ᠠᠷᠠᠳ ᠤᠨ ᠴᠠᠭᠳᠠᠭ᠎ᠠ ᠣᠯᠠᠨ ᠲᠦᠮᠡᠨ ᠤ ︽ᠲᠡᠭᠳᠡᠭᠦᠷ ᠳ᠋ᠧᠩᠯᠦ︾ ᠠᠰᠠᠭᠠᠬᠤ ᠲᠠᠢ ᠲᠠᠭᠠᠷᠠᠯᠳᠤᠪᠠᠯ ᠶᠠᠭᠠᠬᠢᠬᠤ ᠪᠤᠢ︖
ᠨᠡᠶᠢᠲᠡᠯᠡᠭᠰᠡᠨ ᠴᠠᠭ᠄
2022/1/4
          ᠠᠷᠠᠳ ᠤᠨ ᠴᠠᠭᠳᠠᠭ᠎ᠠ ᠣᠯᠠᠨ ᠲᠦᠮᠡᠨ ᠤ ︽ᠲᠡᠭᠳᠡᠭᠦᠷ ᠳ᠋ᠧᠩᠯᠦ︾ ᠠᠰᠠᠭᠠᠬᠤ ᠲᠠᠢ ᠲᠠᠭᠠᠷᠠᠯᠳᠤᠪᠠᠯ ᠶᠠᠭᠠᠬᠢᠬᠤ ᠪᠤᠢ︖          ︵ᠨᠢᠭᠡ︶ ᠲᠡᠷᠡ ᠳᠠᠷᠤᠢ ᠳᠤ ᠨᠢ ᠬᠤᠷᠢᠭᠯᠠᠨ ᠵᠣᠭᠰᠣᠭᠠᠬᠤ᠄ ᠲᠤᠬᠠᠢ ᠶᠢᠨ ᠲᠠᠯᠠᠪᠤᠷ ᠲᠤ ᠣᠯᠵᠤ ᠮᠡᠳᠡᠭᠰᠡᠨ ᠠᠰᠠᠭᠠᠵᠤ ᠳᠡᠭᠳᠡᠭᠡᠬᠦ ᠦᠢᠯᠡ ᠠᠵᠢᠯᠯᠠᠭ᠎ᠠ ᠶᠢ ᠡᠷᠡᠰ ᠰᠢᠭᠤᠷᠬᠠᠢ ᠬᠤᠷᠢᠭᠯᠠᠨ ᠵᠣᠭᠰᠣᠭᠠᠵᠤ᠂ ᠠᠰᠠᠭᠠᠵᠤ ᠳᠡᠭᠳᠡᠭᠡᠬᠦ ᠦᠢᠯᠡ ᠠᠵᠢᠯᠯᠠᠭ᠎ᠠ ᠶᠢᠨ ᠬᠠᠤᠯᠢ ᠶᠢ ᠵᠥᠷᠢᠴᠡᠭᠰᠡᠨ ᠴᠢᠨᠠᠷ ᠢ ᠵᠢᠭᠠᠵᠤ ᠭᠠᠷᠭᠠᠵᠤ ᠥᠭᠭᠦᠨ᠎ᠡ᠃      ︵ᠬᠤᠶᠠᠷ︶ ᠰᠤᠷᠭᠠᠨ ᠬᠥᠮᠦᠵᠢᠭᠦᠯᠵᠦ ᠢᠳᠬᠠᠬᠤ᠄ ︽ᠲᠡᠭᠳᠡᠭᠦᠷ ᠳ᠋ᠧᠩᠯᠦ ︾ ᠠᠰᠠᠭᠠᠬᠤ ᠶᠢᠨ ᠬᠤᠣᠷ ᠬᠥᠨᠥᠭᠡᠯ ᠤᠨ ᠦᠷ᠎ᠡ ᠳ᠋ᠦᠩ ᠢ ᠣᠯᠠᠨ ᠲᠦᠮᠡᠨ ᠳᠤ ᠬᠠᠤᠯᠢ ᠶᠣᠰᠣᠭᠠᠷ ᠮᠡᠳᠡᠭᠳᠡᠵᠦ᠂ ᠢᠳᠬᠠᠵᠤ ᠪᠠᠶᠢᠭᠠᠳ ᠬᠤᠶᠢᠰᠢᠳᠠ ᠳᠠᠬᠢᠵᠤ ᠠᠰᠠᠭᠠᠬᠤ ᠦᠭᠡᠢ ᠪᠠᠶᠢᠯᠭᠠᠨ᠎ᠠ᠃      ︵ᠭᠤᠷᠪᠠ︶ ᠬᠠᠤᠯᠢ ᠶᠣᠰᠣᠭᠠᠷ ᠬᠤᠷᠢᠶᠠᠨ ᠠᠪᠬᠤ᠄ ᠠᠰᠠᠭᠠᠭᠰᠠᠨ ᠦᠭᠡᠢ ︽ᠲᠡᠭᠳᠡᠭᠦᠷ ᠳ᠋ᠧᠩᠯᠦ︾ ᠢ ᠬᠠᠤᠯᠢ ᠶᠣᠰᠣᠭᠠᠷ ᠲᠡᠷᠡ ᠳᠠᠷᠤᠶ ᠳᠤ ᠨᠢ ᠬᠤᠷᠢᠶᠠᠨ ᠠᠪᠬᠤ ᠬᠡᠷᠡᠭᠲᠡᠶ᠃      ︵ᠳᠥᠷᠪᠡ︶ ᠬᠠᠤᠯᠢ ᠶᠣᠰᠣᠭᠠᠷ ᠰᠢᠯᠵᠢᠭᠦᠯᠦᠨ ᠲᠤᠰᠢᠶᠠᠬᠤ᠄ ᠲᠤᠬᠠᠶ ᠶᠢᠨ ᠲᠠᠯᠠᠪᠠᠶ ᠳᠤ ︽ᠲᠡᠭᠳᠡᠭᠦᠷ ᠳ᠋ᠧᠩᠯᠦ︾ ᠤᠨ ᠦᠢᠯᠡᠳᠪᠦᠷᠢᠯᠡᠯ ᠪᠠ ᠪᠣᠷᠣᠯᠠᠭᠤᠯᠭ᠎ᠠ ᠶᠢᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃      ᠬᠠᠤᠯᠢ ᠴᠠᠭᠠᠵᠠ ᠶᠢᠨ ᠦᠨᠳᠦᠰᠦᠯᠡᠯ᠄ ︽ᠭᠠᠯ ᠰᠡᠷᠭᠡᠶᠢᠯᠡᠨ ᠤᠨᠲᠠᠷᠠᠭᠠᠬᠤ ᠬᠠᠤᠯᠢ︾ ᠶᠢᠨ ᠵᠢᠷᠠᠨ ᠭᠤᠷᠪᠠᠳᠤᠭᠠᠷ ᠵᠦᠢᠯ᠂ ᠵᠢᠷᠠᠨ ᠳᠥᠷᠪᠡᠳᠦᠭᠡᠷ ᠵᠦᠢᠯ᠂︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠬᠦ ᠵᠢᠷᠤᠮ ᠤᠨ ᠲᠤᠬᠠᠢ ᠲᠣᠭᠲᠠᠭᠠᠯ︾ ᠤᠨ ᠠᠷᠪᠠᠨ ᠵᠢᠷᠭᠤᠳᠤᠭᠠᠷ ᠵᠦᠢᠯ᠃
ᠢᠷᠡᠯᠲᠡ᠄ ᠲᠣᠳᠤᠭᠠᠳᠤ ᠶᠢ ᠬᠠᠮᠠᠭᠠᠯᠠᠬᠤ ᠲᠢᠩᠬᠢᠮ