ᠠᠷᠠᠳ ᠤᠨ ᠴᠠᠭᠳᠠᠭ᠎ᠠ ᠲᠦᠷᠢᠶᠡᠰᠦᠨ ᠭᠡᠷ ᠲᠤ ᠪᠠᠨ ᠪᠠᠭᠤᠤ ᠪᠠᠨ ᠣᠭᠳᠤᠯᠤᠭᠰᠠᠨ ᠨᠢᠭᠡᠨ ᠡᠮᠡᠭᠲᠡᠢ ᠶᠢ ᠠᠪᠤᠷᠠᠪᠠ
ᠨᠡᠶᠢᠲᠡᠯᠡᠭᠰᠡᠨ ᠴᠠᠭ᠄
2022/1/27
      ᠣᠶᠢᠷ᠎ᠠ ᠳᠤ᠂ ᠦᠬᠠᠶ ᠬᠤᠲᠠ ᠶᠢᠨ ᠬᠠᠶᠢᠷᠤᠪ ᠤᠨ ᠲᠣᠬᠤᠶ ᠳᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠹᠧᠩ ᠬᠤᠸᠠᠩ ᠯᠢᠩ ᠲᠣᠮᠢᠯᠠᠭᠰᠠᠨ ᠰᠠᠯᠪᠤᠷᠢ ᠬᠠᠷᠢᠶ᠎ᠠ ᠣᠷᠣᠨ ᠳᠠᠬᠢ ᠵᠠᠩ ᠠᠪᠠᠭ᠋ᠠᠶ ᠶᠢᠨ ᠬᠡᠷᠡᠭ ᠤᠨ ᠮᠡᠳᠡᠭᠦᠯᠦᠯᠲᠡ ᠶᠢ ᠲᠤᠰᠪᠠ᠃ ᠲᠡᠷᠡ᠂ ᠥᠪᠡᠷ ᠤᠨ ᠥᠬᠢᠨ ᠤ ᠪᠠᠨ ᠢᠷᠡᠭᠦᠯᠦᠭᠰᠡᠨ ︽ᠪᠢ ᠶᠠᠳᠠᠷᠠᠵᠤ ᠪᠠᠶᠢᠨ᠎ᠠ᠂ ᠪᠢ ᠰᠠᠶᠢᠨ ᠠᠮᠠᠷᠠᠶ᠎ᠠ︾ ᠭᠡᠰᠡᠨ ᠠᠭᠤᠯᠭ᠎ᠠ ᠲᠠᠢ ᠣᠬᠤᠷ ᠮᠡᠳᠡᠭᠡ ᠶᠢ ᠣᠯᠵᠤ᠂ ᠣᠯᠠᠨ ᠤᠳᠠᠭ᠎ᠠ ᠤᠲᠠᠰᠤ ᠪᠠᠷ ᠬᠠᠷᠢᠯᠴᠠᠭᠠᠳ ᠬᠠᠷᠢᠯᠴᠠᠵᠤ ᠳᠡᠶᠢᠯᠦᠭᠰᠡᠨ ᠦᠭᠡᠢ ᠪᠣᠯᠬᠤᠷ ᠥᠪᠡᠷ ᠤᠨ ᠥᠬᠢᠨ ᠸᠠᠩ ᠣᠪᠣᠭᠲᠤ ᠪᠡᠶ᠎ᠡ ᠪᠠᠨ ᠬᠤᠤᠷᠯᠠᠬᠤ ᠬᠠᠨᠳᠤᠰᠢ ᠲᠠᠢ ᠭᠡᠵᠦ ᠰᠡᠵᠢᠭᠯᠡᠵᠦ ᠪᠠᠶᠢᠨ᠎ᠠ ᠭᠡᠪᠡ᠃       ᠪᠠᠶᠢᠳᠠᠯ ᠪᠠᠴᠢᠮ᠂ ᠵᠠᠷᠯᠢᠭ ᠳᠤᠰᠤᠭᠰᠠᠨ ᠤ ᠳᠠᠷᠠᠭ᠎ᠠ᠂ 4 ᠠᠷᠠᠳ ᠤᠨ ᠴᠠᠭᠳᠠᠭ᠎ᠠ ᠳᠠᠷᠤᠶ ᠲᠦᠷᠭᠡᠨ ᠬᠥᠳᠡᠯᠦᠯᠴᠡᠵᠦ᠂ ᠲᠤᠬᠠᠶ ᠶᠢᠨ ᠲᠠᠯᠠᠪᠠᠶ ᠳᠤ ᠭᠦᠷᠦᠭᠰᠡᠨ ᠤ ᠳᠠᠷᠠᠭ᠎ᠠ ᠡᠭᠦᠳᠡ ᠨᠢ ᠨᠢᠭᠡᠨᠲᠡ ᠭᠡᠳᠡᠷᠭᠦ ᠣᠨᠢᠰᠤᠯᠠᠭᠳᠠᠭᠰᠠᠨ ᠢ ᠣᠯᠵᠤ ᠮᠡᠳᠡᠵᠡᠶ᠂ ᠡᠭᠦᠳᠡ ᠲᠣᠭᠰᠢᠬᠤ᠂ ᠶᠡᠭᠡ ᠲᠠᠭᠤᠨ ᠢᠶᠠᠷ ᠬᠠᠰᠬᠢᠷᠬᠤ ᠳᠤ ᠴᠥᠮ ᠬᠠᠷᠢᠭᠤ ᠥᠬᠡᠶ᠃ ᠠᠷᠠᠳ ᠤᠨ ᠴᠠᠭᠳᠠᠭ᠎ᠠ ᠡᠷᠡᠰ ᠰᠢᠭᠤᠷᠬᠠᠶ ᠪᠠᠷ ᠡᠭᠦᠳᠡ ᠶᠢᠨ ᠣᠨᠢᠰᠤ ᠶᠢ ᠬᠥᠰᠢᠨ ᠨᠡᠭᠡᠭᠡᠵᠦ᠂ ᠬᠡᠷ ᠲᠤ ᠨᠢ ᠤᠷᠤᠭᠰᠠᠨ ᠳᠤ᠂ ᠬᠡᠷ ᠳᠣᠲᠣᠷ᠎ᠠ ᠠᠷᠢᠭᠤᠳᠬᠠᠬᠤ ᠤᠰᠤᠨ ᠤ ᠦᠨᠦᠷ ᠬᠠᠩᠬᠤᠯᠵᠤ᠂ ᠸᠠᠩ ᠣᠪᠣᠭᠲᠤ ᠤᠨᠲᠠᠬᠤ ᠥᠷᠥᠭᠡᠨ ᠤ ᠭᠠᠵᠠᠷ ᠳᠡᠭᠡᠷ᠎ᠡ ᠪᠠᠨ ᠮᠠᠨᠠᠷᠠᠭᠰᠠᠨ ᠪᠦᠭᠡᠳ ᠳᠡᠷᠭᠡᠳᠡ ᠨᠢ ᠠᠷᠢᠭᠤᠳᠬᠠᠬᠤ ᠤᠰᠤᠨ ᠤ ᠯᠣᠩᠬᠤ ᠪᠠᠶᠢᠬᠤ ᠶᠢ ᠡᠵᠢ ᠨᠢ ᠬᠠᠷᠠᠭᠠᠳ ᠪᠠᠴᠢᠮᠳᠠᠨ ᠰᠠᠨᠳᠤᠷᠤᠨ ᠮᠢᠨᠤ ᠥᠬᠢᠨ ᠢ ᠠᠪᠤᠷᠠᠭᠠᠴᠢ ᠭᠡᠵᠦ ᠴᠠᠭᠳᠠᠭ᠎ᠠ ᠠᠴᠠ ᠲᠤᠰᠠᠯᠠᠮᠵᠢ ᠭᠤᠶᠤᠪᠠ᠃       ᠴᠠᠭᠳᠠᠭ᠎ᠠ ᠲᠡᠷᠡ ᠳᠠᠷᠤᠶ ᠳᠤ ᠨᠢ ᠸᠠᠩ ᠣᠪᠣᠭᠲᠤ ᠶᠢᠨ ᠪᠡᠶ᠎ᠡ ᠶᠢᠨ ᠪᠠᠶᠢᠳᠠᠯ ᠢ ᠪᠠᠶᠢᠴᠠᠭᠠᠭᠠᠳ᠂ ᠥᠬᠢᠨ ᠤ ᠬᠦᠷᠮ᠎ᠡ ᠨᠢ ᠠᠷᠢᠭᠤᠳᠬᠠᠬᠤ ᠤᠰᠤᠨ ᠳᠤ ᠢᠳᠡᠭᠳᠡᠵᠦ᠂ ᠵᠡᠭᠦᠨ ᠭᠠᠷ ᠤᠨ ᠪᠠᠭᠤᠤ ᠶᠢᠨ ᠬᠡᠰᠡᠭ ᠲᠤ ᠢᠯᠡᠷᠬᠡᠶ ᠰᠢᠷᠬ᠎ᠠ ᠲᠠᠢ᠂ ᠭᠠᠷ ᠬᠥᠯ ᠨᠢ ᠭᠦᠪ ᠬᠦᠢᠲᠡᠨ ᠪᠣᠯᠪᠠᠴᠤ ᠮᠥᠨ ᠯᠡ ᠠᠮᠢ ᠨᠠᠰᠤᠨ ᠤ ᠪᠡᠶ᠎ᠡ ᠶᠢᠨ ᠢᠯᠡᠷᠡᠯ ᠲᠠᠢ ᠪᠠᠶᠢᠬᠤ ᠶᠢ ᠣᠯᠵᠤ ᠮᠡᠳᠡᠪᠡ᠃ ᠪᠠᠶᠢᠳᠠᠯ ᠪᠠᠴᠢᠮ᠂ ᠡᠷᠬᠡᠪᠰᠢ ᠸᠠᠩ ᠣᠪᠣᠭᠲᠤ ᠶᠢ ᠳᠠᠷᠦ᠋ᠢᠬᠠᠨ ᠡᠮᠨᠡᠯᠭᠡ ᠳᠤ ᠬᠦᠷᠭᠡᠵᠦ ᠡᠮᠨᠡᠭᠦᠯᠬᠦ ᠬᠡᠷᠡᠭᠲᠡᠶ᠃ ᠠᠷᠠᠳ ᠤᠨ ᠴᠠᠭᠳᠠᠭ᠎ᠠ ᠨᠠᠷ ᠲᠡᠷᠡ ᠳᠠᠷᠤᠶ ᠳᠤ ᠨᠢ ᠠᠵᠢᠯ ᠢᠶᠠᠨ ᠬᠤᠪᠢᠶᠠᠷᠢᠯᠠᠵᠤ᠂ ᠸᠠᠩ ᠣᠪᠣᠭᠲᠤ ᠶᠢ ᠴᠠᠭᠳᠠᠭᠠᠨ ᠲᠡᠷᠭᠡᠨ ᠳᠤ ᠭᠠᠷᠭᠠᠨ᠂ ᠴᠠᠭᠳᠠᠭᠠᠨ ᠳ᠋ᠧᠩ ᠢᠶᠠᠨ ᠠᠰᠠᠭᠠᠵᠤ᠂ ᠴᠠᠭᠳᠠᠭᠠᠨ ᠳᠣᠬᠢᠶ᠎ᠠ ᠪᠠᠨ ᠳᠤᠤᠭᠠᠷᠭᠠᠨ᠂ ᠴᠠᠭ ᠮᠥᠴᠡ ᠲᠠᠢ ᠤᠷᠤᠯᠳᠤᠨ᠂ ᠦᠬᠠᠶ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠬᠦ ᠰᠠᠯᠠᠭ᠎ᠠ ᠲᠠᠢ ᠬᠠᠷᠢᠯᠴᠠᠪᠠ᠃       ᠵᠠᠮ ᠲᠤᠷᠰᠢ᠂ ᠠᠷᠠᠳ ᠤᠨ ᠴᠠᠭᠳᠠᠭ᠎ᠠ ᠬᠠᠰᠬᠢᠭᠤᠷ ᠢᠶᠠᠷ ᠲᠡᠷᠭᠡ ᠵᠢᠴᠢ ᠶᠠᠪᠠᠭᠠᠨ ᠬᠥᠮᠦᠨ ᠳᠤ ᠵᠠᠮ ᠲᠠᠯᠪᠢᠵᠤ ᠥᠭᠬᠦ ᠶᠢ ᠰᠠᠨᠠᠭᠤᠯᠵᠤ᠂ ᠬᠤᠶᠢᠨ᠎ᠠ ᠨᠢ ᠰᠠᠭᠤᠵᠤ ᠪᠠᠶᠢᠭ᠎ᠠ ᠠᠷᠠᠳ ᠤᠨ ᠴᠠᠭᠳᠠᠭ᠎ᠠ ᠸᠠᠩ ᠣᠪᠣᠭᠲᠤ ᠶᠢᠨ ᠨᠡᠷ᠎ᠡ ᠶᠢ ᠲᠠᠰᠤᠷᠠᠯᠲᠠ ᠦᠭᠡᠢ ᠬᠠᠰᠬᠢᠷᠴᠤ᠂ ᠦᠷᠭᠦᠯᠵᠢᠯᠡᠨ ᠮᠠᠨᠠᠷᠠᠬᠤ ᠠᠴᠠ ᠰᠡᠷᠭᠡᠶᠢᠯᠡᠨ᠂ ᠭᠠᠷ ᠢᠶᠠᠷ ᠢᠶᠠᠨ ᠸᠠᠩ ᠣᠪᠣᠭᠲᠤ ᠶᠢᠨ ᠲᠣᠯᠣᠭᠠᠶ ᠶᠢ ᠡᠷᠭᠦᠵᠦ᠂ ᠲᠡᠭᠦᠨ ᠤ ᠬᠡᠪ ᠢᠶᠠᠷ ᠠᠮᠢᠰᠬᠤᠬᠤ ᠶᠢ ᠪᠠᠲᠤᠯᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠦᠬᠠᠶ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠪᠡ᠃       ᠡᠮᠨᠡᠯᠭᠡ ᠳᠤ ᠬᠦᠷᠦᠭᠰᠡᠨ ᠤ ᠳᠠᠷᠠᠭ᠎ᠠ᠂ ᠠᠷᠠᠳ ᠤᠨ ᠴᠠᠭᠳᠠᠭ᠎ᠠ ᠨᠠᠷ ᠡᠮᠴᠢ ᠨᠡᠷ ᠢ ᠬᠠᠮᠵᠢᠨ ᠸᠠᠩ ᠣᠪᠣᠭᠲᠤ ᠶᠢ ᠲᠦᠷᠭᠡᠨ ᠡᠮᠨᠡᠬᠦ ᠲᠠᠰᠤᠭ ᠲᠤ ᠬᠦᠷᠭᠡᠵᠡᠢ ᠃ ᠠᠷᠠᠳ ᠤᠨ ᠴᠠᠭᠳᠠᠭ᠎ᠠ ᠳᠠᠷᠤᠢ ᠲᠦᠷᠭᠡᠨ ᠠᠪᠤᠷᠠᠨ ᠲᠤᠰᠠᠯᠠᠭᠰᠠᠨ ᠠᠴᠠ ᠡᠮᠨᠡᠯᠭᠡ ᠶᠢᠨ ᠬᠤᠷᠢᠶᠠᠨ ᠤ ᠲᠦᠷᠭᠡᠨ ᠠᠪᠤᠷᠠᠯᠳᠠ ᠳᠤ ᠡᠷᠬᠢᠮ ᠨᠠᠨᠳᠢᠨ ᠴᠠᠭ ᠣᠯᠭᠤᠵᠠᠶ᠂ ᠣᠳᠣᠬᠠᠨ ᠳᠤ ᠸᠠᠩ ᠣᠪᠣᠭᠲᠤ ᠨᠢᠭᠡᠨᠲᠡ ᠠᠮᠢ ᠨᠠᠰᠤᠨ ᠤ ᠠᠶᠤᠯ ᠠᠴᠠ  ᠮᠣᠯᠳᠤᠷᠠᠪᠠ᠃ 
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ