ᠠᠪᠠᠭ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠳᠤᠪᠴᠢᠶ᠎ᠠ ᠶᠠᠳᠠᠭᠤ ᠬᠦᠴᠢᠷᠳᠡᠯᠳᠡᠢ ᠡᠷᠦᠬᠡ ᠶᠢ ᠳᠠᠮᠵᠢᠪᠠ
ᠨᠡᠶᠢᠲᠡᠯᠡᠭᠰᠡᠨ ᠴᠠᠭ᠄
2021/6/30
         ᠠᠪᠠᠭ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ          ᠳᠤᠪᠴᠢᠶ᠎ᠠ ᠶᠠᠳᠠᠭᠤ ᠬᠦᠴᠢᠷᠳᠡᠯᠳᠡᠢ ᠡᠷᠦᠬᠡ ᠶᠢ ᠳᠠᠮᠵᠢᠪᠠ            ᠠᠪᠠᠭ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠳᠤᠪᠴᠢᠶ᠎ᠠ ᠨᠢ ᠴᠠᠭᠳᠠᠭ᠎ᠠ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠭᠦᠨᠵᠡᠭᠡᠶᠢᠷᠡᠭᠦᠯᠬᠦ᠂ ᠤᠯᠠᠨ ᠲᠦᠮᠡᠨ ᠳᠤ ᠪᠤᠳᠠᠲᠠᠢ ᠠᠵᠢᠯ ᠬᠢᠬᠦ ᠡᠭᠦᠳᠡᠨ ᠠᠴᠠ᠂ 6 ᠳ᠋ᠤᠭᠠᠷ ᠰᠠᠷ᠎ᠠ ᠶᠢᠨ 12 ᠤᠨ ᠡᠳᠦᠷ᠂  ᠠᠪᠠᠭ᠎ᠠ ᠬᠤᠰᠢᠭᠤᠨ ᠤ ᠳᠤᠲᠤᠭᠠᠳᠤ ᠶᠢ ᠬᠠᠮᠠᠭᠠᠯᠠᠬᠤ ᠳᠤᠪᠴᠢᠶᠠᠨ ᠤ ᠡᠷᠡᠭᠦᠤ ᠶᠢᠨ ᠴᠠᠭᠳᠠᠭᠠᠨ ᠤ ᠶᠡᠭᠡ ᠠᠩᠭᠢ ᠶᠢᠨ ᠨᠠᠮ ᠤᠨ ᠡᠭᠦᠷ ᠨᠢ ᠶᠠᠳᠠᠭᠤ ᠡᠷᠦᠬᠡ ᠶᠢ ᠳᠡᠳᠭᠦᠨ ᠬᠠᠯᠠᠮᠵᠢᠯᠠᠬᠤ ᠪᠤᠳᠠᠲᠠᠢ ᠠᠵᠢᠯᠯᠠᠭ᠎ᠠ ᠦᠷᠨᠢᠭᠦᠯᠪᠡ᠃    
     ᠮᠠ ᠹᠦ᠋ ᠵᠢᠶᠦ᠋ᠨ ᠪᠤᠯ ᠠᠪᠠᠭ᠎ᠠ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠬᠤᠶᠠᠷ ᠤᠨ ᠰᠤᠷᠤᠭᠴᠢ ᠶᠤᠮ᠃ ᠮᠠ ᠹᠦ᠋ ᠵᠢᠶᠦ᠋ᠨ ᠤ ᠡᠴᠢᠭᠡ ᠨᠢ ᠠᠷᠪᠠᠨ ᠬᠡᠳᠤᠨ ᠵᠢᠯ ᠤᠨ ᠡᠮᠦᠨ᠎ᠡ ᠬᠦᠯᠦᠰᠦᠨ ᠠᠵᠢᠯ ᠬᠢᠵᠦ ᠪᠠᠶᠢᠭᠠᠳ ᠶᠡᠷᠦ ᠪᠤᠰᠤ ᠪᠠᠷ ᠰᠢᠷᠬᠠᠳᠤᠵᠤ ᠲᠠᠮᠪᠠᠷᠠᠵᠤ ᠬᠡᠳᠦᠨ ᠵᠢᠯ ᠬᠡᠪᠲᠡᠵᠦ ᠠᠵᠢᠯ ᠬᠢᠬᠦ ᠴᠢᠳᠠᠪᠦᠷᠢ ᠪᠠᠨ ᠠᠯᠳᠠᠭᠰᠠᠨ ᠠᠴᠠ ᠪᠦᠬᠦ ᠭᠡᠷ ᠤᠨ ᠠᠮᠢᠳᠤᠷᠠᠯ ᠤᠨ ᠢᠷᠡᠯᠲᠡ ᠦᠭᠡᠢ ᠪᠤᠯᠵᠤ᠂ ᠭᠠᠭᠴᠠ ᠡᠵᠢ ᠶᠢᠨ ᠢᠶᠠᠨ ᠬᠦᠯᠦᠰᠦᠨ ᠠᠵᠢᠯ ᠬᠢᠵᠦ ᠤᠯᠤᠭᠰᠠᠨ ᠪᠠᠭ᠎ᠠ ᠮᠦᠩᠭᠦ ᠪᠠᠷ ᠪᠦᠬᠦ ᠭᠡᠷ ᠤᠨ ᠢᠶᠠᠨ ᠠᠮᠢᠳᠤᠷᠠᠯ ᠢᠶᠠᠨ ᠠᠷᠭᠠᠴᠠᠭᠠᠵᠤ ᠡᠪᠡᠳᠴᠢᠨ ᠲᠠᠢ ᠡᠴᠢᠭᠡ ᠶᠢ ᠨᠢ ᠬᠠᠷᠠᠭᠠᠯᠵᠠᠬᠤ ᠠᠴᠠ ᠭᠠᠳᠠᠨ᠎ᠠ᠂ ᠪᠠᠰᠠ ᠬᠡᠤᠬᠡᠨ ᠳᠡᠭᠦᠦ ᠲᠡᠳᠡ ᠬᠤᠶᠠᠭᠤᠯᠠ ᠶᠢᠨ ᠬᠢᠨᠢ ᠠᠮᠢᠳᠤᠷᠠᠯ ᠰᠤᠷᠤᠯᠭ᠎ᠠ ᠶᠢᠨ ᠰᠦᠢᠳᠭᠡᠯ ᠢ ᠨᠢ ᠲᠤᠰᠢᠶᠠᠵᠤ᠂ ᠮᠠ ᠹᠦ᠋ ᠵᠢᠶᠦ᠋ᠨ ᠮᠦᠨ ᠯᠠ ᠠᠮᠢᠳᠤᠷᠠᠯ ᠳᠤ ᠪᠠᠨ ᠬᠠᠯᠠᠭᠤᠨ ᠰᠡᠳᠭᠢᠯᠭᠡ ᠪᠠᠷ ᠬᠠᠨᠳᠤᠵᠤ᠂ ᠰᠤᠷᠤᠯᠭ᠎ᠠ ᠬᠢᠴᠢᠶᠡᠯ ᠳᠤ ᠪᠠᠨ ᠴᠢᠷᠮᠠᠶᠢᠨ ᠰᠤᠷᠤᠯᠴᠠᠵᠤ ᠪᠠᠶᠢᠪᠠ᠃ ᠲᠤᠭᠤᠷᠢᠨ ᠲᠤᠬᠤᠨᠢᠭᠤᠯᠬᠤ ᠳᠤᠮᠳᠠ ᠠᠷᠠᠳ ᠤᠨ ᠴᠠᠭᠳᠠᠭ᠎ᠠ ᠨᠠᠷ ᠠᠴᠠ ᠵᠤᠭᠤᠰ ᠮᠦᠩᠭᠦ ᠬᠤᠷᠠᠮᠳᠤᠭᠤᠯᠤᠨ  ᠲᠤᠳᠤᠷᠭ᠎ᠠ ᠪᠤᠯᠤᠨ ᠢᠳᠡᠭᠡᠨ ᠤ ᠳᠤᠰᠤ ᠵᠡᠷᠭᠡ ᠪᠤᠳᠠᠰ ᠬᠦᠷᠭᠡᠵᠦ ᠲᠤᠬᠤᠨᠢᠭᠤᠯᠪᠠ᠃ ᠪᠦᠬᠦ ᠭᠡᠷ ᠢᠶᠠᠷ ᠢᠶᠠᠨ ᠰᠡᠳᠭᠢᠯ ᠬᠦᠳᠡᠯᠵᠦ ᠠᠷᠠᠳ ᠤᠨ ᠴᠠᠭᠳᠠᠭ᠎ᠠ ᠨᠠᠷ  ᠤᠨ ᠲᠤᠭᠤᠷᠢᠨ ᠲᠤᠬᠤᠨᠢᠭᠤᠯᠵᠤ ᠬᠠᠯᠠᠮᠵᠢᠯᠡᠨ ᠳᠤᠰᠠᠯᠠᠭᠰᠠᠨ ᠳᠤ ᠭᠦᠨ ᠰᠡᠳᠭᠢᠯ ᠠᠴᠠ ᠪᠠᠨ ᠲᠠᠯᠠᠷᠬᠠᠯᠠᠯ ᠢᠶᠠᠨ ᠳᠡᠪᠰᠢᠭᠦᠯᠵᠦ᠂ ᠮᠠ ᠹᠦ᠋ ᠵᠢᠶᠦ᠋ᠨ ᠠᠴᠠ ᠬᠤᠵᠢᠮ ᠬᠤᠶᠢᠰᠢᠳᠡ ᠤᠯᠠᠮ ᠴᠢᠷᠮᠠᠶᠢᠨ ᠰᠤᠷᠤᠯᠴᠠᠵᠤ᠂ ᠠᠪᠤ ᠡᠵᠢ ᠳᠤ ᠪᠠᠨ ᠠᠴᠢᠯᠠᠯᠲᠠᠢ ᠠᠮᠢᠳᠤᠷᠠᠯ ᠳᠤ ᠪᠠᠨ ᠢᠲᠡᠭᠡᠯ  ᠲᠠᠢ ᠰᠠᠶᠢᠨ ᠰᠠᠶᠢᠬᠠᠨ ᠠᠮᠢᠳᠤᠷᠠᠵᠤ᠂ ᠡᠷᠲᠡ ᠨᠢᠭᠡᠨ ᠡᠳᠦᠷ ᠬᠦᠰᠡᠵᠦ ᠰᠠᠨᠠᠭᠰᠠᠨ ᠶᠡᠭᠡ ᠰᠤᠷᠭᠠᠭᠤᠯᠢ ᠳᠤ ᠰᠢᠯᠭᠠᠨ ᠤᠷᠤᠵᠤ ᠠᠪᠤ  ᠡᠵᠢ ᠶᠢᠨ ᠢᠶᠠᠨ ᠠᠴᠢ ᠶᠢ ᠬᠠᠷᠢᠭᠤᠯᠵᠤ ᠰᠠᠶᠢᠬᠠᠨ ᠠᠮᠢᠳᠤᠷᠠᠯ ᠡᠳ᠋ᠯᠡᠭᠦᠯᠦᠨ᠎ᠡ ᠭᠡᠵᠦ ᠢᠯᠡᠳᠭᠡᠪᠡ᠃       ᠲᠤᠰ ᠤᠳᠠᠭᠠᠨ ᠤ ᠲᠤᠬᠤᠨᠢᠭᠤᠯᠭ᠎ᠠ ᠶᠢᠨ ᠠᠵᠢᠯᠯᠠᠭ᠎ᠠ ᠨᠢ᠂ ᠡᠷᠡᠬᠦᠦ ᠶᠢᠨ ᠴᠠᠭᠳᠠᠭᠠᠨ ᠤ ᠶᠡᠭᠡ ᠠᠩᠭᠢ ᠶᠢᠨ ᠨᠠᠮ ᠤᠨ ᠡᠭᠦᠷ ᠨᠢ ᠵᠤᠬᠢᠶᠠᠨ ᠪᠠᠶᠢᠭᠤᠯᠤᠯᠳᠠ ᠶᠢᠨ ᠬᠠᠶᠢᠷ᠎ᠠ ᠬᠠᠯᠠᠮᠵᠢ ᠪᠠᠨ ᠠᠷᠠᠳ ᠲᠦᠮᠡᠨ ᠤ ᠰᠡᠳᠭᠢᠯ ᠳᠤ ᠬᠦᠷᠭᠡᠵᠦ᠂ ᠦᠨᠡᠨ ᠬᠦ ᠪᠤᠳᠠᠲᠠᠢ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠤᠪᠤᠷ ᠰᠤᠷᠳᠠᠯ ᠢᠶᠠᠨ ᠢᠯᠡᠳᠭᠡᠵᠦ᠂ ᠤᠯᠠᠨ ᠲᠦᠮᠡᠨ ᠤ ᠬᠦᠷᠢᠶᠡᠯᠡᠯ ᠢᠳᠡᠭᠡᠯ ᠢ ᠤᠯᠤᠭᠰᠠᠨ ᠪᠠᠶᠢᠨ᠎ᠠ᠃ ︵ᠠᠪᠠᠭ᠎ᠠ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ