ᠠᠷᠠᠳ ᠤᠨ ᠴᠠᠭᠳᠠᠭ᠎ᠠ ᠡᠵᠡᠨ ᠦᠭᠡᠢ ᠪᠣᠳᠠᠰ ᠢ ᠣᠯᠵᠤ ᠢᠯᠡᠷᠡᠭᠦᠯᠪᠡᠯ ᠶᠠᠭᠠᠬᠢᠬᠤ ᠪᠤᠢ︖
ᠨᠡᠶᠢᠲᠡᠯᠡᠭᠰᠡᠨ ᠴᠠᠭ᠄
2022/1/4
            ᠠᠷᠠᠳ ᠤᠨ ᠴᠠᠭᠳᠠᠭ᠎ᠠ ᠡᠵᠡᠨ ᠦᠭᠡᠢ ᠪᠣᠳᠠᠰ ᠢ ᠣᠯᠵᠤ ᠢᠯᠡᠷᠡᠭᠦᠯᠪᠡᠯ ᠶᠠᠭᠠᠬᠢᠬᠤ ᠪᠤᠢ︖           ︵ᠨᠢᠭᠡ︶ ᠮᠠᠭᠠᠳᠯᠠᠨ ᠲᠣᠭᠲᠠᠭᠠᠬᠤ ᠶᠢ ᠠᠩᠬᠠᠷᠬᠤ᠄ ᠡᠷᠭᠢᠨ ᠲᠣᠭᠤᠷᠢᠨ ᠤ ᠬᠦᠮᠦᠰ ᠠᠴᠠ ᠨᠠᠷᠢᠨ ᠠᠰᠠᠭᠤᠵᠤ᠂ ᠡᠵᠡᠨ ᠦᠭᠡᠶ ᠬᠥᠮᠦᠨ ᠤ ᠪᠤᠳᠠᠰ ᠮᠥᠨ ᠡᠰᠡᠬᠦ ᠶᠢ ᠨᠤᠲᠠᠯᠠᠬᠤ ᠬᠡᠷᠡᠭᠲᠡᠶ᠃ ᠶᠠᠪᠤᠭᠤᠯ ᠤᠨ ᠬᠥᠮᠦᠨ ᠤ ᠭᠡᠭᠡᠭᠰᠡᠨ ᠶᠠᠭᠤᠮ᠎ᠠ ᠪᠠ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠬᠥᠮᠦᠨ ᠤ ᠪᠤᠵᠠᠷ ᠡᠳ᠋᠂ ᠬᠡᠷᠡᠭ ᠬᠢᠭᠰᠡᠨ ᠪᠠᠭᠠᠵᠢ ᠵᠡᠷᠭᠡ ᠶᠠᠭᠤᠮ᠎ᠠ ᠶᠢ ᠢᠯᠭᠠᠬᠤ ᠶᠢ ᠠᠩᠬᠠᠷᠬᠤ ᠬᠡᠷᠡᠭᠲᠡᠶ᠃      ︵ᠬᠤᠶᠠᠷ︶ ᠨᠠᠷᠢᠨ ᠬᠢᠨᠠᠮᠠᠭᠠᠶ ᠪᠠᠶᠢᠴᠠᠭᠠᠨ ᠦᠵᠡᠬᠦ᠄ ᠡᠵᠡᠨ ᠥᠬᠡᠶ ᠭᠡᠵᠦ ᠨᠤᠲᠠᠯᠠᠭᠰᠠᠨ ᠡᠳ᠋ ᠪᠣᠳᠠᠰ ᠢ ᠳᠠᠷᠦ᠋ᠢᠬᠠᠨ ᠨᠠᠷᠢᠨ ᠬᠢᠨᠠᠮᠠᠭᠠᠶ ᠪᠠᠶᠢᠴᠠᠭᠠᠨ ᠰᠢᠯᠭᠠᠵᠤ᠂ ᠶᠠᠮᠠᠷ ᠡᠳ᠋ ᠪᠣᠳᠠᠰ᠂ ᠶᠠᠮᠠᠷ ᠡᠳ᠋ ᠪᠣᠳᠠᠰ ᠠᠭᠤᠯᠵᠤ ᠪᠠᠶᠢᠬᠤ ᠶᠢ ᠨᠢ ᠦᠵᠡᠬᠦ ᠬᠡᠷᠡᠭᠲᠡᠶ᠃ ᠠᠶᠤᠯᠲᠠᠢ ᠪᠣᠳᠠᠰ ᠪᠣᠯᠬᠤ ᠶᠢ ᠣᠯᠵᠤ ᠮᠡᠳᠡᠮᠡᠭᠴᠡ ᠲᠡᠷᠡ ᠳᠠᠷᠤᠢ ᠳᠤ ᠨᠢ ᠳᠡᠭᠡᠭᠰᠢ ᠮᠡᠳᠡᠭᠦᠯᠵᠦ᠂ ᠲᠤᠰᠬᠠᠢ ᠮᠡᠷᠭᠡᠵᠢᠯ ᠤᠨ ᠰᠠᠯᠠᠭ᠎ᠠ ᠮᠥᠴᠢᠷ ᠢ ᠦᠳᠲᠡᠷ ᠲᠦᠷᠭᠡᠨ ᠵᠣᠬᠢᠴᠠᠭᠤᠯᠵᠤ᠂ ᠠᠶᠤᠯ ᠲᠦᠭᠰᠢᠭᠦᠷᠢ ᠶᠢ ᠠᠷᠢᠯᠭᠠᠬᠤ ᠬᠡᠷᠡᠭᠲᠡᠢ᠃      ︵ᠭᠤᠷᠪᠠ︶ ᠲᠣᠬᠢᠲᠠᠢ ᠬᠠᠳᠠᠭᠠᠯᠠᠬᠤ᠄ ᠪᠤᠰᠤᠳ ᠤᠨ ᠭᠡᠭᠡᠭᠰᠡᠨ ᠶᠠᠭᠤᠮ᠎ᠠ ᠶᠢᠨ ᠡᠵᠡᠨ ᠢ ᠡᠷᠢᠬᠦ ᠬᠡᠷᠡᠭᠲᠡᠢ᠃ ᠪᠤᠵᠠᠷ ᠡᠳ᠋ ᠪᠠ ᠬᠡᠷᠡᠭ ᠦᠢᠯᠡᠳᠦᠭᠰᠡᠨ ᠪᠠᠭᠠᠵᠢ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠰᠢᠯᠵᠢᠭᠦᠯᠦᠨ ᠲᠤᠰᠢᠶᠠᠬᠤ ᠬᠡᠷᠡᠭᠲᠡᠢ᠃
ᠢᠷᠡᠯᠲᠡ᠄ ᠲᠣᠳᠤᠭᠠᠳᠤ ᠶᠢ ᠬᠠᠮᠠᠭᠠᠯᠠᠬᠤ ᠲᠢᠩᠬᠢᠮ