ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠬᠡᠲᠦᠷᠡᠮᠡᠬᠡᠶ ᠠᠵᠢᠯᠯᠠᠭ᠎ᠠ ᠲᠠᠢ ᠵᠠᠬᠢᠳᠠᠯ ᠰᠤᠷᠪᠤᠯᠵᠢᠯᠠᠭ᠎ᠠ ᠲᠣᠬᠢᠶᠠᠯᠳᠤᠪᠠᠯ᠂ ᠶᠠᠭᠠᠬᠢᠪᠠᠯ ᠵᠤᠬᠢᠬᠤ ᠪᠤᠢ︖
ᠨᠡᠶᠢᠲᠡᠯᠡᠭᠰᠡᠨ ᠴᠠᠭ᠄
2022/1/4
          ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ ᠲᠤ ᠬᠡᠲᠦᠷᠡᠮᠡᠬᠡᠶ ᠠᠵᠢᠯᠯᠠᠭ᠎ᠠ           ᠲᠠᠢ ᠵᠠᠬᠢᠳᠠᠯ ᠰᠤᠷᠪᠤᠯᠵᠢᠯᠠᠭ᠎ᠠ ᠲᠣᠬᠢᠶᠠᠯᠳᠤᠪᠠᠯ᠂ ᠶᠠᠭᠠᠬᠢᠪᠠᠯ ᠵᠤᠬᠢᠬᠤ ᠪᠤᠢ︖          ︵ᠨᠢᠭᠡ︶  ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ᠄ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠢ ᠳᠤ ᠬᠥᠷᠦᠭᠰᠡᠨ ᠤ ᠳᠠᠷᠠᠭ᠎ᠠ᠂ ᠵᠠᠬᠢᠳᠠᠯ ᠰᠤᠷᠪᠤᠯᠵᠢᠯᠠᠯ ᠤᠨ ᠬᠦᠮᠦᠰ ᠤᠨ ᠬᠡᠲᠦᠷᠡᠮᠡᠬᠡᠶ ᠦᠢᠯᠡ ᠠᠵᠢᠯᠯᠠᠭ᠎ᠠ ᠶᠢ ᠳᠠᠷᠦ᠋ᠢᠬᠠᠨ ᠬᠤᠷᠢᠭᠯᠠᠨ ᠵᠤᠭᠰᠤᠭᠠᠵᠤ᠂ ᠲᠡᠭᠦᠨ ᠤ ᠤᠷᠮ᠎ᠠ ᠵᠣᠷᠢᠭ ᠢ ᠲᠠᠶᠢᠳᠬᠤᠷᠠᠭᠤᠯᠤᠨ᠂ ᠲᠣᠭᠤᠷᠢᠨ ᠦᠵᠡᠬᠦ ᠬᠥᠮᠦᠰ ᠢ ᠢᠳᠬᠠᠨ ᠲᠠᠷᠬᠠᠭᠠᠨ᠎ᠠ᠃      ︵ᠬᠤᠶᠠᠷ︶ ᠢᠳᠬᠠᠨ ᠤᠬᠠᠭᠤᠯᠤᠬᠤ᠄ ᠵᠠᠬᠢᠳᠠᠯ ᠰᠤᠷᠪᠤᠯᠵᠢᠯᠠᠭ᠎ᠠ ᠬᠦᠯᠢᠶᠡᠭᠰᠡᠨ ᠨᠢᠭᠡᠴᠢ ᠵᠢᠴᠢ ᠠᠵᠢᠯᠲᠠᠳ ᠲᠠᠢ ᠬᠠᠮᠵᠢᠯᠴᠠᠨ ᠵᠠᠬᠢᠳᠠᠯ ᠰᠤᠷᠪᠤᠯᠵᠢᠯᠠᠭ᠎ᠠ ᠬᠢᠭᠰᠡᠳ ᠢ ᠢᠳᠬᠠᠨ ᠰᠤᠷᠭᠠᠨ᠎ᠠ᠃ ᠢᠳᠬᠠᠨ ᠰᠤᠷᠭᠠᠬᠤ ᠳᠤ ᠪᠠᠨ ᠬᠡᠯᠡᠵᠦ ᠰᠤᠷᠭᠠᠬᠤ ᠪᠠᠷ ᠭᠤᠣᠯ ᠪᠣᠯᠭᠠᠨ᠂ ᠲᠡᠭᠦᠨ ᠳᠤ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ ᠪᠠᠷ ᠭᠤᠤᠯᠳᠠᠯᠭ᠎ᠠ ᠪᠣᠯᠭᠠᠵᠤ᠂ ᠬᠡᠲᠦᠷᠡᠮᠡᠬᠡᠶ ᠦᠢᠯᠡ ᠠᠵᠢᠯᠯᠠᠭ᠎ᠠ ᠶᠢᠨ ᠬᠠᠤᠯᠢ ᠠᠴᠠ ᠵᠥᠷᠢᠴᠡᠭᠰᠡᠨ ᠴᠢᠨᠠᠷ ᠪᠣᠯᠤᠨ ᠬᠠᠤᠯᠢ ᠴᠠᠭᠠᠵᠠ ᠶᠢᠨ ᠦᠷ᠎ᠡ ᠳ᠋ᠦᠩ ᠢ ᠬᠡᠯᠡᠵᠦ ᠥᠭᠭᠦᠨ᠎ᠡ᠃      ︵ᠭᠤᠷᠪᠠ︶ ᠭᠤᠣᠯᠳᠠᠯᠭ᠎ᠠ ᠶᠢ ᠠᠩᠬᠠᠷᠬᠤ᠄ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ᠂ ᠤᠳᠤᠷᠢᠳᠤᠭᠴᠢ ᠶᠢ ᠡᠷᠢᠬᠦ ᠶᠢ ᠠᠩᠬᠠᠷᠤᠨ᠎ᠠ᠃ ᠰᠡᠳᠬᠢᠯ ᠳᠣᠭᠳᠣᠯᠤᠭᠰᠠᠨ᠂ ᠦᠢᠯᠡ ᠠᠵᠢᠯᠯᠠᠭ᠎ᠠ ᠨᠢ ᠠᠮᠠᠷᠬᠠᠨ ᠡᠵᠡᠮᠰᠢᠯ ᠢᠶᠠᠨ ᠠᠯᠳᠠᠬᠤ ᠬᠥᠮᠦᠰ ᠢ ᠨᠠᠷᠢᠨ ᠠᠩᠬᠠᠷᠬᠤ ᠬᠡᠷᠡᠭᠲᠡᠶ᠃      ︵ᠳᠥᠷᠪᠡᠨ︶ ᠡᠮᠬᠢ ᠳᠢᠭᠯᠢᠮ ᠢ ᠰᠡᠷᠭᠦᠭᠡᠬᠦ᠄ ᠵᠠᠬᠢᠳᠠᠯ ᠰᠤᠷᠪᠤᠯᠵᠢᠯᠠᠯ ᠤᠨ ᠬᠦᠮᠦᠰ ᠣᠯᠠᠨ ᠪᠠᠶᠢᠪᠠᠯ᠂ ᠲᠥᠯᠥᠭᠡᠯᠡᠭᠴᠢ ᠰᠤᠩᠭᠤᠬᠤ ᠶᠢ ᠱᠠᠭᠠᠷᠳᠠᠵᠤ᠂ ᠲᠣᠭᠲᠠᠭᠰᠠᠨ ᠬᠦᠯᠢᠶᠡᠨ ᠠᠪᠬᠤ ᠭᠠᠵᠠᠷ ᠲᠤ ᠣᠴᠢᠵᠤ ᠵᠥᠪᠳᠡᠯᠴᠡᠬᠦ ᠬᠡᠷᠡᠭᠳᠡᠢ᠃ ᠪᠤᠰᠤᠳ ᠵᠠᠬᠢᠳᠠᠯ ᠰᠤᠷᠪᠤᠯᠵᠢᠯᠠᠯ ᠤᠨ ᠬᠦᠮᠦᠰ ᠢ ᠵᠠᠷᠯᠢᠭᠳᠠᠵᠤ ᠪᠠᠶᠢᠭᠠᠳ ᠠᠵᠢᠯᠯᠠᠬᠤ᠂  ᠦᠢᠯᠡᠳᠪᠦᠷᠢᠯᠡᠬᠦ᠂ ᠡᠵᠡᠩᠨᠡᠬᠦ ᠭᠠᠵᠠᠷ ᠠᠴᠠ ᠳᠠᠷᠦ᠋ᠢᠬᠠᠨ ᠭᠠᠷᠭᠠᠵᠤ᠂ ᠬᠡᠪ ᠤᠨ ᠡᠮᠬᠢ ᠳᠢᠭᠯᠢᠮ ᠢ ᠨᠢ ᠰᠡᠷᠭᠦᠭᠡᠬᠦ ᠬᠡᠷᠡᠭᠲᠡᠶ᠃      ︵ᠲᠠᠪᠤ︶ ᠮᠡᠳᠡᠭᠳᠡᠬᠦ ᠠᠷᠭ᠎ᠠ ᠵᠠᠮ᠄ ᠵᠥᠪᠳᠡᠯᠴᠡᠬᠦ ᠪᠠᠷ ᠳᠠᠮᠵᠢᠭᠠᠳ ᠰᠠᠨᠠᠯ ᠨᠢᠭᠡᠳᠬᠦ ᠳᠤ ᠪᠡᠷᠬᠡ ᠪᠠᠶᠢᠪᠠᠯ᠂ ᠵᠠᠬᠢᠳᠠᠯ ᠰᠤᠷᠪᠤᠯᠵᠢᠯᠠᠭ᠎ᠠ ᠶᠢᠨ ᠬᠦᠮᠦᠰ ᠢ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠲᠤ ᠬᠦᠷᠴᠦ ᠵᠦᠢ ᠶᠣᠰᠣᠨ ᠤ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠰᠢᠢᠳᠪᠦᠷᠢᠯᠡᠬᠦ ᠬᠡᠷᠡᠭᠲᠡᠶ ᠭᠡᠵᠦ ᠮᠡᠳᠡᠭᠳᠡᠨ᠎ᠡ᠃      ︵ᠵᠢᠷᠭᠤᠭ᠎ᠠ︶ ᠡᠷᠡᠰ ᠰᠢᠭᠤᠷᠬᠠᠶ ᠪᠠᠷ ᠰᠢᠢᠳᠪᠦᠷᠢᠯᠡᠬᠦ᠄ ᠵᠠᠬᠢᠳᠠᠯ ᠰᠤᠷᠪᠤᠯᠵᠢᠯᠠᠯ ᠤᠨ ᠬᠦᠮᠦᠰ ᠢᠳᠬᠠᠯ ᠢ ᠰᠣᠨᠣᠰᠬᠤ ᠦᠭᠡᠢ᠂ ᠠᠵᠢᠯᠲᠠᠨ ᠢ ᠬᠠᠷᠢᠶᠠᠬᠤ᠂ ᠳᠣᠷᠣᠮᠵᠢᠯᠠᠬᠤ᠂ ᠵᠣᠳᠣᠬᠤ᠂ ᠠᠯᠪᠠᠨ ᠤ ᠪᠡᠯᠡᠳᠬᠡᠮᠵᠢ ᠶᠢ ᠡᠪᠳᠡᠯᠡᠬᠦ ᠪᠤᠶᠤ ᠶᠣᠰᠣ ᠪᠤᠰᠤ ᠪᠠᠷ ᠠᠭᠠᠰᠢᠯᠠᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠠᠪᠠᠴᠢᠵᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠂ ᠠᠪᠴᠤ ᠶᠠᠪᠤᠬᠤ ᠳᠤ ᠪᠠᠨ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠪᠡᠶ᠎ᠡ ᠮᠠᠬᠠᠪᠣᠳ ᠢ ᠭᠡᠮᠲᠦᠭᠡᠬᠦ ᠠᠴᠠ ᠵᠠᠶᠢᠯᠠᠰᠬᠢᠵᠦ᠂ ᠵᠥᠷᠢᠴᠡᠯ ᠤᠨ ᠲᠥᠪᠯᠡᠷᠡᠯ ᠤᠨ ᠴᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠬᠦ ᠶᠢ ᠰᠡᠷᠭᠡᠶᠢᠯᠡᠬᠦ ᠬᠡᠷᠡᠭᠲᠡᠶ᠃ 
ᠢᠷᠡᠯᠲᠡ᠄ ᠲᠣᠳᠤᠭᠠᠳᠣ ᠶᠢ ᠬᠠᠮᠠᠭᠠᠯᠠᠬᠤ ᠲᠢᠩᠬᠢᠮ