ᠠᠷᠠᠳ ᠤᠨ ᠴᠠᠭᠳᠠᠭ᠎ᠠ ᠬᠡᠷᠡᠭ ᠰᠢᠢᠳᠪᠦᠷᠢᠯᠡᠵᠦ ᠪᠠᠶᠢᠭ᠎ᠠ ᠴᠠᠭᠳᠠᠭ᠎ᠠ ᠶᠢᠨ ᠳᠤᠮᠳᠠ ᠠᠩᠭᠢ ᠶᠢᠨ ᠨᠥᠬᠦᠳ ᠨᠢ ᠰᠢᠷᠬᠠᠲᠤᠭᠰᠠᠨ ᠦᠶ᠎ᠡ ᠳᠤ ᠶᠠᠭᠠᠬᠢᠬᠤ ᠪᠤᠢ︖
ᠨᠡᠶᠢᠲᠡᠯᠡᠭᠰᠡᠨ ᠴᠠᠭ᠄
2022/1/4
          ᠠᠷᠠᠳ ᠤᠨ ᠴᠠᠭᠳᠠᠭ᠎ᠠ ᠬᠡᠷᠡᠭ ᠰᠢᠢᠳᠪᠦᠷᠢᠯᠡᠵᠦ ᠪᠠᠶᠢᠭ᠎ᠠ ᠴᠠᠭᠳᠠᠭ᠎ᠠ ᠶᠢᠨ ᠳᠤᠮᠳᠠ          ᠠᠩᠭᠢ ᠶᠢᠨ ᠨᠥᠬᠦᠳ ᠨᠢ ᠰᠢᠷᠬᠠᠲᠤᠭᠰᠠᠨ ᠦᠶ᠎ᠡ ᠳᠤ ᠶᠠᠭᠠᠬᠢᠬᠤ ᠪᠤᠢ︖          ︵ᠨᠢᠭᠡ︶ ᠠᠩᠭᠢ ᠶᠢᠨ ᠨᠥᠬᠦᠳ ᠢᠶᠠᠨ ᠬᠠᠮᠠᠭᠠᠯᠠᠬᠤ᠄ ᠥᠪᠡᠷ ᠤᠨ ᠠᠮᠤᠷ ᠲᠦᠪᠰᠢᠨ ᠢᠶᠠᠨ ᠪᠠᠲᠤᠯᠠᠬᠤ ᠪᠠᠶᠢᠳᠠᠯ ᠳᠤᠤᠷ᠎ᠠ᠂ ᠲᠤᠬᠠᠶ ᠶᠢᠨ ᠭᠠᠵᠠᠷ ᠲᠤ ᠨᠢ ᠬᠠᠮᠠᠭᠠᠯᠠᠬᠤ ᠪᠤᠶᠤ ᠳᠠᠷᠤᠶ ᠲᠦᠷᠭᠡᠨ ᠠᠩᠭᠢ ᠶᠢᠨ ᠨᠥᠬᠦᠳ ᠢᠶᠠᠨ ᠠᠮᠤᠷ ᠲᠦᠪᠰᠢᠨ ᠭᠠᠵᠠᠷ ᠳᠠᠭᠠᠭᠤᠯᠵᠤ ᠠᠪᠠᠴᠢᠨ᠎ᠠ᠂ ᠴᠢᠬᠤᠯᠠᠲᠠᠶ ᠦᠶ᠎ᠡ ᠳᠤ ᠴᠠᠭᠳᠠᠭᠠᠨ ᠤ ᠵᠡᠪᠰᠡᠭ ᠢᠶᠠᠷ ᠥᠪᠡᠷ ᠤᠨ ᠪᠡᠶ᠎ᠡ ᠵᠢᠴᠢ ᠠᠩᠭᠢ ᠶᠢᠨ ᠨᠥᠬᠦᠳ ᠤᠨ ᠢᠶᠠᠨ ᠠᠮᠤᠷ ᠲᠦᠪᠰᠢᠨ ᠢ ᠪᠠᠳᠤᠯᠠᠨ ᠬᠠᠮᠠᠭᠠᠯᠠᠵᠤ ᠪᠣᠯᠤᠨ᠎ᠠ᠃      ︵ᠬᠤᠶᠠᠷ︶ ᠲᠤᠰᠠᠯᠠᠮᠵᠢ ᠭᠤᠶᠤᠴᠢᠯᠠᠬᠤ᠄  ᠵᠢᠯᠣᠭᠤᠳᠬᠤ ᠲᠥᠪ ᠠᠴᠠ ᠲᠤᠰᠠᠯᠠᠮᠵᠢ ᠭᠤᠶᠤᠴᠢᠯᠠᠵᠤ᠂ 120 ᠪᠠᠴᠢᠮ ᠠᠪᠤᠷᠠᠯᠲᠠ ᠶᠢᠨ ᠤᠲᠠᠰᠤ ᠶᠢ ᠴᠣᠬᠢᠨ᠎ᠠ᠃ ᠬᠡᠷᠪᠡ ᠵᠠᠳᠠᠭᠠᠶ ᠰᠢᠷᠬ᠎ᠠ ᠪᠣᠯ᠂ ᠤᠷᠢᠳ ᠢᠶᠠᠷ ᠴᠢᠰᠤ ᠵᠣᠭᠰᠣᠭᠠᠬᠤ ᠬᠡᠷᠡᠭᠲᠡᠶ᠃ ᠬᠡᠷᠪᠡ ᠰᠢᠷᠬᠠᠲᠤᠭᠰᠠᠨ ᠰᠢᠯᠲᠠᠭᠠᠨ ᠢ ᠪᠠᠶᠢᠴᠠᠭᠠᠨ ᠳᠣᠲᠣᠯᠠᠵᠤ ᠴᠢᠳᠠᠬᠤ ᠥᠬᠡᠶ ᠪᠣᠯ ᠰᠣᠬᠤᠷ ᠪᠠᠯᠠᠶ ᠪᠠᠷ ᠰᠢᠢᠳᠪᠦᠷᠢᠯᠡᠬᠦ ᠶᠢ ᠴᠢᠩᠭ᠎ᠠ ᠴᠡᠭᠡᠷᠯᠡᠵᠦ᠂ ᠤᠤᠯ ᠪᠠᠶᠢᠷᠢ ᠪᠠᠨ ᠪᠠᠲᠤᠯᠠᠵᠤ 120 ᠠᠪᠤᠷᠠᠨ ᠡᠮᠨᠡᠬᠦ ᠶᠢ ᠬᠦᠯᠢᠶᠡᠨ᠎ᠡ᠃      ︵ᠭᠤᠷᠪᠠ︶ ᠳᠡᠭᠡᠳᠦ ᠬᠡᠮᠵᠢᠶ᠎ᠡ ᠪᠠᠷ ᠰᠡᠷᠡᠮᠵᠢᠯᠡᠬᠦ᠄ ᠲᠤᠰᠠᠯᠠᠬᠤ ᠴᠡᠷᠢᠭ ᠴᠠᠭᠳᠠᠭ᠎ᠠ ᠢᠷᠡᠬᠦ ᠠᠴᠠ ᠡᠮᠦᠨ᠎ᠡ ᠡᠷᠭᠢᠨ ᠲᠣᠭᠤᠷᠢᠨ ᠤ ᠣᠷᠴᠢᠨ ᠲᠣᠭᠤᠷᠢᠨ ᠢ ᠪᠠᠶᠢᠴᠠᠭᠠᠵᠤ᠂ ᠰᠡᠷᠡᠮᠵᠢᠯᠡᠬᠦ ᠶᠢ ᠠᠩᠬᠠᠷᠴᠤ᠂ ᠬᠥᠮᠦᠨ ᠤ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃
ᠢᠷᠡᠯᠲᠡ᠄ ᠲᠣᠳᠤᠭᠠᠳᠤ ᠶᠢ ᠬᠠᠮᠠᠭᠠᠯᠠᠬᠤ ᠲᠢᠩᠬᠢᠮ