ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠨᠢᠭᠡ ᠥᠷᠲᠡᠭᠡ ᠮᠠᠶ᠋ᠢᠭ︾ ᠤᠨ ᠶᠡᠷᠦᠩᠬᠡᠶᠢᠯᠡᠭᠰᠡᠨ ᠴᠣᠩᠬᠤᠪᠴᠢ ᠪᠠᠷ ᠠᠵᠢᠯ ᠭᠦᠢᠴᠡᠳᠬᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/1/11
          ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ           ᠲᠢᠩᠬᠢᠮ ᠳᠤ ︽ᠨᠢᠭᠡ ᠥᠷᠲᠡᠭᠡ ᠮᠠᠶ᠋ᠢᠭ︾ ᠤᠨ ᠶᠡᠷᠦᠩᠬᠡᠶᠢᠯᠡᠭᠰᠡᠨ ᠴᠣᠩᠬᠤᠪᠴᠢ ᠪᠠᠷ ᠠᠵᠢᠯ ᠭᠦᠢᠴᠡᠳᠬᠡᠬᠦ ᠶᠢ ᠪᠡᠶᠡᠯᠡᠭᠦᠯᠪᠡ      ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠵᠡᠩᠨᠡᠯᠲᠡ ᠶᠢᠨ ᠣᠷᠴᠢᠨ  ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠦᠴᠦᠲᠡᠢ ᠳᠡᠮᠵᠢᠯᠭᠡ ᠪᠠ ᠵᠢᠯᠣᠭᠤᠳᠣᠯᠭ᠎ᠠ ᠳᠣᠣᠷ᠎ᠠ᠂ ᠨᠢᠳᠦᠨᠦᠨ ᠤ 12 ᠳ᠋ᠤᠭᠠᠷ ᠰᠠᠷ᠎ᠠ ᠶᠢᠨ 25 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠦᠷᠦᠭᠦᠦ ᠪᠦᠯᠦᠭ ᠤᠨ 6 ᠴᠣᠩᠬᠤ᠂ 151 ᠵᠦᠢᠯ ᠤᠨ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ 6 ᠨᠡᠷᠡᠰ ᠠᠵᠢᠯᠲᠠᠨ ᠵᠢᠩᠬᠢᠨᠢ ᠪᠠᠷ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠢᠯᠯᠠᠪᠠ᠃       ᠨᠢᠭᠡ ᠳᠤ᠂ ᠶᠡᠷᠦᠩᠬᠡᠶᠢᠯᠡᠭᠰᠡᠨ ᠴᠣᠩᠬᠤᠪᠴᠢ ᠪᠠᠷ ᠭᠦᠢᠴᠡᠳᠬᠡᠬᠦ ᠶᠢ ᠪᠡᠶᠡᠯᠡᠭᠦᠯᠵᠦ᠂ ᠴᠣᠩᠬᠤᠪᠴᠢ ᠪᠠᠷ ᠦᠢᠯᠡᠴᠢᠯᠡᠬᠦ ᠶᠢ ᠰᠢᠯᠢᠳᠡᠭᠵᠢᠭᠦᠯᠪᠡ᠃ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠲᠡᠷᠢᠭᠦᠨ ᠤ ᠦᠢᠯᠡᠴᠢᠯᠡᠭᠡᠨ ᠤ ᠴᠣᠩᠬᠤᠪᠴᠢ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠬᠠᠷᠢᠴᠠᠭᠤᠯᠵᠤ᠂ ᠨᠢᠭᠡᠳᠦᠯᠲᠡᠢ ᠵᠢᠷᠤᠮᠵᠢᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠡᠷᠦᠬᠡ ᠠᠮᠠ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠨᠡᠮᠯᠡᠯ ᠭᠦᠢᠴᠡᠳᠬᠡᠬᠦ ᠴᠣᠩᠬᠤᠪᠴᠢ ᠶᠢ ᠳᠣᠭᠢᠷᠠᠭᠤᠯᠵᠤ᠂︽ᠡᠮᠦᠨ᠎ᠡ ᠲᠠᠪᠴᠠᠩ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠢ ᠵᠡᠷᠭᠡ ᠪᠠᠷ ᠬᠢᠨᠠᠨ ᠵᠥᠪᠰᠢᠶᠡᠷᠡᠬᠦ᠂ ᠳᠣᠲᠣᠭᠠᠳᠤ ᠳᠤ ᠪᠠᠨ ᠰᠢᠯᠵᠢᠭᠦᠯᠦᠨ ᠣᠷᠣᠯᠠᠨ ᠭᠦᠢᠴᠡᠳᠬᠡᠬᠦ᠂ ᠨᠢᠭᠡᠳᠦᠯᠲᠡᠢ ᠴᠤᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ᠳᠦᠷᠢᠮ ᠢ ᠬᠡᠷᠡᠭᠵᠢᠭᠦᠯᠦᠨ᠂ ᠳᠣᠲᠣᠭᠠᠳᠤ ᠶᠢ ᠬᠠᠮᠠᠭᠠᠯᠠᠬᠤ ᠴᠣᠩᠬᠤᠪᠴᠢ ᠶᠢᠨ ︽ᠪᠦᠷᠢᠨ ᠲᠤᠬᠠᠶᠢᠯᠠᠭᠰᠠᠨ ᠠᠵᠢᠯ︾ ᠤᠨ ᠦᠢᠯᠡᠴᠢᠯᠡᠭᠡᠨ ᠤ ᠵᠠᠭᠪᠤᠷ ᠢ ᠪᠣᠢ ᠪᠣᠯᠭᠠᠵᠤ᠂ ᠣᠯᠠᠨ ᠲᠦᠮᠡᠨ ᠨᠢᠭᠡ ᠯᠡ ᠡᠭᠦᠳᠡ ᠪᠠᠷ ᠣᠷᠣᠪᠠᠯ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ  ᠬᠠᠷᠠᠯᠳᠠ ᠶᠢ ᠪᠡᠶᠡᠯᠡᠭᠦᠯᠪᠡ᠃       ᠬᠤᠶᠠᠷ ᠲᠤ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠨᠢᠭᠡᠳᠦᠯᠲᠡᠢ ᠱᠠᠭᠠᠷᠳᠠᠯᠭ᠎ᠠ᠂ ᠵᠣᠬᠢᠶᠠᠨ ᠪᠠᠶᠢᠭᠤᠯᠤᠯᠲᠠ᠂ ᠬᠢᠨᠠᠯᠲᠠ ᠬᠠᠮᠢᠶᠠᠷᠤᠯᠲᠠ ᠪᠠ ᠵᠣᠬᠢᠴᠠᠭᠤᠯᠭ᠎ᠠ ᠳᠣᠣᠷ᠎ᠠ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠥᠪ ᠲᠤ ᠣᠷᠣᠬᠤ ᠬᠢᠨᠠᠨ ᠵᠥᠪᠰᠢᠶᠡᠷᠡᠬᠦ ᠵᠦᠢᠯᠡᠰ ᠲᠤ ᠢᠯᠡ ᠪᠠᠷ ᠠᠮᠠᠯᠠᠯᠲᠠ ᠬᠢᠵᠦ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠵᠤ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠦᠨᠡᠨ ᠬᠦ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠪᠡ᠃       ᠭᠤᠷᠪᠠ ᠳᠤ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ ᠦᠵᠡᠭᠦᠯᠪᠡ᠃ ︽ᠠᠪᠤᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠤ ᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢᠨ ᠲᠣᠭᠤᠷᠢᠨ ᠳᠤ᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠪᠤᠶᠤ ︽ᠨᠢᠭᠡ ᠤᠳᠠᠭ᠎ᠠ ᠴᠤ ᠭᠦᠶᠦᠯᠭᠡᠬᠦ ᠦᠭᠡᠢ︾ ᠥᠭᠡᠷᠡᠴᠢᠯᠡᠯᠲᠡ ᠶᠢᠨ ᠬᠠᠷᠠᠯᠲᠠ ᠳᠤ ᠬᠦᠷᠴᠦ᠂ ᠣᠯᠠᠨ ᠲᠦᠮᠡᠨ ᠤ ᠨᠠᠭᠠᠰᠢ ᠴᠠᠭᠠᠰᠢ ᠭᠦᠶᠦᠬᠦ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠵᠦ᠂ ᠠᠷᠠᠳ ᠣᠯᠠᠨ ᠳᠤ ᠬᠠᠮᠢᠶᠠᠷᠤᠯᠲᠠ ᠶᠢᠨ ᠨᠠᠩ ᠬᠥᠮᠦᠨᠴᠢ ᠴᠢᠨᠠᠷ᠂ ᠦᠢᠯᠡᠴᠢᠯᠡᠭᠡᠨ ᠤ ᠨᠡᠩ ᠳᠣᠲᠣᠨᠣ᠂ ᠠᠵᠢᠯ ᠶᠠᠪᠤᠳᠠᠯ ᠭᠦᠢᠴᠡᠳᠬᠡᠬᠦ ᠳᠤ ᠨᠡᠩ ᠳᠥᠭᠦᠮ ᠪᠠᠶᠢᠬᠤ ᠶᠢ ᠦᠨᠡᠨ ᠬᠦ ᠮᠡᠳᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠪᠡ᠃        ᠨᠢᠳᠦᠨᠦᠨ ᠤ 12 ᠳ᠋ᠤᠭᠠᠷ ᠰᠠᠷ᠎ᠠ ᠶᠢᠨ 25 ᠤ ᠡᠳᠦᠷ ᠨᠡᠪᠲᠡᠷᠡᠭᠦᠯᠦᠭᠰᠡᠨ ᠠᠴᠠ ᠨᠠᠭᠠᠰᠢ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠦᠨᠡᠮᠯᠡᠯ ᠭᠦᠢᠴᠡᠳᠬᠡᠬᠦ ᠴᠣᠩᠬᠤ ᠨᠢ ᠡᠳᠦᠷ ᠪᠦᠷᠢ 60 ᠭᠠᠷᠤᠢ ᠬᠦᠮᠦᠨ ᠢ ᠬᠦᠯᠢᠶᠡᠨ ᠠᠪᠴᠤ᠂ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ 20 ᠭᠠᠷᠤᠢ ᠭᠦᠢᠴᠡᠳᠬᠡᠪᠡ᠃ ᠳᠠᠷᠠᠭᠠᠴᠢ ᠶᠢᠨ ᠠᠯᠬᠤᠮ ᠳᠤ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠣᠩᠬᠤᠪᠴᠢ ᠶᠢᠨ ᠦᠢᠯᠡᠴᠢᠯᠡᠭᠡᠨ ᠤ ᠴᠠᠭᠳᠠᠭ᠎ᠠ ᠦᠷᠭᠦᠯᠵᠢᠯᠡᠨ ᠴᠢᠨᠠᠷ ᠰᠠᠶᠢᠲᠠᠢ ᠦᠢᠯᠡᠴᠢᠯᠡᠭᠡ᠂ ᠵᠢᠷᠤᠮᠵᠢᠭᠰᠠᠨ ᠴᠤᠪᠤᠷᠠᠯ ᠢᠶᠠᠷ ᠠᠷᠠᠳ ᠣᠯᠠᠨ ᠤ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠤ ᠰᠡᠳᠬᠢᠯ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠢᠶᠠᠨ ᠳᠣᠲᠣᠨᠣᠴᠢᠯᠠᠵᠤ ᠠᠷᠠᠳ ᠢᠶᠠᠨ ᠬᠠᠶᠢᠷᠠᠯᠠᠬᠤ ᠳᠣᠲᠣᠭᠠᠳᠤ ᠶᠢ ᠬᠠᠮᠠᠭᠠᠯᠠᠬᠤ ᠳᠦᠷᠢ ᠲᠥᠷᠬᠦ ᠶᠢ ᠦᠷᠭᠦᠯᠵᠢᠯᠡᠨ ᠪᠤᠢ  ᠪᠤᠯᠭᠠᠬᠤ ᠪᠠᠷ ᠴᠢᠷᠮᠠᠶᠢᠵᠤ ᠪᠠᠶᠢᠨ᠎ᠠ᠃ ︵ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ  ᠠᠴᠠ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ