵᠤ᠂ ᠬᠤᠯᠪᠣᠭᠠᠯᠠᠨ ᠬᠥᠳᠡᠯᠦᠯᠴᠡᠵᠦ ᠠᠭᠤᠰᠤᠯᠴᠠᠭᠰᠠᠨ᠂ | ᠵᠣᠬᠢᠴᠠᠯᠳᠤᠨ ᠬᠠᠮᠵᠢᠯᠴᠠᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠠᠵᠢᠯ ᠤᠨ ᠲᠣᠭᠲᠠᠴᠠ ᠶᠢ ᠪᠦᠷᠢᠯᠳᠦᠭᠦᠯᠪᠡ᠃ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠡᠭᠦᠷᠡᠰᠦ ᠶᠢ ᠴᠡᠭᠴᠡᠯᠡᠨ ᠵᠠᠰᠠᠬᠤ ᠠᠯᠪᠠᠨ ᠬᠡᠷ ᠨᠢ ᠳᠣᠲᠣᠭᠠᠳᠤ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ | ᠳᠣᠲᠣᠭᠠᠳᠤ ᠶᠢ ᠬᠠᠮᠠᠭᠠᠯᠠᠬᠤ ᠲᠣᠮᠣ ᠳ᠋ᠠᠶᠢᠲ᠋ᠠ ᠶᠢᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠮᠡᠷᠭᠡᠵᠢᠯ ᠴᠢᠳᠠᠮᠵᠢ ᠶᠢ ᠴᠢᠩᠭᠠᠷᠠᠭᠤᠯᠤᠨ᠂ ᠬᠤᠷᠴᠠ | ᠴᠢᠳᠠᠮᠠᠭᠠᠶ ᠪᠠᠷ ᠵᠠᠳᠠᠯᠤᠨ ᠰᠢᠨᠵᠢᠵᠦ ᠰᠤᠳᠤᠯᠤᠨ ᠮᠠᠭᠠᠳᠯᠠᠬᠤ ᠪᠦᠯᠬᠦᠮ ᠨᠡᠶᠢᠲᠡ ᠶᠢ ᠪᠠᠶᠢᠭᠤᠯᠵᠤ᠂ ᠨᠡᠭᠦᠷᠡᠰᠦ ᠠᠭᠤᠷᠬᠠᠶ ᠳᠤ ᠬᠤᠯᠪᠣᠭᠳᠠᠭᠰᠠᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠥᠮᠦᠰ ᠤᠨ ᠵᠠᠮ ᠮᠥᠷ᠂ ᠪᠠᠯᠠ ᠮᠥᠩᠭᠦ ᠶᠢᠨ ᠭᠦᠢᠯᠭᠡᠭᠡᠨ ᠤ ᠬᠠᠨᠳᠤᠰᠢ ᠵᠡᠷᠭᠡ ᠶᠢ ᠰᠤᠳᠤᠯᠤᠨ ᠮᠠᠭᠠᠳᠯᠠᠵᠤ ᠢᠯᠡᠷᠡᠭᠦᠯᠵᠦ᠂ | ᠲᠤᠰᠬᠠᠶ ᠴᠡᠭᠴᠡᠯᠡᠨ ᠵᠠᠰᠠᠬᠤ ᠳᠤ ᠦᠢᠯᠡᠴᠢᠯᠡᠬᠦ ᠶᠢ ᠬᠦᠴᠦᠲᠡᠶ ᠪᠠᠳᠣᠯᠠᠭ᠎ᠠ ᠬᠠᠩᠭᠠᠪᠠ᠃ | ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠵᠤ ᠪᠠᠲᠤ ᠴᠢᠩᠭ᠎ᠠ ᠲᠡᠮᠦᠷ ᠴᠡᠷᠢᠭ ᠢ ᠪᠦᠬᠦ ᠬᠦᠴᠦᠨ ᠢᠶᠠᠷ ᠢᠶᠠᠨ ᠳᠠᠪᠲᠠᠨ ᠪᠣᠯᠪᠠᠰᠤᠷᠠᠭᠤᠯᠪᠠ | ᠲᠤᠰᠬᠠᠶ ᠴᠡᠭᠴᠡᠯᠡᠨ ᠵᠠᠰᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠳᠤᠯᠠᠬᠤ᠂ ᠲᠤᠰᠬᠠᠶ ᠴᠡᠭᠴᠡᠯᠡᠨ ᠵᠠᠰᠠᠬᠤ ᠶᠢ ᠠᠬᠢᠭᠤᠯᠬᠤ ᠢᠲᠡᠭᠡᠯ ᠵᠣᠷᠢᠭ ᠢᠶᠠᠨ | ᠪᠠᠲᠤᠳᠬᠠᠬᠤ ᠶᠢᠨ ᠲᠥᠯᠥᠭᠡ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 49 ᠲᠦᠷ ᠴᠠᠭ ᠤᠨ ᠨᠠᠮ ᠤᠨ ᠡᠭᠦᠷ᠂ 77 ᠨᠠᠮ ᠤᠨ ᠳᠤᠭᠤᠶᠢᠯᠠᠩ | ᠪᠠᠶᠢᠭᠤᠯᠵᠤ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠶᠢᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ | ᠪᠠᠳᠠᠷᠠᠭᠤᠯᠵᠤ᠂ ᠵᠠᠩᠭᠢᠯᠠᠭ᠎ᠠ ᠶᠢᠨ ᠴᠠᠭ ᠮᠥᠴᠡ ᠳᠤ ᠢᠯᠠᠯᠲᠠ ᠤᠯᠬᠤ ᠶᠢ ᠦᠨᠡᠨ ᠬᠦ ᠪᠠᠲᠤᠯᠠᠪᠠ᠃ ᠬᠡᠷᠡᠭ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠡᠷᠡᠭ ᠰᠢᠢᠳᠪᠦᠷᠢᠯᠡᠬᠦ ᠵᠢᠯᠣᠭᠤᠳᠤᠮᠵᠢ᠂ ᠬᠡᠷᠡᠭ ᠢ | ᠳᠡᠩᠨᠡᠨ ᠰᠢᠢᠳᠪᠦᠷᠢᠯᠡᠬᠦ ᠶᠠᠪᠤᠴᠠ ᠶᠢ ᠲᠤᠰᠬᠠᠶᠢᠯᠠᠨ ᠲᠣᠭᠲᠠᠭᠠᠵᠤ᠂ ᠶᠡᠭᠡ ᠴᠢᠬᠤᠯᠠ ᠬᠡᠷᠡᠭ ᠢ ᠳᠡᠩᠨᠡᠨ ᠰᠢᠢᠳᠪᠦᠷᠢᠯᠡᠭᠰᠡᠨ ᠲᠤᠷᠰᠢᠯᠭ᠎ᠠ ᠪᠠᠨ ᠲᠣᠭᠲᠠᠮᠠᠯ | ᠬᠤᠭᠤᠴᠠᠭ᠎ᠠ ᠲᠠᠢ ᠪᠠᠷ ᠰᠣᠯᠢᠯᠴᠠᠬᠤ ᠶᠢᠨ ᠬᠠᠮᠲᠤ ᠬᠡᠷᠡᠭ ᠢ ᠳᠡᠩᠨᠡᠨ ᠰᠢᠢᠳᠪᠦᠷᠢᠯᠡᠬᠦ ᠪᠣᠯᠪᠠᠰᠤᠷᠠᠯ ᠤᠨ ᠠᠩᠭᠢ ᠡᠷᠭᠢᠯᠡᠬᠦ᠂ ᠳᠣᠲᠣᠭᠠᠳᠤ ᠶᠢ ᠬᠠᠮᠠᠭᠠᠯᠠᠬᠤ | ᠪᠠᠶᠢᠴᠠᠭᠠᠬᠤ ᠰᠢᠭᠦᠬᠦ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠬᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠰᠣᠯᠢᠯᠴᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠷᠡᠭ ᠢ ᠳᠡᠩᠨᠡᠨ ᠰᠢᠢᠳᠪᠦᠷᠢᠯᠡᠬᠦ ᠶᠠᠪᠤᠴᠠ᠂ ᠬᠠᠶᠢᠨ ᠰᠢᠯᠭᠠᠵᠤ ᠬᠢᠨᠠᠨ ᠲᠣᠭᠲᠠᠭᠠᠬᠤ ᠵᠢᠷᠤᠮ᠂ ᠬᠠᠤᠯᠢ ᠴᠠᠭᠠᠵᠠ | ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠬᠦ ᠵᠡᠷᠭᠡ ᠲᠠᠯ᠎ᠠ ᠶᠢᠨ ᠲᠤᠷᠰᠢᠯᠭ᠎ᠠ ᠬᠢᠳᠡᠯ ᠢ ᠰᠤᠷᠤᠯᠴᠠᠵᠤ᠂ ᠲᠡᠶᠢᠨ ᠳᠤ ᠣᠷᠣᠯᠴᠠᠭᠰᠠᠨ ᠠᠷᠠᠳ ᠤᠨ | ᠴᠠᠭᠳᠠᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢᠨ ᠳᠤᠲᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦᠯᠢ ᠴᠣᠭᠴᠠ ᠶᠢᠨ ᠴᠣᠬᠢᠯᠲᠠ ᠥᠭᠴᠦ ᠴᠡᠭᠴᠡᠯᠡᠨ | ᠵᠠᠰᠠᠬᠤ ᠴᠢᠳᠠᠪᠤᠷᠢ ᠶᠢ ᠳᠡᠭᠡᠭᠰᠢᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠣᠶ ᠪᠥᠬᠦᠶ | ᠲᠡᠶᠢᠨ ᠳᠤ ᠣᠷᠣᠯᠴᠠᠭᠰᠠᠨ ᠠᠷᠠᠳ ᠤᠨ ᠴᠠᠭᠳᠠᠭ᠎ᠠ ᠶᠢ ᠤᠨᠳᠤᠤ ᠭᠠᠵᠠᠷ ᠲᠤ ᠬᠡᠷᠡᠭ ᠰᠢᠢᠳᠪᠦᠷᠢᠯᠡᠬᠦ ᠳᠤ ᠬᠠᠮᠵᠢᠯᠴᠠᠬᠤ ︽ᠵᠢᠷᠭᠤᠭ᠎ᠠ ᠶᠢ ᠴᠢᠩᠭ᠎ᠠ ᠴᠠᠭᠠᠵᠠᠯᠠᠬᠤ︾᠂ | ᠬᠠᠤᠯᠢ ᠴᠠᠭᠠᠵᠠ ᠶᠢᠨ ︽ᠭᠤᠷᠪᠠᠨ ᠲᠣᠭᠲᠠᠭᠠᠯ︾ ᠳᠤ ᠭᠠᠷ ᠲᠦᠷᠦᠭᠦ ᠶᠢ ᠰᠡᠷᠭᠡᠶᠢᠯᠡᠬᠦ ᠵᠡᠷᠭᠡ ᠬᠠᠲᠠᠭᠤ ᠲᠦᠷᠢᠮ ᠢ ᠴᠢᠩᠭ᠎ᠠ ᠬᠡᠷᠡᠭᠵᠢᠭᠦᠯᠵᠦ᠂ ᠰᠠᠷ᠎ᠠ ᠪᠦᠷᠢ | ᠰᠡᠷᠡᠮᠵᠢᠯᠡᠭᠦᠯᠬᠦ ᠬᠥᠮᠦᠵᠢᠯ ᠤᠨ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠣᠪᠣᠷ ᠰᠤᠷᠲᠠᠯ ᠤᠨ ᠬᠠᠷᠢᠭᠤᠴᠠᠯᠭ᠎ᠠ ᠶᠢᠨ ᠪᠢᠴᠢᠭ ᠪᠠ | ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠢᠯᠵᠠᠷᠠᠯ ᠢ ᠡᠰᠡᠷᠭᠦᠴᠡᠵᠦ ᠬᠤᠪᠢᠷᠠᠭᠤᠯᠤᠯᠲᠠ ᠶᠢ ᠰᠡᠷᠭᠡᠶᠢᠯᠡᠬᠦ ᠪᠠ ᠲᠥᠪ ᠭᠤᠤᠯᠴᠢ ᠪᠠᠷ ᠬᠠᠤᠯᠢ | ᠬᠡᠷᠡᠭᠵᠢᠭᠦᠯᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠴᠠᠭ ᠢᠮᠠᠭᠲᠠ ᠪᠠᠬᠢᠵᠢᠭᠦᠯᠬᠦ ᠬᠡᠷᠡᠭᠲᠡᠶ ᠭᠡᠵᠦ ᠡᠷᠡᠰ ᠱᠠᠭᠠᠷᠳᠠᠪᠠ᠃ ᠡᠭᠦᠨ ᠤ ᠬᠠᠮᠲᠤ ᠲᠠᠶᠢᠨ ᠤ | ᠦᠶ᠎ᠡ ᠶᠢᠨ ᠬᠥᠬᠢᠭᠦᠯᠦᠨ ᠰᠠᠶᠢᠰᠢᠶᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠳᠤᠮᠳᠠ ᠲᠤᠪᠤᠶᠢᠮ᠎ᠠ ᠢᠯᠡᠷᠡᠯ ᠲᠠᠢ ᠲᠡᠷᠢᠭᠦᠨ ᠤ ᠬᠠᠮᠲᠤ ᠪᠠ ᠬᠤᠪᠢ | ᠬᠥᠮᠦᠨ ᠢ ᠬᠥᠬᠢᠭᠦᠯᠦᠨ ᠱᠠᠩᠨᠠᠵᠤ᠂ ᠡᠩᠨᠡᠭᠡᠨ ᠤ ᠣᠮᠤᠭ ᠵᠣᠷᠢᠭ ᠢ ᠪᠦᠲᠦᠮᠵᠢᠲᠡᠢ ᠬᠥᠭᠵᠢᠭᠡᠪᠡ᠃ | |