ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠤᠯᠢ ᠪᠤᠰᠤ ᠫᠤᠤ ᠵᠡᠪᠰᠡᠭ ᠳᠡᠯᠪᠡᠷᠡᠬᠦ ᠵᠡᠷᠭᠡ ᠡᠳ᠋ ᠪᠣᠳᠠᠰ ᠢ ᠬᠠᠤᠯᠢ ᠶᠣᠰᠣᠭᠠᠷ ᠬᠤᠷᠢᠶᠠᠨ ᠠᠪᠴᠤ ᠫᠤᠤ ᠵᠡᠪᠰᠡᠭ ᠳᠡᠯᠪᠡᠷᠡᠬᠦ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2021/6/16
         ᠬᠠᠤᠯᠢ ᠪᠤᠰᠤ ᠫᠤᠤ ᠵᠡᠪᠰᠡᠭ ᠳᠡᠯᠪᠡᠷᠡᠬᠦ ᠵᠡᠷᠭᠡ ᠡᠳ᠋ ᠪᠣᠳᠠᠰ ᠢ ᠬᠠᠤᠯᠢ ᠶᠣᠰᠣᠭᠠᠷ          ᠬᠤᠷᠢᠶᠠᠨ ᠠᠪᠴᠤ ᠫᠤᠤ ᠵᠡᠪᠰᠡᠭ ᠳᠡᠯᠪᠡᠷᠡᠬᠦ ᠡᠳ᠋ ᠲᠤ ᠬᠤᠯᠪᠣᠭᠳᠠᠭᠰᠠᠨ ᠬᠠᠤᠯᠢ ᠠᠴᠠ          ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠵᠠᠷᠯᠠᠯ        ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠪᠦᠬᠦ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠵᠤ᠂ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠣᠯᠠᠨ ᠠᠷᠠᠳ ᠲᠦᠮᠡᠨ ᠢ ᠳᠠᠶᠢᠴᠢᠯᠠᠨ ᠫᠤᠤ ᠵᠡᠪᠰᠡᠭ ᠳᠡᠯᠪᠡᠷᠡᠬᠦ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠳᠤ ᠢᠳᠡᠪᠬᠢᠲᠡᠶ  ᠣᠷᠤᠯᠴᠠᠭᠤᠯᠵᠤ᠂ ᠲᠠᠷᠠᠬᠠᠶ ᠪᠤᠲᠠᠷᠬᠠᠶ ᠨᠡᠶᠢᠭᠡᠮ ᠤᠨ ᠡᠯ᠎ᠡ ᠲᠥᠷᠥᠯ ᠤᠨ ᠬᠠᠤᠯᠢ ᠪᠤᠰᠤ ᠫᠤᠤ ᠵᠡᠪᠰᠡᠭ ᠢ ᠪᠥᠬᠦ ᠲᠠᠯ᠎ᠠ ᠪᠠᠷ ᠬᠤᠷᠢᠶᠠᠨ ᠠᠪᠴᠤ᠂ ᠰᠤᠮᠤ ᠲᠡᠷᠢ᠂ ᠳᠡᠯᠪᠡᠷᠡᠬᠦ ᠡᠳ᠋᠂ ᠳᠠᠭᠤᠷᠢᠶᠠᠮᠠᠯ ᠫᠤᠤ᠂ ᠬᠤᠯᠬᠤᠪᠴᠢ ᠨᠤᠮᠤ ᠵᠡᠷᠭᠡ ᠡᠳ᠋ ᠪᠣᠳᠠᠰ᠂ ᠫᠤᠤ ᠵᠡᠪᠰᠡᠭ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ  ᠥᠭᠴᠦ᠂ ᠰᠤᠮᠤ ᠲᠡᠷᠢ᠂ ᠳᠡᠯᠪᠡᠷᠡᠬᠦ ᠡᠳ᠋᠂ ᠳᠠᠭᠤᠷᠢᠶᠠᠮᠠᠯ ᠫᠤᠤ᠂ ᠬᠤᠯᠬᠤᠪᠴᠢ ᠨᠤᠮᠤ ᠶᠢᠨ ᠬᠠᠮᠢᠶᠠᠷᠤᠯᠲᠠ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠫᠤᠤ ᠵᠡᠪᠰᠡᠭ ᠤᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠤᠨ ᠬᠠᠤᠯᠢ︾ ᠪᠠ ︽ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂  ᠣᠨᠴᠠᠭᠠᠶᠢᠯᠠᠨ ᠵᠠᠷᠯᠠᠬᠤ ᠨᠢ᠄     ᠨᠢᠭᠡ᠂ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠬᠤᠯᠬᠤᠪᠴᠢ ᠨᠤᠮᠤ ᠶᠢ ᠬᠠᠤᠯᠢ ᠪᠤᠰᠤ ᠪᠠᠷ ᠦᠢᠯᠡᠳᠬᠦ᠂ ᠬᠤᠳᠠᠯᠳᠤᠭᠠᠯᠠᠬᠤ᠂ ᠲᠡᠭᠡᠭᠡᠪᠦᠷᠢᠯᠡᠬᠦ᠂ ᠰᠢᠦᠳᠠᠨ ᠢᠶᠠᠷ ᠢᠯᠡᠭᠡᠬᠦ᠂ ᠬᠠᠳᠠᠭᠠᠯᠠᠬᠤ ᠶᠢ ᠴᠢᠩᠭ᠎ᠠ ᠴᠠᠭᠠᠵᠠᠯᠠᠨ᠎ᠠ︔ ᠫᠤᠤ ᠵᠡᠪᠰᠡᠭ᠂ ᠰᠤᠮᠤ ᠳᠠᠷᠢ ᠶᠢ ᠬᠠᠤᠯᠢ ᠪᠤᠰᠤ ᠪᠠᠷ ᠡᠵᠡᠮᠰᠢᠬᠦ᠂ ᠬᠤᠪᠢ ᠪᠠᠷ ᠢᠶᠠᠨ ᠬᠠᠳᠠᠭᠠᠯᠠᠬᠤ ᠶᠢ ᠴᠢᠩᠭ᠎ᠠ ᠴᠠᠭᠠᠵᠠᠯᠠᠨ᠎ᠠ︔ ᠳᠡᠯᠪᠡᠷᠡᠬᠦ ᠡᠳ᠋ ᠢ ᠬᠠᠤᠯᠢ ᠪᠤᠰᠤ ᠪᠠᠷ ᠬᠡᠷᠡᠭᠯᠡᠬᠦ᠂ ᠬᠤᠪᠢ ᠪᠠᠷ ᠢᠶᠠᠨ ᠬᠠᠳᠠᠭᠠᠯᠠᠬᠤ ᠶᠢ ᠴᠢᠩᠭ᠎ᠠ ᠴᠠᠭᠠᠵᠠᠯᠠᠨ᠎ᠠ︔ ᠫᠤᠤ ᠵᠡᠪᠰᠡᠭ᠂ ᠰᠤᠮᠤ ᠲᠡᠷᠢ᠂ ᠳᠡᠯᠪᠡᠷᠡᠬᠦ ᠡᠳ᠋᠂ ᠬᠤᠯᠬᠤᠪᠴᠢ ᠨᠤᠮᠤ ᠶᠢ ᠬᠤᠯᠠᠭᠠᠶᠢᠯᠠᠬᠤ᠂ ᠪᠤᠯᠢᠶᠠᠬᠤ᠂ ᠨᠢᠭᠤᠴᠠ ᠪᠠᠷ ᠠᠷᠠᠯᠵᠢᠶᠠᠯᠠᠬᠤ ᠶᠢ ᠴᠢᠩᠭ᠎ᠠ ᠴᠠᠭᠠᠵᠠᠯᠠᠨ᠎ᠠ︔ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠬᠤᠯᠬᠤᠪᠴᠢ ᠨᠤᠮᠤ ᠶᠢ ᠬᠠᠤᠯᠢ ᠪᠤᠰᠤ ᠪᠠᠷ ᠪᠡᠶ᠎ᠡ ᠳᠤ ᠪᠠᠨ ᠠᠪᠴᠤ ᠤᠯᠠᠨ ᠨᠡᠶᠢᠲᠡ ᠶᠢᠨ ᠲᠠᠯᠠᠪᠤᠷ ᠪᠤᠶᠤ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠰᠠᠭᠤᠬᠤ ᠶᠢ ᠴᠢᠩᠭ᠎ᠠ ᠴᠠᠭᠠᠵᠠᠯᠠᠨ᠎ᠠ︔ ᠢᠨᠲ᠋ᠧᠷ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠫᠤᠤ ᠵᠡᠪᠰᠡᠭ᠂ ᠰᠤᠮᠤ ᠳᠠᠷᠢ᠂ ᠳᠡᠯᠪᠡᠷᠡᠬᠦ ᠡᠳ᠋᠂ ᠬᠤᠯᠬᠤᠪᠴᠢ ᠨᠤᠮᠤ ᠠᠭᠤᠯᠤᠭᠰᠠᠨ ᠮᠡᠳᠡᠭᠡ ᠵᠠᠩᠭᠢ ᠶᠢ ᠬᠠᠤᠯᠢ ᠲᠣᠭᠲᠠᠭᠠᠯ ᠠᠴᠠ ᠵᠥᠷᠢᠴᠡᠨ ᠦᠢᠯᠡᠳᠬᠦ᠂ ᠪᠠᠭᠤᠯᠭᠠᠬᠤ᠂ ᠨᠡᠶᠢᠲᠡᠯᠡᠬᠦ᠂ ᠤᠯᠠᠮᠵᠢᠯᠠᠨ ᠲᠠᠷᠬᠠᠭᠠᠬᠤ ᠶᠢ ᠴᠢᠩᠭ᠎ᠠ ᠴᠠᠭᠠᠵᠠᠯᠠᠨ᠎ᠠ︔ ᠳᠠᠭᠤᠷᠢᠶᠠᠮᠠᠯ ᠫᠤᠤ  ᠦᠢᠯᠡᠳᠬᠦ᠂ ᠪᠣᠷᠣᠯᠠᠭᠤᠯᠬᠤ ᠶᠢ ᠴᠢᠩᠭ᠎ᠠ ᠴᠠᠭᠠᠵᠠᠯᠠᠨ᠎ᠠ᠃     ᠬᠤᠶᠠᠷ᠂ ᠳᠡᠭᠡᠷ᠎ᠡ ᠳᠤᠷᠠᠳᠤᠭᠰᠠᠨ ᠲᠣᠭᠲᠠᠭᠠᠯ ᠢ ᠵᠥᠷᠢᠴᠡᠭᠰᠡᠨ ᠪᠠᠶᠢᠪᠠᠯ᠂ ᠡᠷᠬᠡᠪᠰᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠠᠨ ᠲᠡᠷᠡ ᠳᠠᠷᠤᠢ ᠳᠤᠨᠢ ᠵᠣᠭᠰᠣᠭᠠᠬᠤ ᠶᠢᠨ ᠬᠠᠮᠲᠤ ᠬᠡᠷᠡᠭ ᠢᠶᠠᠨ ᠴᠠᠭᠠᠪᠤᠷᠯᠠᠨ ᠪᠡᠶ᠎ᠡ ᠪᠠᠨ ᠲᠤᠰᠢᠶᠠᠵᠤ᠂ ᠬᠠᠤᠯᠢ ᠪᠤᠰᠤ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠳᠠᠭᠤᠷᠢᠶᠠᠮᠠᠯ ᠫᠤᠤ᠂ ᠬᠤᠯᠬᠤᠪᠴᠢ ᠰᠤᠮᠤ ᠶᠢ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠤᠰᠢᠶᠠᠬᠤ ᠬᠡᠷᠡᠭᠲᠡᠢ᠃     ᠭᠤᠷᠪᠠ᠂ ᠲᠣᠰ ᠵᠠᠷᠯᠠᠯ ᠢ ᠨᠡᠶᠢᠳᠡᠯᠡᠭᠰᠡᠨ ᠡᠳᠦᠷ ᠠᠴᠠ ᠡᠬᠢᠯᠡᠨ 2021 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠪᠤᠯᠳᠠᠯ᠎ᠠ ᠬᠡᠷᠡᠭ ᠢᠶᠠᠨ ᠴᠠᠭᠠᠪᠤᠷᠢᠯᠠᠵᠤ ᠪᠡᠶ᠎ᠡ ᠪᠠᠨ ᠲᠣᠰᠢᠶᠠᠭᠰᠠᠨ ᠪᠤᠶᠤ ᠲᠡᠭᠡᠷ᠎ᠡ ᠲᠤᠷᠠᠳᠤᠭᠰᠠᠨ ᠬᠠᠤᠯᠢ ᠪᠤᠰᠤ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠳᠠᠭᠤᠷᠢᠶᠠᠮᠠᠯ ᠫᠤᠤ᠂ ᠬᠤᠯᠬᠤᠪᠴᠢ ᠰᠤᠮᠤ ᠶᠢ ᠰᠠᠨᠠᠭᠠᠴᠢᠯᠠᠭ᠎ᠠ ᠠᠴᠠ ᠲᠤᠰᠢᠶᠠᠭᠰᠠᠨ ᠪᠠᠶᠢᠪᠠᠯ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠬᠥᠩᠭᠡᠷᠡᠭᠦᠯᠦᠨ ᠰᠢᠳᠭᠡᠬᠦ ᠪᠤᠶᠤ ᠰᠢᠳᠭᠡᠯ ᠠᠴᠠ ᠬᠡᠯᠲᠦᠷᠢᠭᠦᠯᠦᠨ᠎ᠡ᠃ ᠬᠤᠭᠤᠴᠠᠭ᠎ᠠ ᠬᠡᠲᠦᠷᠡᠲᠡᠯ᠎ᠡ ᠬᠡᠷᠡᠭ ᠢᠶᠠᠨ ᠴᠠᠭᠠᠪᠤᠷᠯᠠᠵᠤ ᠪᠡᠶ᠎ᠡ ᠪᠠᠨ ᠲᠤᠰᠢᠶᠠᠭᠰᠠᠨ ᠦᠭᠡᠢ ᠪᠠ ᠬᠠᠤᠯᠢ ᠪᠤᠰᠤ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠳᠠᠭᠤᠷᠢᠶᠠᠮᠠᠯ ᠫᠤᠤ᠂ ᠬᠤᠯᠬᠤᠪᠴᠢ ᠰᠤᠮᠤ ᠶᠢ ᠲᠤᠰᠢᠶᠠᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠴᠢᠩᠭ᠎ᠠ ᠰᠢᠳᠬᠡᠨ᠎ᠡ᠃     ᠳᠦᠷᠪᠡ᠂ ᠶᠠᠯ᠎ᠠ ᠬᠢᠭᠰᠡᠳ ᠫᠤᠤ ᠵᠡᠪᠰᠡᠭ᠂ ᠳᠡᠯᠪᠡᠷᠡᠬᠦ ᠡᠳ᠋ ᠪᠣᠳᠠᠰ᠂ ᠬᠤᠯᠬᠤᠪᠴᠢ ᠨᠤᠮᠤ ᠳᠤ ᠬᠤᠯᠪᠣᠭᠳᠠᠭᠰᠠᠨ ᠵᠡᠷᠭᠡ ᠬᠠᠤᠯᠢ ᠶᠢ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠶᠢ ᠢᠯᠡᠴᠢᠯᠡᠭᠰᠡᠨ᠂ ᠢᠯᠡᠴᠢᠯᠡᠭᠰᠡᠨ ᠪᠥᠭᠡᠳ ᠦᠨᠡᠨ ᠮᠠᠭᠠᠳ ᠪᠣᠯᠬᠤ ᠶᠢ ᠨᠢ ᠪᠠᠶᠢᠴᠠᠭᠠᠨ ᠲᠤᠳᠤᠯᠠᠭᠰᠠᠨ᠂ ᠡᠰᠡᠬᠦᠯ᠎ᠡ ᠴᠢᠬᠤᠯᠠ ᠰᠦᠪᠡᠭᠴᠢ ᠬᠠᠩᠭᠠᠭᠰᠠᠨ ᠠᠴᠠ ᠪᠤᠯᠵᠤ ᠫᠤᠤ ᠵᠡᠪᠰᠡᠭ᠂ ᠳᠡᠯᠪᠡᠷᠡᠯᠲᠡ᠂ ᠬᠤᠯᠬᠤᠪᠴᠢ ᠨᠤᠮᠤ ᠳᠤ ᠬᠤᠯᠪᠣᠭᠳᠠᠭᠰᠠᠨ ᠵᠡᠷᠭᠡ ᠪᠤᠰᠤᠳ ᠬᠡᠷᠡᠭ ᠢ ᠲᠠᠩᠨᠠᠨ ᠢᠯᠡᠷᠡᠭᠦᠯᠦᠭᠰᠡᠨ ᠭᠠᠪᠢᠶ᠎ᠠ ᠪᠠᠶᠢᠭᠤᠯᠤᠭᠰᠠᠨ ᠢᠯᠡᠷᠡᠯ ᠲᠠᠢ ᠪᠠᠶᠢᠪᠠᠯ᠂ ᠬᠠᠤᠯᠢ ᠶᠣᠰᠣᠭᠠᠷ ᠬᠦᠡᠭᠭᠡᠨ ᠰᠢᠳᠬᠡᠬᠦ ᠪᠤᠶᠤ ᠬᠥᠩᠭᠡᠷᠡᠭᠦᠯᠦᠨ ᠰᠢᠳᠬᠡᠵᠦ ᠪᠣᠯᠤᠨ᠎ᠠ︔ ᠴᠢᠬᠤᠯᠠ ᠶᠡᠭᠡ ᠭᠠᠪᠢᠶ᠎ᠠ ᠪᠠᠶᠢᠭᠤᠯᠤᠭᠰᠠᠨ ᠢᠯᠡᠷᠡᠯ ᠲᠠᠢ ᠪᠠᠶᠢᠪᠠᠯ᠂ ᠬᠠᠤᠯᠢ ᠶᠣᠰᠣᠭᠠᠷ ᠬᠥᠩᠭᠡᠷᠡᠭᠦᠯᠦᠨ ᠰᠢᠳᠬᠡᠬᠦ ᠪᠤᠶᠤ ᠰᠢᠳᠬᠡᠯ ᠠᠴᠠ ᠭᠡᠯᠳᠦᠷᠢᠬᠦᠯᠵᠦ ᠪᠣᠯᠤᠨ᠎ᠠ᠃ ᠬᠠᠤᠯᠢ ᠶᠢ ᠵᠥᠷᠢᠴᠡᠭᠰᠡᠨ ᠠᠵᠢᠯᠳᠠᠨ ᠪᠤᠰᠤᠳ ᠤᠨ ᠫᠤᠤ ᠵᠡᠪᠰᠡᠭ ᠳᠡᠯᠪᠡᠷᠡᠯᠲᠡ ᠳᠤ ᠬᠤᠯᠪᠣᠭᠳᠠᠭᠰᠠᠨ ᠬᠤᠯᠬᠤᠪᠴᠢ ᠨᠤᠮᠤ ᠳᠤ ᠬᠤᠯᠪᠣᠭᠳᠠᠭᠰᠠᠨ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂ ᠢᠯᠡᠴᠢᠯᠡᠭᠡᠳ ᠭᠠᠪᠢᠶ᠎ᠠ ᠪᠠᠶᠢᠭᠤᠯᠤᠭᠰᠠᠨ ᠢᠯᠡᠷᠡᠯ ᠲᠠᠢ ᠪᠠᠶᠢᠪᠠᠯ᠂ ᠬᠠᠤᠯᠢ ᠶᠣᠰᠣᠭᠠᠷ ᠬᠥᠩᠭᠡᠷᠡᠭᠦᠯᠦᠨ ᠰᠢᠳᠬᠡᠬᠦ ᠪᠤᠶᠤ ᠰᠢᠳᠬᠡᠬᠦ ᠦᠭᠡᠢ᠃     ᠲᠠᠪᠤ᠂ ᠫᠤᠤ ᠵᠡᠪᠰᠡᠭ᠂ ᠰᠤᠮᠤ ᠲᠠᠷᠢ᠂ ᠳᠡᠯᠪᠡᠷᠡᠬᠦ ᠡᠳ᠋ ᠪᠣᠳᠠᠰ᠂ ᠬᠤᠯᠬᠤᠪᠴᠢ ᠨᠤᠮᠤ ᠪᠤᠯᠢᠶᠠᠭᠳᠠᠭᠰᠠᠨ᠂ ᠬᠤᠯᠠᠭᠠᠶᠢᠯᠠᠭᠳᠠᠭᠰᠠᠨ ᠪᠤᠶᠤ ᠭᠡᠭᠡᠭᠳᠡᠭᠰᠡᠨ ᠪᠠᠶᠢᠪᠠᠯ ᠂ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠴᠠᠭ ᠲᠤᠬᠠᠶ ᠳᠤᠨᠢ ᠮᠡᠳᠡᠭᠦᠯᠦᠭᠰᠡᠨ ᠦᠭᠡᠶ ᠪᠣᠯ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠨᠢᠭᠡᠴᠢ ᠪᠣᠯᠤᠨ ᠠᠵᠢᠯᠲᠠᠨ ᠠᠴᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ︔ ᠠᠷᠠᠳ ᠢᠷᠭᠡᠨ ᠭᠤᠯᠣᠵᠤ ᠤᠷᠬᠢᠬᠰᠡᠠ ᠫᠤᠤ ᠵᠡᠪᠰᠡᠭ᠂ ᠰᠤᠮᠤ ᠲᠡᠷᠢ᠂ ᠳᠠᠭᠤᠷᠢᠶᠠᠮᠠᠯ ᠫᠤᠤ᠂ ᠬᠤᠯᠬᠤᠪᠴᠢ ᠨᠤᠮᠦ᠂ ᠳᠡᠯᠪᠡᠷᠡᠬᠦ ᠡᠳ᠋ ᠪᠣᠳᠠᠰ ᠪᠤᠶᠤ ᠰᠡᠵᠢᠭᠯᠡᠯᠲᠡᠢ ᠳᠡᠯᠪᠡᠷᠡᠬᠦ ᠡᠳ᠋ ᠪᠣᠳᠠᠰ ᠤᠨ  ᠪᠠᠶᠢᠬᠤ ᠶᠢ ᠣᠯᠵᠤ ᠮᠡᠳᠡᠪᠡᠯ᠂ ᠲᠡᠷᠡ ᠳᠠᠷᠤᠢ ᠳᠤᠨᠢ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ᠃     ᠵᠢᠷᠭᠤᠭ᠎ᠠ᠂ ᠫᠤᠤ ᠵᠡᠪᠰᠡᠭ᠂ ᠰᠤᠮᠤ ᠲᠠᠷᠢ᠂ ᠬᠤᠯᠬᠤᠪᠴᠢ ᠨᠤᠮᠤ ᠳᠤ ᠬᠤᠯᠪᠣᠭᠳᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠬᠠᠤᠯᠢ  ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢᠨ ᠰᠦᠪᠡᠭᠴᠢ ᠶᠢ ᠦᠷᠭᠡᠨ ᠣᠯᠠᠨ ᠢᠳᠡᠪᠬᠢᠳᠡᠢ ᠪᠠᠷ ᠬᠠᠩᠭᠠᠭᠰᠠᠨ ᠪᠠᠶᠢᠪᠠᠯ ᠵᠣᠷᠢᠭᠵᠢᠭᠤᠯᠬᠤ ᠪᠣᠶᠣ ᠬᠠᠮᠠᠭᠠᠯᠠᠵᠤ᠂ ᠫᠤᠤ ᠵᠡᠪᠰᠡᠭ᠂ ᠳᠡᠯᠪᠡᠷᠡᠬᠦ ᠡᠳ᠋ ᠪᠣᠳᠠᠰ᠂ ᠬᠤᠯᠬᠤᠪᠴᠢ ᠨᠤᠮᠤ ᠳᠤ ᠬᠤᠯᠪᠣᠭᠳᠠᠭᠰᠠᠨ ᠣᠷᠭᠤᠳᠠᠭᠤᠯ ᠶᠠᠯᠠᠳᠤ ᠡᠳᠡᠭᠡᠳ ᠢ ᠬᠡᠷᠡᠭ ᠢᠶᠠᠨ ᠴᠠᠭᠠᠪᠤᠷᠢᠯᠠᠵᠤ ᠪᠡᠶ᠎ᠡ ᠪᠠᠨ ᠲᠤᠰᠢᠶᠠᠬᠤ ᠶᠢ ᠲᠠᠶᠢᠴᠢᠯᠠᠨ ᠢᠳᠬᠠᠨ᠎ᠠ᠃ ᠢᠯᠡᠴᠢᠯᠡᠭᠰᠡᠨ ᠢᠯᠡᠴᠢᠯᠡᠨ ᠮᠡᠳᠡᠭᠦᠯᠦᠭᠰᠡᠨ ᠭᠠᠪᠢᠶ᠎ᠠ ᠲᠠᠢ ᠪᠦᠬᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠱᠠᠩᠨᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠢᠯᠡᠴᠢᠯᠡᠨ ᠮᠡᠳᠡᠭᠦᠯᠦᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠬᠢᠭᠡᠳ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠎ᠠ᠃  ᠫᠤᠤ ᠵᠡᠪᠰᠡᠭ᠂ ᠳᠡᠯᠪᠡᠷᠡᠬᠦ ᠡᠳ᠋ ᠪᠣᠳᠠᠰ᠂ ᠬᠤᠯᠬᠤᠪᠴᠢ ᠨᠤᠮᠤ ᠳᠤ ᠬᠤᠯᠪᠣᠭᠳᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠨᠢᠭᠤᠨ ᠳᠠᠯᠳᠠᠯᠠᠵᠤ᠂ ᠥᠮᠥᠭᠯᠡᠵᠦ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠬᠠᠪᠰᠤᠷᠴᠤ ᠪᠠᠶᠢᠭᠠᠳ ᠭᠡᠷᠡᠴᠢ ᠪᠠᠷᠢᠮᠲᠠ ᠶᠢ ᠤᠰᠠᠳᠬᠠᠭᠰᠠᠨ᠂ ᠬᠠᠭᠤᠷᠮᠠᠭᠯᠠᠨ ᠵᠣᠬᠢᠶᠠᠭᠰᠠᠨ ᠪᠠᠶᠢᠪᠠᠯ᠂ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠢᠯᠡᠴᠢᠯᠡᠨ ᠮᠡᠳᠡᠭᠦᠯᠦᠭᠴᠢ᠂ ᠵᠠᠭᠠᠯᠳᠤᠭᠴᠢ ᠶᠢ ᠰᠦᠷᠳᠡᠭᠦᠯᠵᠦ᠂ ᠬᠠᠷᠢᠭᠤ ᠠᠪᠤᠭᠰᠠᠨ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃     ᠳᠣᠯᠤᠭ᠎ᠠ᠂ ᠫᠤᠤ ᠵᠡᠪᠰᠡᠭ᠂ ᠰᠤᠮᠤ ᠳᠠᠷᠢ᠂ ᠳᠡᠯᠪᠡᠷᠡᠬᠦ ᠡᠳ᠋ ᠪᠣᠳᠠᠰ᠂ ᠳᠠᠭᠤᠷᠢᠶᠠᠮᠠᠯ ᠫᠤᠤ᠂ ᠬᠤᠯᠬᠤᠪᠴᠢ ᠨᠤᠮᠤ ᠵᠡᠷᠭᠡ ᠶᠢ ᠬᠡᠷᠡᠭᠯᠡᠨ ᠬᠠᠤᠯᠢ ᠪᠤᠰᠤ ᠵᠤᠭ᠎ᠠ ᠴᠡᠩᠭᠡᠯ ᠤᠨ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ ᠲᠣᠭᠯᠠᠭᠠᠮ ᠤᠨ ᠪᠠᠭᠠᠵᠢ ᠦᠢᠯᠡᠳᠬᠦ ᠠᠵᠤ ᠠᠬᠤᠶᠢᠯᠠᠯ ᠭᠠᠳᠠᠷ ᠬᠡᠯᠪᠡᠷᠢ᠂ ᠦᠡᠭᠭᠡ ᠨᠢ ᠬᠡᠪᠰᠢᠭᠰᠡᠨ ᠫᠤᠤ ᠲᠠᠢ ᠠᠳᠠᠯᠢ ᠪᠤᠶᠤ ᠠᠳᠠᠯᠢᠪᠲᠤᠷ᠂ ᠡᠰᠡᠬᠦᠯ᠎ᠡ ᠫᠤᠤ ᠶᠢᠨ ᠠᠮᠠ ᠶᠢ ᠬᠥᠳᠡᠯᠭᠡᠭᠡᠨ ᠤ ᠡᠨᠧᠷᠭᠢ ᠠᠴᠠ 0.16 ᠵᠦᠯ / ᠲᠡᠭᠰᠢ ᠳᠥᠷᠪᠡᠯᠵᠢᠨ ᠰᠠᠨᠲ᠋ᠢᠮᠧᠲᠷ ᠶᠡᠭᠡ ᠲᠣᠭᠯᠠᠭᠠᠮ ᠤᠨ ᠫᠤᠤ ᠶᠢ ᠦᠢᠯᠡᠳᠪᠦᠷᠢᠯᠡᠵᠦ᠂ ᠪᠣᠷᠣᠯᠠᠭᠤᠯᠵᠤ ᠪᠣᠯᠬᠤ ᠦᠭᠡᠢ᠃ ᠥᠷᠭᠡᠨ ᠣᠯᠠᠨ ᠠᠷᠠᠳ ᠲᠦᠮᠡᠨ ᠲᠣᠭᠯᠠᠭᠠᠮ ᠤᠨ ᠫᠤᠤ ᠬᠤᠳᠠᠯᠳᠤᠨ ᠠᠪᠬᠤ ᠳᠤ ᠪᠠᠨ ᠵᠢᠩᠬᠢᠨᠢ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠦᠢᠯᠡᠳᠬᠦᠨ ᠢ ᠰᠣᠩᠭᠤᠬᠤ ᠬᠡᠷᠡᠭᠲᠡᠢ᠂ ᠦᠢᠯᠡᠳᠪᠦᠷᠢᠯᠡᠬᠦ ᠦᠢᠯᠡᠳᠪᠦᠷᠢ ᠥᠭᠡᠢ᠂ ᠵᠥᠪᠰᠢᠶᠡᠷᠡᠯ ᠤᠨ ᠦᠨᠡᠮᠯᠡᠯ ᠥᠭᠡᠢ᠂ ᠦᠢᠯᠡᠳᠬᠦᠨ ᠤ ᠲᠡᠮᠳᠡᠭ ᠥᠭᠡᠢ᠂ ᠢᠷᠡᠯᠳᠡ ᠨᠢ ᠲᠣᠳᠣᠷᠬᠠᠢ ᠥᠭᠡᠢ ᠲᠣᠭᠯᠠᠭᠠᠮ ᠤᠨ ᠫᠤᠤ ᠬᠤᠳᠠᠯᠳᠤᠨ ᠠᠪᠴᠤ ᠪᠣᠯᠬᠤ ᠥᠭᠡᠢ᠂ ᠳᠠᠭᠤᠷᠢᠶᠠᠮᠠᠯ ᠫᠤᠤ᠂ ᠴᠦᠢᠳᠡᠩ ᠤᠨ ᠫᠤᠤ᠂ ᠤᠰᠤᠨ ᠰᠤᠮᠤᠨ ᠫᠤᠤ ᠪᠣᠯᠤᠨ ᠳᠠᠭᠤᠷᠢᠶᠠᠮᠠᠯ ᠭᠠᠷ ᠮᠢᠨ᠎ᠠ᠂ ᠳᠡᠯᠪᠡᠴᠢᠬᠦ ᠪᠥᠮᠪᠦᠭᠡ ᠵᠡᠷᠭᠡ ᠬᠢᠯᠪᠠᠷᠬᠠᠨ ᠬᠥᠨᠥᠭᠡᠯ ᠤᠴᠠᠷᠠᠭᠤᠯᠬᠤ ᠪᠤᠳᠠᠰ ᠢ ᠬᠤᠳᠠᠯᠳᠤᠨ ᠠᠪᠴᠤ ᠪᠣᠯᠬᠤ ᠥᠭᠡᠢ᠃    ᠨᠠᠢᠮᠠ᠂ ᠲᠤᠰ ᠵᠠᠷᠯᠠᠯ ᠳᠤ ᠬᠡᠯᠡᠵᠦ ᠪᠠᠶᠢᠭ᠎ᠠ ᠫᠤᠤ ᠭᠡᠳᠡᠭ ᠲᠤ ᠴᠡᠷᠢᠭ ᠤᠨ ᠬᠡᠷᠡᠭᠯᠡᠭᠡᠨ ᠤ ᠫᠤᠤ᠂ ᠠᠪᠠ ᠶᠢᠨ ᠫᠤᠤ᠂ ᠫᠤᠤᠳᠠᠯᠭ᠎ᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠫᠤᠤ᠂ ᠮᠢᠨᠴᠦᠭᠦᠷᠡᠭᠦᠯᠬᠦ ᠲᠠᠷᠢᠯᠭ᠎ᠠ ᠶᠢᠨ ᠫᠤᠤ᠂ ᠬᠡᠶᠢᠲᠦ ᠫᠤᠤ᠂ ᠥᠩᠭᠡᠲᠦ ᠰᠤᠮᠤᠨ ᠫᠤᠤ᠂ ᠲᠡᠷᠢ ᠶᠢᠨ ᠫᠤᠤ ᠵᠡᠷᠭᠡ ᠡᠯ᠎ᠡ ᠲᠦᠷᠦᠯ ᠤᠨ ᠳᠦᠷᠢᠮᠲᠦ ᠫᠤᠤ᠂ ᠳᠦᠷᠢᠮᠲᠦ ᠪᠤᠰᠤ ᠫᠤᠤ ᠵᠢᠴᠢ ᠫᠤᠤ ᠶᠢᠨ ᠲᠠᠩ ᠲᠤᠨᠤᠭ ᠢ ᠪᠠᠭᠲᠠᠭᠠᠨ᠎ᠠ︔ ᠰᠤᠮᠤ ᠳᠠᠷᠢ ᠳᠤ᠄ ᠳᠡᠭᠡᠷᠡᠬᠢ ᠡᠯ᠎ᠡ ᠲᠥᠷᠥᠯ ᠤᠨ ᠫᠤᠤ ᠵᠡᠪᠰᠡᠭ ᠬᠡᠷᠡᠭᠯᠡᠬᠦ ᠳᠦᠷᠢᠮᠲᠦ᠂ ᠳᠦᠷᠢᠮᠲᠦ ᠪᠤᠰᠤ ᠰᠤᠮᠤ ᠪᠠᠭᠲᠠᠨ᠎ᠠ︔ ᠬᠤᠯᠬᠤᠪᠴᠢ ᠨᠤᠮᠤ ᠭᠡᠳᠡᠭ ᠨᠢ ᠮᠧᠬᠠᠨᠢᠭ ᠭᠠᠳᠠᠭᠠᠳᠤ ᠬᠦᠴᠦ ᠪᠠᠷ ᠰᠤᠮᠤ ᠬᠠᠷᠪᠤᠬᠤ ᠲᠣᠨᠣᠭᠯᠠᠯ ᠢ ᠵᠢᠭᠠᠵᠤ ᠪᠠᠶᠢᠨ᠎ᠠ᠃ ᠳᠡᠯᠪᠡᠷᠡᠬᠦ ᠡᠳ᠋ ᠪᠣᠳᠠᠰ ᠲᠤ᠄ ᠲᠠᠷᠢ᠂ ᠲᠡᠰᠦᠷᠡᠭᠦᠯᠦᠭᠴᠢ᠂ ᠪᠢᠯᠳᠠ᠂ ᠲᠡᠰᠦᠷᠡᠮᠡᠬᠡᠢ ᠰᠢᠵᠢᠮ᠂ ᠳᠤᠷᠬᠢᠯᠳᠠ ᠡᠭᠦᠰᠭᠡᠭᠴᠢ ᠰᠤᠮᠤ᠂ ᠬᠠᠷ᠎ᠠ ᠲᠡᠷᠢ᠂ ᠬᠤᠸᠠᠷ ᠫᠤᠤᠵᠢᠩ ᠤᠨ ᠳᠠᠷᠢ᠂ ᠭᠠᠷᠨᠠᠲᠠ᠂ ᠮᠢᠨ᠎ᠠ ᠵᠡᠷᠭᠡ ᠡᠯ᠎ᠡ ᠲᠦᠷᠦᠯ ᠤᠨ ᠳᠡᠯᠪᠡᠷᠡᠬᠦ ᠡᠳ᠋ ᠪᠣᠳᠠᠰ ᠵᠢᠴᠢ ᠳᠡᠯᠪᠡᠷᠡᠮᠡᠲᠡᠭᠡᠢ ᠠᠶᠤᠯᠲᠠᠢ ᠬᠢᠮᠢ ᠶᠢᠨ ᠪᠣᠳᠠᠰ ᠤᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠳᠡᠯᠪᠡᠷᠡᠬᠦ ᠡᠳ᠋ ᠪᠣᠳᠠᠰ ᠢ ᠦᠢᠯᠡᠳᠬᠦ ᠳᠤ ᠬᠡᠷᠡᠭᠯᠡᠵᠦ ᠪᠣᠯᠬᠤ ᠠᠶᠤᠯᠲᠠᠢ ᠬᠢᠮᠢ ᠶᠢᠨ ᠡᠳ᠋ ᠪᠣᠳᠠᠰ ᠪᠠᠭᠲᠠᠨ᠎ᠠ᠃
ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ