ᠮᠠᠨᠵᠤᠤᠷ ᠲᠤ ᠳᠤᠰᠠᠯᠠᠬᠤ ᠪᠠᠷ ᠮᠤᠷᠳᠠᠭᠰᠠᠨ ᠠᠷᠠᠳ ᠤᠨ ᠴᠠᠭᠳᠠᠭ᠎ᠠ ᠤᠬᠠᠭᠠᠨᠴᠢ
ᠨᠡᠶᠢᠲᠡᠯᠡᠭᠰᠡᠨ ᠴᠠᠭ᠄
2022/1/11
            ᠮᠠᠨᠵᠤᠤᠷ ᠲᠤ ᠳᠤᠰᠠᠯᠠᠬᠤ ᠪᠠᠷ ᠮᠤᠷᠳᠠᠭᠰᠠᠨ ᠠᠷᠠᠳ ᠤᠨ ᠴᠠᠭᠳᠠᠭ᠎ᠠ ᠤᠬᠠᠭᠠᠨᠴᠢ        ︽ᠬᠢᠵᠢᠭ ᠤᠨ ᠪᠠᠶᠢᠳᠠᠯ ᠤᠨ ᠡᠮᠦᠨ᠎ᠡ᠂ ᠠᠷᠠᠳ ᠤᠨ ᠴᠠᠭᠳᠠᠭ᠎ᠠ ᠤᠷᠤᠭᠰᠢ ᠪᠠᠨ︕︾ ᠭᠡᠳᠡᠭ ᠨᠢ ᠳᠥᠭᠦᠮᠬᠡᠨ ᠤᠷᠢᠶ᠎ᠠ ᠲᠠᠳᠦᠢ ᠯᠡ ᠪᠢᠰᠢ᠂ ᠬᠠᠷᠢᠨ ᠨᠢᠭᠡᠨ  ᠬᠤᠪᠢ ᠰᠢᠢᠳᠪᠦᠷᠢ ᠵᠣᠷᠢᠭ᠂ ᠨᠢᠭᠡ ᠵᠦᠢᠯ ᠤᠨ ᠠᠵᠢᠯᠯᠠᠭ᠎ᠠ ᠮᠥᠨ︕ ᠮᠠᠨᠵᠤᠤᠷ ᠤᠨ ᠬᠢᠵᠢᠭ ᠤᠨ ᠪᠠᠶᠢᠳᠠᠯ ᠡᠬᠦᠰᠦᠮᠡᠭᠴᠡ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ 25 ᠠᠷᠠᠳ ᠤᠨ ᠴᠠᠭᠳᠠᠭ᠎ᠠ ᠪᠠᠷ ᠪᠦᠷᠢᠯᠳᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠪᠰᠢᠭᠠᠢ ᠠᠩᠬᠢ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ 1200 ᠰᠢᠬᠠᠮ ᠺᠢᠯᠦᠮᠧᠲᠷ ᠢ ᠰᠠᠯᠬᠢ ᠰᠢᠭᠤᠷᠭᠠᠨ ᠤ ᠳᠤᠮᠳᠠᠭᠤᠷ ᠡᠳᠦᠷ ᠰᠥᠨᠢ ᠶᠢᠨ ᠡᠭᠡᠯᠵᠢᠭᠡᠨ ᠢᠶᠠᠷ ᠠᠶᠠᠯᠠᠵᠤ᠂ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠬᠦ ᠪᠠᠷ ᠬᠦᠷᠦᠭᠰᠡᠨ ᠶᠤᠮ᠃       ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠴᠠᠭᠳᠠᠭ᠎ᠠ ᠶᠢᠨ ᠶᠡᠭᠡ ᠠᠩᠬᠢ ᠶᠢᠨ ᠳᠡᠳ᠋ ᠳᠠᠷᠤᠭ᠎ᠠ ᠤᠬᠠᠭᠠᠨᠴᠢ ᠪᠣᠯ ᠶᠠᠭ  ᠡᠨᠡ ᠬᠦ ᠭᠠᠪᠰᠢᠭᠠᠢ ᠠᠩᠬᠢ ᠶᠢᠨ ᠨᠢᠭᠡᠨ ᠭᠡᠰᠢᠭᠦᠨ ᠪᠣᠯᠤᠨ᠎ᠠ᠃ ᠨᠢᠳᠦᠨᠦᠨ ᠤ 12 ᠳ᠋ᠤᠭᠠᠷ ᠰᠠᠷ᠎ᠠ ᠶᠢᠨ 2 ᠤᠨ ᠡᠳᠦᠷ᠂ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠪᠠᠴᠢᠮ ᠵᠠᠷᠯᠢᠭ ᠢ ᠳᠤᠰᠤᠭᠰᠠᠨ ᠤ ᠳᠠᠷᠠᠭ᠎ᠠ᠂ ᠲᠡᠷᠡ ᠰᠠᠨᠠᠭᠠᠴᠢᠯᠠᠭ᠎ᠠ ᠠᠴᠠ ᠪᠠᠨ ᠮᠠᠨᠵᠤᠤᠷ ᠲᠤ ᠮᠣᠷᠳᠠᠬᠤ ᠪᠠᠷ ᠭᠤᠶᠤᠴᠢᠯᠠᠭᠰᠠᠨ ᠪᠠᠶᠢᠵᠠᠢ᠃
 2ec43cf121174cecad860f69afdfd25.jpg    
      ᠦᠵᠡᠰᠬᠦᠯᠡᠩᠲᠦ ᠰᠠᠶᠢᠬᠠᠨ ᠬᠢᠯᠢ ᠬᠢᠵᠠᠭᠠᠷ ᠤᠨ ᠮᠠᠨᠵᠤᠤᠷ ᠬᠤᠳᠠ ᠨᠢ ᠲᠡᠭᠦᠨ ᠲᠠᠢ ᠶᠡᠷᠦ ᠪᠤᠰᠤ ᠶᠢᠨ ᠬᠤᠪᠢ ᠪᠠᠷᠢᠯᠳᠤᠯᠭ᠎ᠠ ᠲᠠᠢ ᠪᠠᠶᠢᠳᠠᠭ᠃ ᠤᠴᠢᠷ ᠨᠢ ᠲᠡᠷᠡ ᠠᠳᠡ ᠴᠡᠷᠢᠭ ᠤᠨ ᠠᠯᠪᠠ ᠬᠠᠭᠠᠵᠦ᠂ ᠭᠠᠯ ᠵᠠᠯᠠᠭᠤ ᠨᠠᠰᠤᠨ ᠤ ᠴᠤᠭ ᠵᠤᠯᠪᠤᠭ᠎ᠠ ᠪᠠᠨ ᠪᠠᠳᠠᠷᠠᠭᠤᠯᠤᠨ᠂ ᠡᠬᠡ ᠤᠯᠤᠰ ᠲᠤ ᠪᠠᠨ ᠬᠦᠴᠦᠨ ᠵᠢᠳᠭᠦᠯ ᠢᠶᠠᠨ ᠡᠷᠬᠦᠬᠦ ᠤᠮᠤᠭ ᠵᠤᠷᠢᠭ ᠨᠢ ᠬᠦᠪᠴᠢᠯᠡᠭᠳᠡᠵᠦ ᠪᠠᠶᠢᠭᠰᠠᠨ ᠰᠠᠶᠢᠬᠠᠨ ᠳᠤᠷᠠᠰᠤᠮᠵᠢ ᠲᠠᠢ ᠶᠤᠮ᠃ ᠬᠠᠷᠢᠨ ᠭᠡᠨᠡᠳᠲᠡ ᠶᠢᠨ ᠠᠶᠤᠯᠲᠦ ᠬᠢᠵᠢᠭ ᠮᠠᠨᠵᠤᠤᠷ ᠢ ᠨᠦᠷᠢᠨ ᠪᠠᠭᠤᠬᠤ ᠳᠤ ᠤᠬᠠᠭᠠᠨᠴᠢ ᠦᠪᠡᠷ ᠤᠨ ᠡᠷᠭᠡ ᠦᠬᠡᠢ ᠰᠢᠨᠠᠯᠤᠭᠰᠠᠨ ᠪᠠᠶᠢᠯ᠎ᠠ᠃      ︽ᠮᠠᠨᠵᠤᠤᠷ ᠪᠣᠯ ᠮᠢᠨᠦ ᠬᠤᠶᠠᠳᠡᠬᠢ ᠦᠯᠦᠭᠡᠢ ᠨᠤᠲᠤᠭ ᠭᠡᠵᠦ ᠬᠡᠯᠡᠵᠦ ᠪᠣᠯᠤᠨ᠎ᠠ᠂ ᠬᠥᠮᠦᠨ ᠤ ᠠᠮᠢᠳᠤᠷᠠᠯ ᠤᠨ ᠬᠠᠮᠤᠭ ᠤᠨ ᠰᠠᠶᠢᠨ ᠰᠠᠶᠢᠬᠠᠨ ᠴᠠᠭ ᠮᠥᠴᠡ ᠶᠢ ᠪᠦᠷ ᠠᠳᠡ ᠦᠩᠬᠡᠷᠡᠭᠦᠯᠦᠯ᠎ᠡ᠂ ᠪᠢ ᠬᠠᠷᠠᠬᠠᠨ ᠪᠠᠭ᠎ᠠ ᠠᠴᠠ ᠪᠠᠨ ᠴᠠᠭᠳᠠᠭ᠎ᠠ ᠪᠣᠯᠬᠤ ᠬᠦᠰᠡᠯ ᠲᠠᠢ ᠪᠠᠶᠢᠭᠰᠠᠨ᠂ ᠡᠳᠦᠭᠡ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠬᠤ ᠳᠤ ᠪᠠᠨ ᠪᠢ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠤᠯᠤᠯ᠎ᠠ᠂ ᠪᠢᠳᠡ 2 ᠰᠥᠨᠢ 2 ᠡᠳᠦᠷ ᠠᠶᠠᠯᠠᠨ ᠪᠠᠶᠢᠵᠦ᠂ 12 ᠳ᠋ᠤᠭᠠᠷ ᠰᠠᠷ᠎ᠠ ᠶᠢᠨ 4 ᠤ ᠡᠳᠦᠷ ᠮᠠᠨᠵᠤᠤᠷ ᠲᠤ ᠢᠷᠡᠭᠰᠡᠨ᠂ ᠶᠠᠭᠤᠮ᠎ᠠ ᠬᠡᠤᠮ᠎ᠡ ᠪᠠᠨ ᠴᠤ ᠲᠠᠯᠪᠢᠵᠤ ᠠᠮᠵᠢᠭ᠎ᠠ ᠦᠭᠡᠶ ᠪᠠᠷ ᠤᠳᠤᠷᠢᠳᠤᠯᠭ᠎ᠠ ᠠᠴᠠ ᠥᠪᠡᠷᠲᠡᠭᠡᠨ ᠵᠠᠰᠠᠬᠤ ᠣᠷᠣᠨ ᠤ ᠪᠠᠴᠢᠮ ᠲᠧᠯᠸᠢᠰ ᠬᠤᠷᠠᠯ ᠤᠨ ᠬᠢᠵᠢᠭ ᠤᠨ ᠪᠠᠶᠢᠳᠠᠯ ᠤᠨ ᠲᠣᠪᠴᠢ ᠪᠠᠶᠢᠳᠠᠯ ᠢ ᠤᠯᠠᠮᠵᠢᠯᠠᠨ ᠮᠡᠳᠡᠭᠳᠡᠵᠦ᠂ ᠪᠣᠳᠠᠲᠠᠶ ᠡᠭᠦᠷᠭᠡ ᠶᠢᠨ ᠲᠤᠬᠠᠶ ᠵᠠᠷᠯᠢᠭ ᠪᠠᠭᠤᠯᠭᠠᠭᠰᠠᠨ ᠠᠴᠠ ᠪᠢᠳᠡ ᠠᠯᠢ ᠲᠦᠷᠭᠡᠨ ᠢᠶᠠᠷ ᠠᠵᠢᠯ ᠤᠨ ᠪᠠᠶᠢᠳᠠᠯ ᠳᠤ ᠪᠠᠨ ᠣᠷᠣᠵᠠᠶ︾ ᠬᠡᠵᠦ ᠤᠬᠠᠭᠠᠨᠴᠢ ᠠᠩᠬᠠᠨ ᠤ ᠪᠠᠶᠢᠳᠠᠯ ᠢᠶᠠᠨ ᠲᠠᠨᠢᠯᠴᠠᠭᠤᠯᠤᠨ᠎ᠠ᠃ ᠲᠡᠭᠦᠨ ᠤ ᠦᠭᠡ ᠶᠠᠷᠢᠶ᠎ᠠ ᠨᠢ ᠦᠨᠡᠨᠴᠢ ᠪᠣᠷᠣᠭᠵᠢᠭᠤᠨ ᠪᠠᠶᠢᠳᠠᠯ᠎ᠠ ᠪᠠᠨ ᠨᠢᠭᠡᠨ ᠠᠷᠠᠳ ᠤᠨ ᠴᠠᠭᠳᠠᠭ᠎ᠠ ᠶᠢᠨ ᠲᠤᠬᠠᠶᠢᠯᠠᠭᠰᠠᠨ ᠠᠵᠢᠯ ᠳᠤ ᠪᠠᠨ ᠭᠡᠰᠡᠨ ᠬᠠᠷᠢᠭᠤᠴᠠᠯᠭᠠᠳᠦ ᠰᠡᠳᠬᠢᠯᠭᠡ ᠲᠤᠳᠤᠷᠠᠭᠤᠨ ᠪᠠᠶᠢᠯ᠎ᠠ᠃
3870913a5f455e623f9568cefd28800.jpg     
      ᠠᠮᠠᠪᠴᠢ᠂ ᠬᠠᠮᠠᠭᠠᠯᠠᠯᠲᠠ ᠶᠢᠨ ᠬᠤᠪᠴᠠᠰᠤ᠂ ᠪᠡᠭᠡᠯᠡᠢ᠂ ᠨᠢᠳᠦ ᠬᠠᠮᠠᠭᠠᠯᠠᠬᠤ ᠰᠢᠯ᠂ ᠠᠷᠢᠭᠤᠳᠬᠠᠬᠤ ᠤᠰᠤ ᠁ ᠰᠠᠭᠤᠭᠠᠯᠢ ᠠᠷᠠᠳ ᠤᠨ ᠲᠣᠭᠤᠷᠢᠭ ᠲᠤ ᠣᠷᠣᠬᠤ᠂  ᠤᠲᠠᠰᠤᠳᠠᠬᠤ᠂ ᠵᠢᠭᠰᠠᠭᠠᠨ ᠪᠠᠶᠢᠴᠠᠭᠠᠬᠤ ᠁ ᠤᠢᠢᠷ᠎ᠠ ᠶᠢᠨ ᠬᠠᠭᠠᠰ ᠰᠠᠷ᠎ᠠ ᠭᠠᠷᠤᠢ ᠶᠢᠨ ᠲᠤᠷᠰᠢ᠂ ᠡᠳᠡᠭᠡᠷ ᠨᠢ ᠪᠦᠷ ᠲᠡᠭᠦᠨ ᠤ ᠠᠵᠢᠯ ᠤᠨ ᠵᠤᠷᠰᠢᠯ ᠪᠤᠯᠤᠭᠰᠠᠨ ᠪᠠᠶᠢᠯ᠎ᠠ᠃ ᠡᠪᠦᠯ ᠤᠨ ᠬᠦᠢᠲᠡᠨ᠂ ᠠᠵᠢᠯ ᠤᠨ ᠬᠦᠨᠳᠦ ᠶᠢᠨ ᠲᠡᠭᠡᠷ᠎ᠡ ᠡᠮᠦᠰᠴᠦ ᠵᠡᠭᠦᠬᠦ ᠳᠤ ᠳᠥᠭᠦᠮ ᠦᠭᠡᠢ᠂ ᠵᠠᠷᠢᠮ ᠳᠤ ᠪᠠᠨ ᠬᠤᠭᠤᠯᠠ ᠪᠤᠳᠠᠭ᠎ᠠ ᠴᠤ ᠴᠠᠭ ᠲᠤ ᠪᠠᠨ ᠢᠳᠡᠵᠦ ᠳᠡᠶᠢᠯᠬᠦ ᠦᠭᠡᠢ᠂ ᠵᠠᠷᠢᠮ ᠳᠤ ᠪᠠᠨ ᠦᠷᠭᠦᠯᠵᠢᠯᠡᠨ 12 ᠴᠠᠭ ᠠᠴᠠ ᠳᠡᠭᠡᠭᠰᠢ ᠵᠢᠵᠢᠬᠦᠷᠯᠡᠳᠡᠭ᠂ ᠡᠳᠡᠬᠡᠷ ᠬᠦᠴᠢᠷ  ᠤᠨ ᠡᠮᠦᠨ᠎ᠡ ᠤᠬᠠᠭᠠᠨᠴᠢ᠄ ︽ᠬᠢᠵᠢᠭ ᠤᠨ ᠤᠨᠴᠠᠭᠠᠢ ᠴᠠᠭ ᠮᠦᠴᠡ ᠳᠤ ᠨᠠᠳᠠ ᠠᠴᠠ ᠢᠯᠡᠭᠦᠦ ᠵᠦᠳᠡᠷᠡᠯᠲᠡᠢ ᠬᠦᠮᠦᠰ ᠤᠯᠠᠨ ᠯᠡ ᠪᠠᠶᠢᠨ᠎ᠠ᠂ ᠪᠢ ᠨᠢᠬᠡᠨ ᠠᠷᠠᠳ ᠤᠨ ᠴᠠᠭᠳᠠᠭ᠎ᠠ ᠨᠡᠩ ᠴᠤ ᠨᠢᠭᠡᠨ ᠨᠠᠮ ᠤᠨ ᠭᠡᠰᠢᠭᠦᠨ ᠪᠤᠯᠤᠭᠰᠠᠨ ᠤ ᠬᠤᠪᠢ ᠳᠤ᠂ ᠠᠯᠢᠪᠠ ᠬᠦᠴᠢᠷᠳᠡᠯ ᠢ ᠵᠤᠷᠢᠭᠲᠠᠢ ᠢᠯᠠᠨ ᠳᠠᠪᠠᠪᠠᠯ ᠲᠠᠭᠠᠷᠠᠨ᠎ᠠ᠂ ᠬᠢᠵᠢᠭ ᠢ ᠢᠯᠡᠨ ᠳᠠᠪᠠᠵᠦ ᠴᠢᠳᠠᠳᠠᠭ ᠯᠡ ᠶᠤᠮ ᠪᠣᠯ ᠠᠯᠢᠪᠠ ᠵᠦᠳᠡᠷᠡᠯ ᠨᠢ ᠪᠦᠷ ᠦᠨ᠎ᠡ ᠴᠠᠨ᠎ᠠ ᠲᠠᠢ᠂ ᠤᠳᠬ᠎ᠠ ᠠᠭᠤᠯᠭ᠎ᠠ ᠲᠠᠢ ᠪᠤᠯᠬᠤ ᠨᠢ ᠭᠠᠷᠴᠠᠭ᠎ᠠ ᠦᠬᠡᠢ︾ ᠭᠡᠵᠦ ᠢᠨᠢᠶᠠᠮᠰᠦᠭᠯᠡᠯ ᠲᠤᠳᠤᠷᠠᠭᠤᠯᠤᠨ ᠶᠠᠷᠢᠵᠦ ᠪᠠᠶᠢᠯ᠎ᠠ᠃      ᠵᠢᠵᠢᠭᠦᠷᠯᠡᠬᠦ ᠬᠤᠭᠤᠴᠠᠭᠠᠨ ᠳᠤ ᠲᠡᠷᠡ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠪᠠᠷ ᠪᠠᠷᠠᠬᠤ ᠦᠭᠡᠢ᠂ ᠵᠢᠵᠢᠭᠦᠷᠯᠡᠬᠦ ᠴᠠᠭ ᠤᠨ ᠤᠷᠳᠤ᠂ ᠶᠢᠰᠦᠨ ᠤ ᠬᠦᠢᠲᠡᠨ ᠢ ᠳᠡᠰᠪᠦᠷᠢᠯᠡᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠬᠦᠯᠵᠦ ᠪᠠᠶᠢᠯ᠎ᠠ᠃ ᠰᠢᠯᠵᠢᠬᠦᠯᠦᠨ ᠳᠤᠬᠢᠷᠠᠭᠤᠯᠬᠤ ᠴᠤ ᠪᠤᠯᠤᠭ᠂ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠨ ᠡᠵᠡᠮᠳᠡᠬᠦ ᠴᠦ ᠲᠡᠷᠡ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠳᠤ ᠣᠷᠣᠯᠴᠠᠭᠰᠠᠨ ᠴᠤ ᠲᠡᠷᠡ᠂ ᠲᠡᠷᠡ ᠴᠥᠮ ᠠᠯᠢᠪᠠ ᠠᠵᠢᠯ ᠤᠨ ᠡᠭᠦᠷᠭᠡ ᠪᠠᠨ ᠨᠠᠷᠢᠨ ᠬᠢᠨᠠᠮᠠᠭᠠᠢ ᠰᠠᠶᠢᠲᠤᠷ ᠪᠡᠶᠡᠯᠡᠭᠦᠯᠵᠦ᠂ ᠥᠴᠦᠬᠡᠨ ᠴᠦ ᠣᠰᠣᠯᠳᠠᠬᠤ ᠦᠭᠡᠢ ᠪᠠᠶᠢᠬᠤ ᠶᠢ ᠬᠢᠴᠢᠶᠡᠨ ᠠᠵᠢᠯᠯᠠᠵᠦ ᠪᠠᠶᠢᠯ᠎ᠠ᠃      ᠴᠡᠷᠢᠭ ᠤᠨ ᠬᠤᠪᠴᠠᠰᠤ ᠪᠠᠨ ᠲᠠᠶᠢᠯᠤᠮᠠᠭᠴᠠ᠂ ᠴᠠᠭᠳᠠᠭᠠᠨ ᠤ ᠬᠤᠪᠴᠠᠰᠤ ᠡᠮᠦᠰᠦᠯ᠎ᠡ᠃ ᠮᠠᠨᠵᠤᠤᠷ ᠠᠴᠠ ᠴᠡᠷᠢᠭ ᠠᠴᠠ ᠪᠠᠨ ᠬᠠᠯᠠᠭᠳᠠᠭᠠᠳ ᠪᠤᠴᠠᠵᠦ ᠢᠷᠡᠭᠰᠡᠨ ᠤᠬᠠᠭᠠᠨᠴᠢ 2011 ᠣᠨ ᠳᠤ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠳᠤ ᠠᠵᠢᠯ ᠤᠨ ᠭᠠᠷᠤᠭ᠎ᠠ ᠪᠠᠨ ᠠᠪᠤᠭᠰᠠᠨ ᠠᠴᠠ ᠨᠠᠭᠠᠰᠢ᠂ ᠯᠠᠪᠳᠠᠭᠤᠨ ᠪᠠᠲᠤᠲᠠᠢ ᠠᠵᠢᠯᠯᠠᠵᠤ᠂ ᠤᠯᠠᠨ ᠤᠳᠠᠭ᠎ᠠ ᠲᠡᠷᠢᠭᠦᠨ ᠤ ᠬᠤᠪᠢ ᠬᠥᠮᠦᠨ᠂ ᠰᠢᠯᠢᠳᠡᠭ ᠠᠵᠢᠯᠳᠠᠨ ᠢᠶᠠᠷ ᠰᠤᠩᠭᠤᠭᠳᠠᠵᠦ ᠥᠩᠭᠡᠷᠡᠵᠡᠢ᠃ 2017 ᠣᠨ ᠳᠤ᠂ ᠲᠡᠭᠦᠨ ᠢ ᠪᠠᠰᠠ ᠬᠤᠤᠷᠲᠤ ᠡᠳ᠋ ᠤᠨ ᠶᠠᠯᠠᠲᠤ ᠡᠲᠡᠭᠡᠳ ᠢ ᠪᠠᠷᠢᠪᠴᠢᠯᠠᠬᠤ ᠴᠠᠭᠳᠠᠭ᠎ᠠ ᠶᠢᠨ ᠠᠵᠢᠯ ᠤᠨ ᠪᠠᠶᠢᠷᠢ ᠳᠤ ᠲᠣᠬᠢᠷᠠᠭᠤᠯᠵᠤ᠂ ᠣᠲᠣ ᠪᠣᠯᠲᠠᠯ᠎ᠠ ᠨᠢᠭᠡᠨᠲᠡ ᠶᠡᠭᠡ ᠪᠠᠭ᠎ᠠ ᠬᠤᠤᠷᠲᠤ ᠡᠳ᠋ ᠤᠨ ᠬᠡᠷᠡᠭ ᠢ ᠮᠠᠰᠢ ᠣᠯᠠᠨ ᠳᠡᠩᠨᠡᠨ ᠢᠯᠡᠷᠡᠭᠦᠯᠵᠦ᠂ ᠮᠦᠷᠳᠡᠨ ᠪᠠᠶᠢᠴᠠᠭᠠᠯᠳᠠ ᠶᠢᠨ ᠤᠯᠠ ᠮᠦᠷ ᠨᠢ ᠥᠪᠥᠷ ᠮᠣᠩᠭᠤᠯ ᠴᠢᠨᠠᠭᠰᠢᠯᠠᠪᠠᠯ ᠪᠥᠬᠦ ᠤᠯᠤᠰ ᠤᠨ ᠡᠯ᠎ᠡ ᠭᠠᠵᠠᠷ ᠲᠤ ᠲᠦᠭᠡᠵᠦ᠂ ᠢᠯᠡᠳᠲᠡ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃       ᠤᠬᠠᠭᠠᠨᠴᠢ᠄ ︽ᠬᠡᠳᠦ᠋ᠢᠪᠡᠷ ᠠᠵᠢᠯ ᠶᠠᠭᠠᠷᠠᠤ᠂ ᠵᠦᠳᠡᠷᠡᠯᠲᠡᠢ ᠪᠣᠯᠪᠠᠴᠤ ᠨᠤᠲᠤᠭ ᠤᠨ ᠠᠷᠠᠳ᠂ ᠭᠡᠷ ᠤᠨ ᠬᠥᠮᠦᠰ ᠪᠤᠯᠤᠨ ᠰᠠᠳᠤᠨ ᠲᠥᠷᠥᠯ ᠨᠠᠶᠢᠵᠠ ᠨᠦᠬᠦᠳ ᠤᠨ ᠮᠢᠨᠢ ᠬᠠᠯᠠᠮᠵᠢ ᠰᠠᠨᠠᠭᠠᠯᠵᠠᠯ ᠪᠠᠶᠢᠭᠰᠠᠨ ᠴᠠᠭ ᠲᠤ ᠰᠡᠳᠬᠢᠯ  ᠳᠤ ᠮᠠᠰᠢ ᠳᠤᠯᠠᠭᠠᠬᠠᠨ ᠪᠠᠶᠢᠳᠠᠭ᠂ ᠠᠬ᠎ᠠ ᠳᠡᠭᠦᠦ ᠠᠶᠢᠮᠠᠭ ᠬᠤᠳᠠ ᠶᠢᠨ ᠲᠠᠶᠢᠴᠢᠨ ᠨᠥᠬᠦᠳ ᠨᠠᠷ ᠠᠵᠢᠯ ᠤᠨ ᠲᠠᠯ᠎ᠠ ᠪᠠᠷ ᠬᠠᠷᠢᠯᠴᠠᠨ ᠬᠠᠪᠰᠤᠷᠤᠯᠴᠠᠵᠤ᠂ ᠠᠮᠢᠳᠤᠷᠠᠯ ᠤᠨ ᠲᠠᠯ᠎ᠠ ᠪᠠᠷ ᠬᠠᠷᠢᠯᠴᠠᠨ ᠵᠤᠷᠢᠭᠵᠢᠭᠤᠯᠵᠦ ᠪᠠᠶᠢᠭ᠎ᠠ ᠲᠤᠯᠠ ᠡᠳᠦᠷᠵᠢᠨ ᠮᠠᠰᠢ ᠤᠳᠬ᠎ᠠ ᠠᠭᠤᠯᠭ᠎ᠠ ᠲᠠᠢ᠃ ᠮᠠᠨᠵᠤᠤᠷ ᠤᠳᠠᠯ ᠦᠭᠡᠶ ᠠᠶᠦᠯᠲᠦ ᠬᠢᠵᠢᠭ ᠢ ᠦᠯᠳᠡᠨ ᠶᠠᠪᠤᠭᠤᠯᠵᠦ ᠴᠢᠳᠠᠨ᠎ᠠ ᠭᠡᠳᠡᠭ ᠲᠤ ᠪᠢᠳᠡ ᠪᠠᠲᠤ ᠢᠲᠡᠭᠡᠵᠦ ᠪᠠᠶᠢᠨ᠎ᠠ᠂ ᠲᠡᠷᠡ ᠦᠶ᠎ᠡ ᠳᠤ ᠣᠯᠠᠨ ᠢᠶᠠᠷ ᠢᠶᠠᠨ ᠨᠢᠭᠡ ᠳᠣᠣᠷ᠎ᠠ ᠴᠤᠭᠯᠠᠷᠠᠨ ᠪᠠᠶᠠᠷ ᠬᠥᠷ ᠲᠠᠢ ᠪᠠᠷ ᠰᠢᠨ᠎ᠡ ᠵᠢᠯ ᠢ ᠥᠩᠭᠡᠷᠡᠭᠦᠯᠬᠦ ᠪᠣᠯᠤᠨ᠎ᠠ︾ ᠬᠡᠵᠦ ᠳᠤᠭᠳᠤᠯᠤᠨ ᠶᠠᠷᠢᠵᠦ ᠪᠠᠶᠢᠯ᠎ᠠ᠃      ᠨᠢᠭᠡ ᠨᠠᠮ ᠤᠨ ᠭᠡᠰᠢᠭᠦᠨ ᠪᠣᠯ ᠳᠠᠷᠤᠢ ᠨᠢᠭᠡᠨ ᠲᠤᠭ ᠲᠡᠮᠳᠡᠭ ᠮᠥᠨ᠂ ᠠᠶᠤᠯ ᠲᠦᠭᠰᠢᠭᠦᠷᠢ ᠲᠠᠢ ᠦᠶ᠎ᠡ ᠳᠤ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ ᠤᠬ ᠰᠠᠨᠠᠭ᠎ᠠ ᠪᠠᠨ ᠦᠢᠯᠡᠳᠦᠯᠭᠡᠵᠢᠭᠦᠯᠳᠡᠭ᠃ ᠡᠨᠡ ᠤᠳᠠᠭᠠᠨ ᠤ ᠳᠠᠷᠢ ᠶᠢᠨ ᠤᠲᠤᠭ᠎ᠠ ᠦᠬᠡᠢ ᠳᠠᠶᠢᠨ ᠳᠤ᠂ ᠬᠢᠵᠢᠭ ᠢ ᠡᠰᠡᠷᠭᠦᠴᠡᠬᠦ ᠪᠦᠷᠢᠶ᠎ᠡ ᠬᠥᠮᠦᠰ ᠤᠨ ᠰᠡᠳᠬᠢᠯ ᠳᠤ ᠳᠠᠬᠢᠨᠲᠠ ᠴᠤᠤᠷᠢᠶᠠᠲᠤᠵᠤ᠂ ᠤᠬᠠᠭᠠᠨᠴᠢ ᠲᠡᠭᠦᠨ ᠤ ᠳᠠᠶᠢᠴᠢᠨ ᠨᠥᠬᠦᠳ ᠲᠠᠢ ᠪᠠᠨ ᠬᠠᠮᠲᠤ ᠪᠠᠷ ᠬᠠᠶᠢᠷ᠎ᠠ᠂ ᠬᠠᠷᠢᠭᠤᠴᠠᠯᠭ᠎ᠠ ᠪᠠᠷ ᠢᠶᠠᠨ ᠥᠪᠡᠷ ᠤᠨ ᠨᠠᠮ ᠤᠨ ᠲᠤᠭ ᠤᠨ ᠳᠣᠣᠷᠠᠬᠢ ᠲᠠᠩᠭᠠᠷᠢᠭ ᠢᠶᠠᠨ ᠦᠢᠯᠡᠳᠦᠯᠭᠡᠵᠢᠭᠦᠯᠵᠦ ᠪᠢᠯᠡ᠃ ︵ ᠠᠪᠠᠭ᠎ᠠ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ  ᠮᠦᠩᠬᠡᠨᠠᠰᠤᠨ ᠮᠡᠳᠡᠭᠡᠯᠡᠪᠡ︶ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ