ᠦᠨᠳᠦᠰᠦᠨ ᠱᠠᠲᠤᠨ ᠳᠤ 20 ᠰᠢᠬᠠᠮ ᠵᠢᠯ ᠢ ᠨᠢᠭᠡ ᠡᠳᠦᠷ ᠮᠡᠲᠦ ᠠᠵᠢᠯᠯᠠᠨ ᠠᠵᠢᠯ ᠢᠶᠠᠨ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/1/27
      ᠯᠢᠦ ᠴᠧᠩ ᠴᠢᠤᠸᠠᠨ᠂ 1988 ᠣᠨ ᠳᠤ ᠴᠡᠷᠢᠭ ᠲᠤ ᠣᠷᠣᠵᠤ᠂ 2004 ᠣᠨ ᠳᠤ ᠳᠣᠲᠣᠭᠠᠳᠤ ᠶᠢ ᠬᠠᠮᠠᠭᠠᠯᠠᠬᠤ ᠠᠵᠢᠯ ᠤᠨ ᠪᠠᠶᠢᠷᠢ ᠳᠤ ᠭᠠᠷᠴᠤ᠂ ᠴᠠᠭᠳᠠᠭᠠᠨ ᠤ ᠠᠵᠢᠯ ᠢ 18 ᠵᠢᠯ ᠬᠢᠵᠦ᠂ ᠢᠮᠠᠭᠲᠠ ᠦᠨᠳᠦᠰᠦᠨ ᠱᠠᠲᠤᠨ ᠤ ᠡᠮᠦᠨ᠎ᠡ ᠹᠷᠣᠨᠲ ᠢ ᠪᠠᠲᠤ ᠰᠠᠬᠢᠪᠠ᠃ ᠬᠡᠭᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠬᠠᠷᠢᠶᠠᠲᠤ ᠣᠷᠣᠨ ᠤ ᠪᠠᠨ ᠨᠡᠶᠢᠭᠡᠮ ᠤᠨ ᠡᠮᠬᠢ ᠳᠢᠭᠯᠢᠮ ᠪᠠ ᠠᠮᠤᠷ ᠲᠦᠪᠰᠢᠨ ᠡᠮᠬᠢ ᠳᠢᠭᠯᠢᠮ ᠢ ᠬᠠᠮᠠᠭᠠᠯᠠᠵᠤ᠂ ᠥᠷᠭᠡᠨ ᠥᠯᠠᠨ ᠠᠶᠢᠯ ᠡᠷᠦᠬᠡ ᠶᠢᠨ ᠠᠮᠤᠷ ᠲᠠᠶᠢᠪᠤᠩ ᠪᠠ ᠠᠮᠤᠷ ᠲᠣᠭᠲᠠᠭᠤᠨ ᠢ ᠬᠠᠮᠠᠭᠠᠯᠠᠵᠤ ᠪᠠᠶᠢᠨ᠎ᠠ᠃      ᠡᠷᠦᠬᠡ ᠠᠮᠠ ᠶᠢᠨ ᠳᠡᠪᠲᠡᠷ ᠲᠠᠢ ᠪᠣᠯᠪᠠᠯ ᠬᠡᠦᠬᠡᠳ ᠤᠨ ᠢᠷᠡᠭᠡᠳᠦᠶ ᠡᠷᠡᠮᠡᠯᠵᠡᠯ ᠲᠠᠢ ᠪᠣᠯᠤᠨ᠎ᠠ      ᠯᠢᠦ ᠴᠧᠩ ᠴᠢᠤᠸᠠᠨ ᠡᠨᠡ ᠬᠦ ᠠᠵᠢᠯ ᠳᠤ ᠪᠠᠨ ᠲᠥᠪ ᠴᠢᠩᠭ᠎ᠠ ᠨᠠᠷᠢᠨ ᠬᠢᠨᠠᠮᠠᠭᠠᠢ᠂ ᠬᠠᠷᠢᠶᠠᠲᠤ ᠣᠷᠣᠨ ᠤ ᠬᠡᠦᠬᠡᠳ ᠤᠳ ᠤᠨ ᠳᠤᠮᠳᠠ ᠡᠶᠡᠯᠰᠡᠭ ᠳᠣᠲᠣᠨᠣ ︽ᠬᠡᠦᠬᠡᠳ ᠤᠨ ᠲᠦᠷᠦᠭᠦᠦ︾ ᠪᠠᠶᠢᠵᠤ᠂ ᠬᠡᠦᠬᠡᠳ ᠤᠳ ᠤᠨ ᠪᠢᠰᠢᠷᠡᠳᠡᠭ ᠯᠢᠦ ᠠᠪᠠᠭ᠎ᠠ ᠪᠣᠯᠤᠨ᠎ᠠ᠃ ᠲᠡᠭᠦᠨ ᠤ ︽ᠬᠥᠮᠦᠨ ᠤ ᠬᠠᠷᠢᠴᠠᠭ᠎ᠠ ᠰᠠᠶᠢᠨ︾ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠪᠣᠳᠠᠲᠤ ᠶᠠᠪᠤᠳᠠᠯ ᠬᠢᠵᠦ ᠥᠭᠬᠦ ᠳᠤᠮᠳᠠ ᠪᠠᠭ᠎ᠠ ᠪᠠᠭ᠎ᠠ ᠪᠠᠷ ᠬᠤᠷᠠᠮᠳᠤᠭᠤᠯᠤᠭᠰᠠᠨ ᠶᠤᠮ᠃      ᠬᠠᠷᠢᠶᠠᠲᠤ ᠣᠷᠣᠨ ᠤ ᠬᠡᠦᠬᠡᠳ ᠪᠠᠶ ᠣᠪᠣᠭᠲᠤ ︵ᠪᠤᠷᠤᠭᠤᠯᠠᠭᠰᠠᠨ ᠨᠡᠷ᠎ᠡ︶ ᠡᠷᠦᠬᠡ ᠠᠮᠠ ᠶᠢᠨ ᠲᠠᠩᠰᠠ ᠥᠬᠡᠶ᠂ ᠨᠢᠭᠡᠨᠲᠡ ᠰᠤᠷᠬᠤ ᠨᠠᠰᠤᠨ ᠳᠤ ᠭᠦᠷᠦᠭᠰᠡᠨ  ᠪᠣᠯᠪᠠᠴᠤ ᠰᠤᠷᠭᠠᠭᠤᠯᠢ ᠳᠤ ᠣᠷᠣᠵᠤ ᠳᠡᠶᠢᠯᠬᠦ ᠥᠬᠡᠶ ᠦᠶᠡᠰ᠂ ᠲᠡᠭᠦᠨ ᠤ ᠡᠮᠡᠭᠡ ᠵᠠᠩ ᠣᠪᠣᠭᠲᠤ ᠲᠣᠮᠢᠯᠠᠭᠰᠠᠨ ᠰᠠᠯᠪᠤᠷᠢ ᠠᠴᠠ ᠲᠤᠰᠠᠯᠠᠮᠵᠢ ᠭᠤᠶᠤᠴᠢᠯᠠᠵᠠᠶ᠃ ᠪᠠᠶᠢᠳᠠᠯ ᠢ ᠮᠡᠳᠡᠭᠰᠡᠨ ᠤ ᠳᠠᠷᠠᠭ᠎ᠠ᠂ ᠯᠢᠦ ᠴᠧᠩ ᠴᠢᠤᠸᠠᠨ ᠲᠡᠷᠡ ᠳᠠᠷᠤᠢ ᠳᠤ ᠨᠢ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠪᠠᠶᠢᠳᠠᠯ ᠢ ᠣᠶᠢᠯᠠᠭᠠᠪᠠ᠃ ᠪᠠᠶᠢᠴᠠᠭᠠᠭᠰᠠᠨ ᠢᠶᠠᠷ᠂ ᠪᠠᠶ ᠣᠪᠣᠭᠲᠤ 2014 ᠣᠨ ᠳᠤ ᠲᠥᠷᠥᠭᠰᠡᠨ ᠤ ᠳᠠᠷᠠᠭ᠎ᠠ ᠲᠥᠷᠥᠭᠰᠡᠨ ᠭᠡᠷᠡᠴᠢ ᠠᠪᠤᠭᠰᠠᠨ ᠦᠭᠡᠶ᠂ ᠰᠡᠭᠦᠯᠡᠷ ᠨᠢ ᠡᠴᠢᠭᠡ ᠡᠬᠡ ᠨᠢ ᠤᠷᠤᠭ ᠰᠠᠯᠤᠭᠰᠠᠨ ᠤ ᠰᠡᠭᠦᠯᠡᠷ ᠪᠦᠷ ᠨᠤᠲᠤᠭ ᠠᠴᠠ ᠪᠠᠨ ᠰᠠᠯᠤᠭᠠᠳ ᠪᠠᠷ᠎ᠠ ᠰᠤᠷᠠᠭ ᠦᠭᠡᠶ ᠪᠣᠯᠵᠤ᠂ ᠪᠠᠶ ᠣᠪᠣᠭᠲᠤ ᠶᠢ ᠡᠮᠡᠭᠡ ᠨᠢ ᠭᠠᠭᠴᠠᠭᠠᠷ ᠠᠰᠠᠷᠠᠨ ᠲᠡᠵᠢᠭᠡᠭᠡᠳ ᠣᠳᠣ ᠪᠣᠯᠲᠠᠯ᠎ᠠ ᠡᠷᠦᠬᠡ ᠠᠮᠠ ᠶᠢᠨ ᠳᠠᠩᠰᠠ ᠪᠦᠷᠢᠳᠬᠡᠭᠦᠯᠦᠭᠰᠡᠨ ᠦᠭᠡᠶ᠃ ᠯᠢᠦ ᠴᠧᠩ ᠴᠢᠤᠸᠠᠨ ᠬᠡᠳᠦᠢ ᠬᠦᠴᠢᠷ ᠪᠠᠶᠢᠭᠰᠠᠨ ᠴᠤ ᠵᠠᠪᠠᠯ ᠡᠨᠡ ᠬᠦ ᠭᠠᠰᠢᠭᠤᠨ ᠵᠣᠪᠠᠯᠠᠩ ᠲᠠᠢ ᠬᠡᠦᠬᠡᠳ ᠲᠤ ᠨᠢᠭᠡᠨ ᠬᠠᠤᠯᠢ ᠶᠣᠰᠣᠨ ᠤ ᠪᠡᠶ᠎ᠡ ᠶᠢᠨ ᠭᠠᠷᠤᠯ ᠣᠯᠭᠤᠬᠤ ᠪᠠᠷ ᠵᠣᠷᠢᠭ ᠰᠢᠭᠤᠳᠴᠤ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠥᠮᠦᠰ ᠢ ᠦᠳᠲᠡᠷ ᠲᠦᠷᠭᠡᠨ ᠵᠣᠬᠢᠴᠠᠭᠤᠯᠵᠤ ᠪᠠᠶᠢᠭᠠᠳ ᠤᠯᠠᠨ ᠲᠠᠯ᠎ᠠ ᠶᠢᠨ ᠪᠠᠶᠢᠴᠠᠭᠠᠯᠲᠠ ᠬᠢᠯᠭᠡᠵᠦ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠢ ᠵᠣᠬᠢᠴᠠᠭᠤᠯᠵᠤ ᠪᠠᠶᠢᠭᠠᠳ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢ ᠪᠦᠷᠢᠯᠳᠦᠭᠦᠯᠵᠦ᠂ ᠵᠢᠷᠤᠮ ᠤᠨ ᠲᠣᠭᠲᠠᠭᠠᠯ ᠶᠣᠰᠣᠭᠠᠷ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠲᠠᠢ ᠬᠠᠷᠢᠯᠴᠠᠵᠤ ᠴᠢᠰᠤ ᠠᠪᠴᠤ ᠬᠦᠷᠭᠡᠨ ᠪᠠᠶᠢᠴᠠᠭᠠᠯᠭᠠᠵᠤ᠂ ᠪᠠᠶ ᠣᠪᠣᠭᠲᠤ ᠶᠢ ᠮᠡᠬᠡᠯᠡᠨ ᠬᠤᠳᠠᠯᠳᠤᠭᠳᠠᠭᠰᠠᠨ ᠬᠡᠦᠬᠡᠳ ᠢᠶᠠᠷ ᠲᠣᠭᠠᠴᠠᠬᠤ ᠦᠭᠡᠢ ᠪᠣᠯᠭᠠᠪᠠ᠃      ᠯᠢᠦ ᠴᠧᠩ ᠴᠢᠤᠸᠠᠨ ᠪᠦᠬᠦ ᠬᠦᠴᠦᠨ ᠢᠶᠠᠷ ᠢᠶᠠᠨ ᠵᠣᠬᠢᠴᠠᠭᠤᠯᠵᠤ᠂ ᠴᠢᠷᠮᠠᠶᠢᠨ ᠪᠠᠶᠢᠴᠠᠭᠠᠨ ᠲᠤᠳᠤᠯᠠᠭᠰᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠭᠠᠰ ᠵᠢᠯ ᠭᠠᠷᠤᠢ ᠶᠢᠨ ᠴᠢᠷᠮᠠᠶᠢᠯᠭ᠎ᠠ ᠪᠠᠷ ᠳᠠᠮᠵᠢᠨ᠂ ᠪᠠᠢ ᠣᠪᠣᠭᠲᠤ ᠶᠢᠨ ᠡᠷᠦᠬᠡ ᠠᠮᠠ ᠣᠷᠣᠬᠤ ᠭᠡᠷᠡᠴᠢ ᠪᠠᠷᠢᠮᠲᠠ ᠪᠠ ᠭᠠᠷ ᠭᠦᠢᠴᠡᠳᠬᠡᠯ ᠨᠢ ᠠᠭᠠᠵᠢᠮ ᠢᠶᠠᠷ ᠪᠦᠷᠢᠨ ᠪᠣᠯᠭᠠᠵᠤ᠂ ᠬᠢᠨᠠᠨ ᠲᠣᠭᠲᠠᠭᠠᠬᠤ ᠪᠠᠷ ᠳᠠᠮᠵᠢᠨ᠂ ᠳ᠋ᠠ ᠹᠦ᠋ ᠶᠢᠩ ᠽᠢ ᠲᠣᠮᠢᠯᠠᠭᠰᠠᠨ ᠰᠠᠯᠪᠤᠷᠢ ᠬᠠᠤᠯᠢ ᠶᠣᠰᠣᠭᠠᠷ ᠪᠠᠢ ᠣᠪᠣᠭᠲᠤ ᠳᠤ ᠡᠷᠦᠬᠡ ᠠᠮᠠ ᠶᠢᠨ ᠳᠠᠩᠰᠠᠯᠠᠯᠲᠠ ᠬᠢᠵᠦ ᠥᠭᠪᠡ᠃ 2021 ᠣᠨ ᠤ 7 ᠳ᠋ᠤᠭᠠᠷ ᠰᠠᠷ᠎ᠠ ᠶᠢᠨ 7 ᠤ ᠡᠳᠦᠷ᠂ ᠪᠠᠶ ᠣᠪᠣᠭᠲᠤ ᠶᠢᠨ ᠡᠮᠡᠭᠡ ᠵᠠᠩ ᠣᠪᠣᠭᠲᠤ ᠯᠢᠦ ᠴᠧᠩ ᠴᠢᠤᠸᠠᠨ ᠤ ᠬᠦᠷᠭᠡᠵᠦ ᠥᠭᠭᠦᠭᠰᠡᠨ ᠪᠠᠢ ᠣᠪᠣᠭᠲᠤ ᠶᠢᠨ ᠨᠡᠷ᠎ᠡ ᠶᠢ ᠳᠠᠷᠤᠮᠠᠯᠯᠠᠭᠰᠠᠨ ᠡᠷᠦᠬᠡ ᠠᠮᠠ ᠶᠢᠨ ᠳᠡᠪᠲᠡᠷ ᠢ ᠲᠣᠰᠬᠤ ᠳᠤ ᠪᠠᠨ ᠡᠮᠡᠭᠡ ᠣᠮᠪᠣᠯᠣ ᠬᠤᠶᠠᠭᠤᠯᠠ ᠨᠢᠯᠪᠤᠰᠤ ᠠᠰᠬᠠᠷᠠᠭᠤᠯᠵᠤ᠄ ︽ᠲᠠ ᠪᠢᠳᠡᠨ ᠳᠤ ᠨᠢᠭᠡ ᠶᠡᠭᠡ ᠶᠠᠪᠤᠳᠠᠯ ᠢ ᠰᠢᠢᠳᠪᠦᠷᠢᠯᠡᠵᠦ ᠥᠭᠭᠦᠭᠰᠡᠨ ᠳᠤ ᠲᠠᠯᠠᠷᠬᠠᠵᠤ ᠪᠠᠶᠢᠨ᠎ᠠ᠂ ᠡᠷᠦᠬᠡ ᠠᠮᠠ ᠶᠢᠨ ᠳᠡᠪᠲᠡᠷ ᠲᠠᠢ ᠪᠣᠯᠴᠢᠬᠠᠪᠠᠯ᠂ ᠬᠡᠦᠬᠡᠳ ᠤᠨ ᠢᠷᠡᠭᠡᠳᠦᠶ ᠡᠷᠡᠮᠡᠯᠵᠡᠯ ᠲᠠᠢ ᠪᠣᠯᠴᠢᠬᠠᠪᠠ︾ ᠭᠡᠵᠡᠢ᠃ ᠯᠢᠦ ᠴᠧᠩ ᠴᠢᠤᠸᠠᠨ ᠪᠠᠰᠠ ᠡᠮᠡᠭᠡ ᠣᠮᠪᠣᠯᠣ ᠬᠤᠶᠠᠭᠤᠯᠠ ᠳᠤ᠂ ᠲᠡᠳᠡᠨ ᠢ ᠲᠣᠮᠢᠯᠠᠭᠰᠠᠨ ᠰᠠᠯᠪᠤᠷᠢ ᠶᠢᠨ ᠬᠠᠪᠰᠤᠷᠤᠨ ᠲᠡᠳᠬᠦᠬᠦ ᠡᠲᠡᠭᠡᠳ ᠲᠤ ᠣᠷᠣᠭᠤᠯᠤᠨ᠎ᠠ ᠭᠡᠵᠦ ᠠᠮᠠᠯᠳᠠᠵᠤ᠂ ᠪᠠᠢ ᠣᠪᠣᠭᠲᠤ ᠶᠢ ᠰᠠᠶᠢᠲᠤᠷ ᠰᠤᠷᠤᠯᠴᠠᠵᠤ᠂ ᠡᠮᠡᠭᠡ ᠪᠠᠨ ᠳᠠᠭᠠᠭᠤᠯᠤᠨ ᠵᠣᠯ ᠵᠢᠷᠭᠠᠯ ᠲᠠᠢ ᠠᠮᠢᠳᠤᠷᠠᠬᠤ ᠬᠡᠷᠡᠭᠲᠡᠶ ᠭᠡᠵᠦ ᠰᠣᠷᠭᠠᠪᠠ᠃     ᠰᠢᠢᠳᠪᠦᠷᠢᠯᠡᠵᠦ ᠲᠡᠶᠢᠯᠬᠦ ᠦᠭᠡᠢ ᠵᠥᠷᠢᠴᠡᠯ ᠪᠠ ᠡᠶᠡᠳᠡᠭᠦᠯᠵᠦ ᠲᠡᠶᠢᠯᠬᠦ ᠦᠭᠡᠢ ᠵᠢᠭᠤᠷᠠᠯᠳᠤᠭᠠᠨ ᠭᠡᠵᠦ ᠪᠠᠶᠢᠬᠤ ᠦᠭᠡᠢ       ᠤᠯᠠᠨ ᠲᠦᠮᠡᠨ ᠤ ᠬᠤᠭᠤᠷᠣᠨᠳᠣᠬᠢ ᠵᠥᠷᠢᠴᠡᠯ ᠵᠠᠭᠤᠷᠠᠯᠳᠤᠭᠠᠨ ᠢ ᠬᠡᠷᠬᠢᠨ ᠪᠦᠲᠦᠮᠵᠢᠲᠡᠢ ᠰᠢᠢᠳᠪᠦᠷᠢᠯᠡᠬᠦ ᠪᠣᠯ ᠯᠢᠦ ᠴᠧᠩ ᠴᠢᠤᠸᠠᠨ ᠤ ᠠᠵᠢᠯᠯᠠᠭᠰᠠᠨ ᠠᠴᠠ ᠨᠠᠭᠠᠰᠢ ᠢᠮᠠᠭᠲᠠ ᠪᠣᠳᠣᠯᠬᠢᠯᠠᠭᠰᠠᠭᠠᠷ ᠢᠷᠡᠭᠰᠡᠨ ᠠᠰᠠᠭᠤᠳᠠᠯ ᠪᠣᠯᠤᠨ᠎ᠠ᠂ ᠲᠡᠷᠡ ᠡᠭᠦᠨ ᠤ ᠲᠥᠯᠥᠭᠡ ︽ᠨᠠᠷᠢᠨ ᠨᠢᠮᠪᠠᠢ᠂ ᠬᠦᠯᠢᠴᠡᠩᠭᠦᠢ᠂ ᠬᠠᠯᠠᠭᠤᠨ ᠰᠡᠳᠬᠢᠯ᠂ ᠭᠤᠣᠯᠴᠢ︾ ᠪᠠᠷ ᠠᠵᠢᠯᠯᠠᠬᠤ ᠠᠵᠢᠯ ᠤᠨ ᠵᠠᠭᠪᠤᠷ᠂ ᠲᠤᠬᠠᠶᠢᠯᠠᠪᠠᠯ ︽ᠵᠥᠷᠢᠴᠡᠯ ᠢ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠵᠠᠭᠤᠷᠠᠯᠳᠤᠭᠠᠨ ᠢ ᠬᠦᠯᠢᠴᠡᠩᠭᠦᠢ ᠪᠠᠷ ᠠᠷᠢᠯᠭᠠᠨ᠂ ᠤᠯᠠᠨ ᠲᠦᠮᠡᠨ ᠳᠤ ᠬᠠᠯᠠᠭᠤᠨ ᠰᠡᠳᠬᠢᠯ ᠢᠶᠠᠷ ᠦᠢᠯᠡᠴᠢᠯᠡᠵᠦ᠂ ᠠᠰᠠᠭᠤᠳᠠᠯ ᠢ ᠭᠤᠣᠯᠴᠢ ᠪᠠᠷ ᠰᠢᠢᠳᠪᠦᠷᠢᠯᠡᠬᠦ︾ ᠶᠢ ᠡᠭᠦᠳᠴᠦ᠂ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠠᠷᠠᠳ ᠤᠨ ᠵᠣᠪᠠᠭᠤᠷᠢ᠂ ᠬᠦᠴᠢᠷᠳᠡᠯ ᠢ ᠰᠢᠢᠳᠪᠦᠷᠢᠯᠡᠭᠰᠡᠨ ᠪᠠᠶᠢᠨ᠎ᠠ᠃ ᠲᠣᠮᠢᠯᠠᠭᠰᠠᠨ ᠰᠠᠯᠪᠤᠷᠢ ᠶᠢᠨ ᠪᠥᠬᠦ ᠴᠠᠭᠳᠠᠭ᠎ᠠ ᠳᠠᠭᠠᠭᠠᠴᠢᠯᠠᠭᠰᠠᠨ ᠣᠷᠣᠨ᠂ ᠲᠣᠰᠬᠤᠨ᠂ ᠡᠷᠦᠬᠡ ᠪᠦᠬᠦᠨ ᠢ ᠰᠠᠷ᠎ᠠ ᠪᠦᠷᠢ ᠠᠳᠠᠭ ᠲᠤ ᠪᠠᠨ ᠨᠢᠭᠡ ᠤᠳᠠᠭ᠎ᠠ ᠰᠤᠷᠪᠤᠯᠵᠢᠯᠠᠵᠤ᠂ ᠣᠯᠠᠨ ᠲᠦᠮᠡᠨ ᠲᠠᠢ ᠰᠡᠳᠬᠢᠯ ᠤᠨ ᠦᠭᠡ ᠪᠠᠨ ᠶᠠᠷᠢᠯᠴᠠᠨ᠂ ᠬᠦᠴᠢᠷᠳᠡᠯ ᠪᠠ ᠬᠡᠷᠡᠭᠴᠡᠭᠡ ᠶᠢ ᠨᠠᠷᠢᠨ ᠣᠶᠢᠯᠠᠭᠠᠵᠤ᠂ ᠨᠠᠷᠢᠨ ᠨᠢᠮᠪᠠᠶ ᠪᠠᠶᠢᠴᠠᠭᠠᠨ ᠣᠶᠢᠯᠠᠭᠠᠵᠤ᠂ ᠵᠢᠭᠰᠠᠭᠠᠨ ᠪᠠᠶᠢᠴᠠᠭᠠᠭᠰᠠᠨ ᠨᠢ ᠲᠣᠳᠣ᠂ ᠡᠷᠲᠡ ᠢᠯᠡᠷᠡᠭᠦᠯᠵᠦ᠂ ᠲᠦᠷᠭᠡᠨ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠠᠰᠠᠭᠤᠳᠠᠯ ᠳᠡᠭᠡᠷ᠎ᠡ᠂ ᠲᠡᠷᠡ ᠭᠤᠣᠯᠴᠢ ᠰᠠᠨᠠᠭ᠎ᠠ ᠡᠪᠦᠷᠯᠡᠨ᠂ ᠡᠷᠬᠡ ᠲᠡᠭᠰᠢ᠂ ᠲᠥᠪ ᠭᠤᠣᠯᠴᠢ᠂ ᠭᠤᠣᠯᠴᠢ ᠪᠠᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠲᠡᠷᠡ᠄ ︽ᠰᠢᠢᠳᠪᠦᠷᠢᠯᠡᠵᠦ ᠳᠡᠶᠢᠯᠬᠦ ᠦᠭᠡᠢ ᠵᠥᠷᠢᠴᠡᠯ ᠪᠠ ᠡᠶᠡᠳᠡᠭᠦᠯᠵᠦ ᠳᠡᠶᠢᠯᠬᠦ ᠦᠭᠡᠢ ᠵᠢᠭᠤᠷᠠᠯᠳᠤᠭᠠᠨ ᠭᠡᠵᠦ ᠪᠠᠶᠢᠬᠤ ᠦᠭᠡᠢ︾ ᠭᠡᠵᠦ ᠬᠡᠯᠡᠭᠰᠡᠨ ᠪᠥᠭᠡᠳ ᠪᠠᠰᠠ ᠢᠩᠭᠢᠵᠦ ᠬᠢᠪᠡ᠃ ᠤᠳᠤ ᠪᠣᠯᠲᠠᠯ᠎ᠠ ᠲᠡᠭᠦᠨ ᠤ ᠰᠢᠢᠳᠪᠦᠷᠢᠯᠡᠭᠰᠡᠨ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠠᠵᠠᠷ ᠰᠢᠷᠣᠢ ᠶᠢᠨ ᠵᠢᠭᠤᠷᠠᠯᠳᠤᠭᠠᠨ᠂ ᠤᠷᠤᠭ ᠭᠡᠷ ᠪᠦᠯᠢ᠂ ᠬᠠᠳᠠᠮ ᠡᠵᠢ ᠪᠡᠷᠢ ᠶᠢᠨ ᠬᠠᠷᠢᠴᠠᠭ᠎ᠠ ᠵᠡᠷᠭᠡ ᠵᠥᠷᠢᠴᠡᠯ ᠵᠠᠭᠤᠷᠠᠯᠳᠤᠭᠠᠨ ᠳᠤ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ 100 % ᠳᠤ ᠬᠦᠷᠴᠡᠢ᠃ ︽ᠪᠠᠭ᠎ᠠ ᠶᠠᠪᠤᠳᠠᠯ ᠢ ᠲᠣᠰᠬᠤᠨ ᠠᠴᠠ ᠪᠠᠨ ᠭᠠᠷᠭᠠᠬᠤ ᠦᠭᠡᠢ᠂ ᠶᠡᠭᠡ ᠶᠠᠪᠤᠳᠠᠯ ᠢ ᠰᠤᠮᠤ ᠪᠠᠯᠭᠠᠰᠤ ᠠᠴᠠ ᠪᠠᠨ ᠭᠠᠷᠭᠠᠬᠤ ᠦᠭᠡᠢ︾ ᠠᠵᠢᠯ ᠤᠨ ᠬᠠᠷᠠᠯᠲᠠ ᠶᠢ ᠠᠮᠵᠢᠯᠲᠠ ᠲᠠᠢ ᠪᠡᠶᠡᠯᠡᠭᠦᠯᠪᠡ᠃ 
ᠢᠷᠡᠯᠲᠡ᠄ ᠲᠤᠳᠤᠭᠠᠳᠦ ᠶᠢ ᠬᠠᠮᠠᠭᠠᠯᠠᠬᠤ ᠲᠢᠩᠬᠢᠮ ᠤᠨ ᠠᠯᠪᠠᠨ ᠰᠦᠯᠵᠢᠶ᠎ᠡ