ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠪᠠᠷᠢᠮᠵᠢᠶ᠎ᠠ
ᠨᠡᠶᠢᠲᠡᠯᠡᠭᠰᠡᠨ ᠴᠠᠭ᠄
2022/10/17
     ᠨᠢᠭᠡᠳᠦᠭᠡᠷ ᠪᠦᠯᠦᠭ  ᠶᠡᠷᠦᠩᠬᠡᠶ ᠳᠦᠷᠢᠮ      ᠨᠢᠭᠡ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠦᠭᠡᠳᠡᠢ ᠳᠠᠰᠤᠯᠬᠤ ᠡᠷᠬᠡ ᠶᠢ ᠵᠢᠷᠤᠮᠵᠢᠭᠤᠯᠤᠨ ᠬᠡᠷᠡᠭᠵᠢᠭᠦᠯᠵᠦ᠂ ᠬᠠᠥᠯᠢ ᠬᠡᠷᠡᠭᠵᠢᠭᠦᠯᠬᠦ ᠶᠢᠨ ᠲᠤᠷ᠎ᠠ ᠵᠣᠷᠢᠭ ᠤᠨ ᠴᠢᠨᠠᠷ ᠢ ᠪᠠᠭᠠᠰᠬᠠᠨ᠂ ᠲᠤᠬᠠᠢ ᠶᠢᠨ ᠬᠦᠮᠦᠨ ᠤ ᠬᠠᠤᠯᠢ ᠶᠣᠰᠤᠨ ᠤ ᠡᠷᠬᠡ ᠠᠰᠢᠭ ᠢ ᠦᠨᠡᠨ ᠬᠦ ᠪᠠᠳᠤᠯᠠᠬᠤ ᠶᠢᠨ ᠲᠤᠰᠠᠳᠠ᠂ ︽ᠪᠦᠬᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠳᠣᠷᠭᠠᠭᠤᠯᠢ ᠶᠢᠨ ᠬᠠᠥᠯᠢ︾ ︽ᠥᠪᠦᠷ ᠮᠤᠩᠭᠤᠯ ᠤᠨ ᠥᠪᠡᠷᠳᠡᠭᠡᠨ ᠵᠠᠰᠠᠬᠤ ᠣᠷᠤᠨ ᠤ ᠬᠢᠯᠢ  ᠶᠢᠨ ᠬᠠᠮᠢᠶᠠᠷᠤᠯᠲᠠ ᠶᠢᠨ ᠲᠥᠷᠢᠮ︾ ︵ᠳᠣᠷᠤᠭᠰᠢ ︽ᠲᠥᠷᠢᠮ︾ ᠭᠡᠵᠦ ᠲᠤᠪᠴᠢᠯᠠᠨ᠎ᠠ︶ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ᠂ ᠲᠥᠷᠢᠮ ᠳᠣᠭᠳᠠᠭᠠᠯ ᠢ ᠥᠨᠳᠦᠰᠦᠯᠡᠨ᠂ ᠥᠪᠡᠷᠳᠡᠭᠡᠨ ᠵᠠᠰᠠᠬᠤ ᠣᠷᠤᠨ ᠤ ᠬᠢᠯᠢ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠤᠳᠠᠳᠠᠢ ᠲᠠᠢ ᠤᠶᠠᠯᠳᠤᠭᠤᠯᠵᠤ᠂ ᠲᠤᠰ ᠪᠠᠷᠢᠮᠵᠢᠶ᠎ᠠ ᠶᠢ ᠲᠤᠭᠳᠠᠭᠠᠪᠠ᠃     ᠬᠤᠶᠠᠷ᠂ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ︽ᠲᠦᠷᠢᠮ︾ ᠤᠨ ᠲᠣᠭᠲᠠᠭᠠᠯ ᠢ ᠦᠨᠳᠦᠰᠦᠯᠡᠨ᠂ ᠬᠢᠯᠢ ᠶᠢᠨ ᠬᠠᠮᠢᠶᠠᠷᠤᠯᠲᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠣᠭᠲᠠᠭᠠᠯ ᠭᠠᠷᠭᠠᠪᠠᠯ᠂ ᠲᠤᠰ ᠪᠠᠷᠢᠮᠵᠢᠶ᠎ᠠ ᠶᠢ ᠬᠡᠷᠡᠭᠯᠡᠨ᠎ᠡ᠃     ᠭᠤᠷᠪᠠ᠂ ᠬᠢᠯᠢ ᠶᠢᠨ ᠬᠠᠮᠢᠶᠠᠷᠤᠯᠲᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠭᠡᠯ ᠢ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠡᠭᠡ ᠠᠩᠭᠢ ᠠᠴᠠ ᠳᠡᠭᠡᠭᠰᠢᠬᠢ ᠰᠠᠯᠠᠭ᠎ᠠ ᠮᠥᠴᠢᠷ ᠠᠴᠠ ᠲᠣᠭᠲᠠᠭᠠᠨ᠎ᠠ︔ ᠡᠭᠦᠨ ᠳᠤ ᠰᠡᠷᠡᠮᠵᠢᠯᠡᠭᠦᠯᠬᠦ᠂ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢ ᠳᠣᠲᠣᠭᠠᠳᠤ ᠶᠢ ᠬᠠᠮᠠᠭᠠᠯᠠᠬᠤ ᠬᠢᠯᠢ ᠶᠢᠨ ᠲᠣᠮᠢᠯᠠᠭᠰᠠᠨ ᠰᠠᠯᠪᠤᠷᠢ ᠪᠤᠶᠤ ᠳᠣᠲᠣᠭᠠᠳᠤ ᠶᠢ ᠬᠠᠮᠠᠭᠠᠯᠠᠬᠤ ᠬᠢᠯᠢ ᠶᠢᠨ ᠪᠠᠶᠢᠴᠠᠭᠠᠬᠤ ᠥᠷᠲᠡᠭᠡ ᠠᠴᠠ ᠲᠣᠭᠲᠠᠭᠠᠵᠤ ᠪᠣᠯᠤᠨ᠎ᠠ᠃     ᠳᠥᠷᠪᠡ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠰᠠᠭᠤᠷᠢ ᠪᠠᠷᠢᠮᠵᠢᠶ᠎ᠠ ᠶᠢ ᠬᠡᠷᠡᠭᠯᠡᠬᠦ ᠳᠤ᠂ ᠰᠢᠢᠳᠭᠡᠯ ᠲᠣᠷᠭᠠᠭᠤᠯᠢ ᠶᠢ ᠬᠠᠤᠯᠢ ᠪᠠᠷ ᠲᠣᠭᠲᠠᠭᠠᠭᠰᠠᠨ᠂ ᠡᠷᠬᠡ ᠲᠡᠭᠰᠢ ᠲᠥᠪ ᠭᠤᠤᠯᠴᠢ ᠢᠯᠡ ᠲᠣᠳᠣ᠂ ᠬᠠᠤᠯᠢ ᠶᠣᠰᠣᠨ ᠤ ᠵᠦᠶ ᠵᠣᠬᠢᠰᠲᠠᠶ᠂ ᠠᠯᠳᠠᠭ᠎ᠠ ᠪᠠ ᠲᠣᠷᠭᠠᠭᠤᠯᠢ ᠶᠢ ᠬᠠᠷᠢᠯᠴᠠᠨ ᠵᠣᠬᠢᠴᠠᠭᠤᠯᠬᠤ᠂ ᠰᠤᠷᠭᠠᠨ ᠬᠥᠮᠦᠵᠢᠭᠦᠯᠬᠦ ᠪᠠ ᠰᠢᠢᠳᠭᠡᠯ ᠲᠣᠷᠭᠠᠭᠤᠯᠢ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠶ᠃     ᠲᠠᠪᠤ᠂ ᠲᠣᠳᠤᠭᠠᠳᠤ ᠶᠢ ᠬᠠᠮᠠᠭᠠᠯᠠᠬᠤ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠠᠤᠯᠢ︾ ︽ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠡᠷᠡᠭ ᠢ ᠭᠦᠢᠴᠡᠳᠭᠡᠬᠦ ᠳᠡᠰ ᠳᠠᠷᠠᠭᠠᠯᠠᠯ ᠤᠨ ᠳᠣᠭᠳᠠᠭᠠᠯ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠣᠭᠳᠠᠭᠠᠯ᠂ ᠲᠥᠷᠢᠮ ᠳᠣᠭᠲᠠᠭᠠᠯ ᠪᠣᠯᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠣᠭᠳᠠᠭᠠᠯ ᠢ ᠥᠨᠳᠦᠰᠦᠯᠡᠨ᠂ ᠲᠤᠬᠠᠢ ᠶᠢᠨ ᠬᠦᠮᠦᠨ ᠢ ᠬᠦᠩᠭᠡᠨ ᠢᠶᠠᠷ᠂ ᠬᠦᠩᠭᠡᠷᠡᠭᠦᠯᠦᠨ᠂ ᠬᠦᠨᠳᠦ ᠪᠠᠷ ᠰᠢᠢᠳᠭᠡᠬᠦ ᠪᠣᠶᠤ ᠰᠢᠢᠳᠭᠡᠯ ᠠᠴᠠ ᠬᠡᠯᠳᠦᠷᠢᠭᠦᠯᠬᠦ ᠬᠡᠷᠡᠭᠳᠡᠢ᠃     ᠬᠦᠩᠭᠡᠨ ᠢᠶᠠᠷ ᠰᠢᠢᠳᠭᠡᠬᠦ᠂ ᠬᠥᠩᠭᠡᠷᠡᠭᠦᠯᠦᠨ ᠰᠢᠢᠳᠭᠡᠬᠦ᠂ ᠬᠦᠨᠳᠦ ᠪᠠᠷ ᠰᠢᠢᠳᠭᠡᠬᠦ ᠪᠠ ᠦᠯᠦ ᠰᠢᠢᠳᠭᠡᠬᠦ ᠭᠡᠷᠡᠴᠢ ᠪᠠᠷᠢᠮᠲᠠ ᠪᠠᠷ ᠭᠡᠷᠡᠴᠢᠯᠡᠬᠦ ᠬᠡᠷᠡᠭᠲᠡᠢ ᠪᠥᠭᠡᠳ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠡᠪᠬᠡᠮᠡᠯ ᠳᠤ ᠳᠠᠭᠠᠯᠳᠤᠭᠤᠯᠬᠤ ᠬᠡᠷᠡᠭᠲᠡᠢ᠃     ᠵᠢᠷᠭᠤᠭ᠎ᠠ᠂ ᠬᠠᠤᠯᠢ ᠴᠠᠭᠠᠵᠠ᠂ ᠬᠠᠤᠯᠢ ᠲᠤᠭᠳᠠᠭᠠᠯ᠂ ᠲᠥᠷᠢᠮ ᠲᠤᠭᠳᠠᠭᠠᠯ ᠳᠤ ᠲᠤᠭᠳᠠᠭᠠᠭᠰᠠᠨ ᠰᠢᠢᠳᠭᠡᠯ ᠨᠢ ᠵᠣᠬᠢᠬᠤ ᠬᠡᠮᠵᠢᠶ᠎ᠡ ᠲᠠᠢ ᠮᠥᠷᠳᠡᠭᠡᠨ ᠰᠠᠭᠤᠷᠢ ᠪᠠᠷᠢᠮᠵᠢᠶ᠎ᠠ ᠳᠤ ᠲᠣᠭᠳᠠᠭᠠᠯ ᠭᠠᠷᠭᠠᠭᠰᠠᠨ ᠦᠭᠡᠢ ᠪᠠᠶᠢᠪᠠᠯ᠂ ᠬᠡᠮᠵᠢᠶ᠎ᠡ ᠶᠢᠨ ᠬᠡᠪᠴᠢᠶᠡᠨ ᠲᠣᠳᠤᠷ᠎ᠠ ᠬᠠᠤᠯᠢ ᠪᠠᠷ ᠲᠤᠭᠳᠠᠭᠠᠭᠰᠠᠨ ᠦᠨᠳᠦᠰᠦᠯᠡᠯ᠂ ᠬᠠᠤᠯᠢ ᠶᠢ ᠵᠦᠷᠢᠴᠡᠭᠰᠡᠨ ᠪᠠᠶᠢᠳᠠᠯ᠂ ᠰᠢᠨᠵᠢ ᠴᠢᠨᠠᠷ ᠦᠢᠯᠡ ᠪᠠᠶᠢᠳᠠᠯ᠂ ᠬᠤᠤᠷ ᠬᠦᠨᠦᠭᠡᠯ ᠤᠨ ᠬᠡᠮᠵᠢᠶ᠎ᠡ᠂ ᠰᠢᠢᠳᠭᠡᠯ ᠤᠨ ᠲᠥᠷᠦᠯ ᠵᠦᠢᠯ᠂ ᠰᠢᠢᠳᠭᠡᠯ ᠤᠨ ᠬᠡᠮᠵᠢᠶ᠎ᠡ ᠵᠡᠷᠭᠡ ᠬᠦᠴᠦᠨ ᠵᠦᠢᠯ ᠢ ᠶᠡᠷᠥᠩᠬᠡᠶᠢᠯᠡᠨ ᠪᠣᠳᠤᠯᠬᠢᠯᠠᠵᠤ ᠰᠣᠳᠤᠯᠤᠨ ᠲᠤᠭᠳᠠᠭᠠᠨ᠎ᠠ᠃     ᠲᠤᠯᠤᠭ᠎ᠠ᠂ ᠮᠥᠨ ᠨᠢᠭᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠨᠢ ᠠᠳᠠᠯᠢ ᠪᠤᠰᠤ ᠬᠠᠤᠯᠢ ᠴᠠᠭᠠᠵᠠ ᠶᠢᠨ ᠵᠢᠷᠤᠮᠵᠢᠯ ᠢ ᠵᠥᠷᠢᠴᠡᠭᠰᠡᠨ ᠪᠠᠶᠢᠪᠠᠯ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠬᠡᠷᠡᠭᠯᠡᠬᠦ ᠳᠤ ᠪᠠᠨ ᠳᠣᠣᠷ᠎ᠠ ᠵᠢᠭᠰᠠᠭᠠᠭᠰᠠᠨ ᠵᠠᠷᠴᠢᠮ ᠢ ᠵᠢᠷᠤᠮᠯᠠᠬᠤ ᠬᠡᠷᠡᠭᠲᠡᠢ᠄     ︵ᠨᠢᠭᠡ︶ ᠬᠦᠴᠦᠨ ᠶᠡᠬᠡᠲᠡᠢ ᠬᠠᠤᠯᠢ ᠴᠠᠭᠠᠵᠠ ᠶᠢᠨ ᠵᠢᠷᠤᠮᠵᠢᠯ ᠢ ᠤᠷᠢᠳ ᠢᠶᠠᠷ ᠬᠡᠷᠡᠭᠯᠡᠬᠦ︔     ︵ᠬᠤᠶᠠᠷ︶ ᠬᠠᠤᠯᠢ ᠴᠠᠭᠠᠵᠠ ᠶᠢᠨ ᠵᠢᠷᠤᠮᠵᠢᠯ ᠤᠨ ᠬᠦᠴᠦᠨ ᠨᠢ ᠠᠳᠠᠯᠢ ᠪᠠᠶᠢᠵᠤ᠂ ᠣᠨᠴᠠᠭᠠᠢ ᠲᠣᠭᠲᠠᠭᠠᠯ ᠢ ᠤᠷᠢᠳ ᠢᠶᠠᠷ ᠬᠡᠷᠡᠭᠯᠡᠭᠰᠡᠨ ᠳᠤ ᠲᠣᠭᠠᠴᠠᠭᠳᠠᠬᠤ︔     ︵ᠭᠤᠷᠪᠠ︶ ᠬᠠᠤᠯᠢ ᠴᠠᠭᠠᠵᠠ ᠶᠢᠨ ᠵᠢᠷᠤᠮᠵᠢᠯ ᠤᠨ ᠬᠦᠴᠦᠨ ᠨᠢ ᠠᠳᠠᠯᠢ ᠪᠠᠶᠢᠵᠤ᠂ ᠴᠠᠭ ᠨᠢ ᠬᠤᠶᠢᠨ᠎ᠠ ᠪᠠᠶᠢᠬᠤ ᠶᠢ ᠤᠷᠢᠳ ᠢᠶᠠᠷ ᠬᠡᠷᠡᠭᠯᠡᠬᠦ᠃     ᠨᠠᠢᠮᠠ᠂ ᠪᠠᠷᠢᠮᠵᠢᠶ᠎ᠠ ᠨᠢ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠲᠣᠭᠲᠠᠭᠠᠯ ᠲᠠᠢ ᠨᠢᠭᠡᠳᠦᠯ ᠦᠭᠡᠢ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃     ᠶᠢᠰᠦ᠂ ᠲᠤᠬᠠᠢ ᠶᠢᠨ ᠬᠥᠮᠦᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠰᠡᠵᠢᠭᠯᠡᠯᠲᠡᠢ ᠪᠠᠶᠢᠪᠠᠯ᠂ ᠴᠠᠭ ᠲᠤᠬᠠᠢ ᠳᠤ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃       ᠬᠤᠶᠠᠳᠤᠭᠠᠷ ᠪᠦᠯᠦᠭ ᠲᠠᠰᠤᠯᠤᠯᠲᠠ ᠶᠢᠨ ᠰᠠᠭᠤᠷᠢ ᠪᠠᠷᠢᠮᠵᠢᠶ᠎ᠠ       ᠨᠢᠭᠡ᠂ ᠬᠢᠯᠢ ᠶᠢᠨ ᠬᠠᠮᠢᠶᠠᠷᠤᠯᠲᠠ ᠶᠢᠨ ᠣᠷᠣᠨ ᠢᠶᠠᠷ ᠣᠷᠣᠵᠤ ᠭᠠᠷᠬᠤ ᠳᠤ ᠪᠠᠨ ᠪᠠᠶᠢᠴᠠᠭᠠᠯᠲᠠ ᠶᠢ ᠳᠡᠪᠴᠢᠬᠦ     【ᠲᠣᠬᠢᠷᠠᠭᠤᠯᠤᠨ ᠬᠡᠷᠡᠭᠯᠡᠬᠦ ᠦᠨᠳᠦᠰᠦᠯᠡᠯ】      ︽ᠲᠦᠷᠢᠮ︾ ᠤᠨ ᠭᠤᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠣᠰ ᠲᠦᠷᠢᠮ ᠤᠨ ᠲᠣᠭᠲᠠᠭᠠᠯ ᠠᠴᠠ ᠵᠥᠷᠢᠴᠡᠵᠦ᠂ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠣᠩᠭᠤᠳᠬᠤ ᠪᠤᠶᠤ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄     ︵ᠨᠢᠭᠡ︶ ᠬᠢᠯᠢ ᠶᠢᠨ ᠬᠠᠮᠢᠶᠠᠷᠤᠯᠲᠠ ᠶᠢᠨ ᠣᠷᠣᠨ ᠢᠶᠠᠷ ᠣᠷᠣᠵᠤ ᠭᠠᠷᠬᠤ ᠳᠤ ᠪᠠᠨ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠴᠠᠭᠠᠯᠲᠠ ᠶᠢ ᠲᠡᠪᠴᠢᠭᠰᠡᠨ︔   【ᠲᠠᠰᠤᠯᠤᠯᠲᠠ ᠶᠢᠨ ᠪᠠᠷᠢᠮᠵᠢᠶ᠎ᠠ】     1. ᠳᠤᠭᠤᠶ ᠪᠠᠶᠢᠬᠤ ᠠᠷᠭ᠎ᠠ ᠮᠠᠶ᠋ᠢᠭ ᠢᠶᠠᠷ ᠪᠠᠶᠢᠴᠠᠭᠠᠯᠲᠠ ᠶᠢ ᠲᠡᠪᠴᠢᠭᠰᠡᠨ ᠪᠠᠶᠢᠪᠠᠯ᠂ ᠳᠣᠩᠭᠤᠳᠬᠤ ᠪᠤᠶᠤ 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔     2. ᠪᠠᠶᠢᠴᠠᠭᠠᠯᠲᠠ ᠶᠢ ᠲᠣᠳᠣᠷᠬᠠᠶ ᠲᠡᠪᠴᠢᠭᠰᠡᠨ ᠪᠤᠶᠤ ᠪᠤᠰᠤᠳ ᠠᠷᠭ᠎ᠠ ᠮᠠᠶ᠋ᠢᠭ ᠢᠶᠠᠷ ᠪᠠᠶᠢᠴᠠᠭᠠᠬᠤ ᠶᠢ ᠲᠡᠪᠴᠢᠭᠰᠡᠨ ᠪᠠᠶᠢᠪᠠᠯ᠂ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ᠃     ᠬᠤᠶᠠᠷ᠂ ᠰᠦᠷᠦᠭ ᠢᠶᠠᠨ ᠳᠠᠭᠠᠵᠤ ᠮᠠᠯᠵᠢᠭᠰᠠᠨ ᠦᠭᠡᠢ ᠠᠴᠠ ᠪᠣᠯᠵᠤ ᠮᠠᠯ ᠤᠨᠤᠭ᠎ᠠ ᠬᠢᠯᠢ ᠳᠠᠪᠠᠭ᠋ᠤ   【ᠲᠣᠬᠢᠷᠠᠭᠤᠯᠤᠨ ᠬᠡᠷᠡᠭᠯᠡᠬᠦ ᠦᠨᠳᠦᠰᠦᠯᠡᠯ】    ︽ᠲᠦᠷᠢᠮ︾ ᠤᠨ ᠭᠤᠴᠢᠨ ᠨᠢᠭᠡᠳᠦᠭᠡᠷ ᠵᠦᠢᠯ ᠤᠨ ᠭᠤᠷᠪᠠᠳᠤᠭᠠᠷ ᠵᠤᠷᠪᠤᠰ  ᠲᠣᠰ ᠲᠦᠷᠢᠮ ᠤᠨ ᠲᠣᠭᠲᠠᠭᠠᠯ ᠠᠴᠠ ᠵᠥᠷᠢᠴᠡᠵᠦ᠂ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠣᠩᠭᠤᠳᠬᠤ ᠪᠤᠶᠤ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄     ︵ᠭᠤᠷᠪᠠ︶ ᠰᠦᠷᠦᠭ ᠢᠶᠠᠨ ᠳᠠᠭᠠᠵᠤ ᠮᠠᠯᠵᠢᠭᠰᠠᠨ ᠦᠭᠡᠢ ᠠᠴᠠ ᠪᠣᠯᠵᠤ ᠮᠠᠯ ᠤᠨᠤᠭ᠎ᠠ ᠬᠢᠯᠢ ᠳᠠᠪᠠᠭᠰᠠᠨ᠃    【 ᠲᠠᠰᠤᠯᠤᠯᠲᠠ ᠶᠢᠨ ᠪᠠᠷᠢᠮᠵᠢᠶ᠎ᠠ】     1. ᠠᠩᠬ᠎ᠠ ᠤᠳᠠᠭ᠎ᠠ ᠰᠦᠷᠦᠭ ᠢᠶᠠᠨ ᠳᠠᠭᠠᠵᠤ ᠮᠠᠯ ᠮᠠᠯᠵᠢᠬᠤ ᠦᠭᠡᠢ ᠠᠴᠠ ᠪᠣᠯᠵᠤ ᠮᠠᠯ ᠤᠨᠤᠭ᠎ᠠ ᠬᠢᠯᠢ ᠳᠠᠪᠠᠭᠰᠠᠨ᠂ ᠬᠤᠣᠷ ᠬᠥᠨᠥᠭᠡᠯ ᠤᠨ ᠦᠷ᠎ᠡ ᠤᠷᠰᠢᠭ ᠨᠢ ᠬᠥᠩᠭᠡᠪᠲᠦᠷ ᠪᠠᠶᠢᠵᠤ ᠭᠠᠳᠠᠭᠠᠳᠤ ᠲᠠᠢ ᠬᠤᠯᠪᠣᠭᠳᠠᠭᠰᠠᠨ ᠬᠡᠷᠡᠭ ᠭᠠᠷᠭᠠᠭᠰᠠᠨ ᠦᠭᠡᠢ ᠪᠥᠭᠡᠳ ᠴᠠᠭ ᠲᠤᠬᠠᠢ ᠳᠤ ᠨᠢ ᠵᠠᠯᠠᠷᠠᠭᠤᠯᠤᠭᠰᠠᠨ ᠪᠠᠶᠢᠪᠠᠯ ᠰᠢᠢᠳᠬᠡᠯ ᠥᠭᠬᠦ ᠦᠭᠡᠢ ᠪᠠᠶᠢᠵᠤ ᠪᠣᠯᠤᠨ᠎ᠠ︔     2. ᠠᠩᠬ᠎ᠠ ᠤᠳᠠᠭ᠎ᠠ ᠰᠦᠷᠦᠭ ᠢᠶᠠᠨ ᠳᠠᠭᠠᠵᠤ ᠮᠠᠯᠵᠢᠭᠰᠠᠨ ᠦᠭᠡᠶ ᠠᠴᠠ ᠪᠣᠯᠵᠤ ᠮᠠᠯ ᠤᠨᠤᠭ᠎ᠠ ᠬᠢᠯᠢ ᠳᠠᠪᠠᠭᠰᠠᠨ᠂ ᠭᠠᠳᠠᠭᠠᠳᠤ ᠳᠤ ᠬᠤᠯᠪᠣᠭᠳᠠᠬᠤ ᠬᠡᠷᠡᠭ ᠭᠠᠷᠭᠠᠭᠰᠠᠨ ᠪᠣᠯ ᠲᠤᠩᠭᠤᠳᠬᠤ ᠪᠤᠶᠤ 200 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ︔     3. ᠨᠢᠭᠡ ᠵᠢᠯ ᠤᠨ ᠳᠣᠲᠣᠷ᠎ᠠ ᠰᠦᠷᠦᠭ ᠢᠶᠠᠨ ᠳᠠᠭᠠᠵᠤ ᠮᠠᠯᠵᠢᠬᠤ ᠦᠭᠡᠢ ᠠᠴᠠ ᠪᠣᠯᠵᠤ ᠮᠠᠯ ᠤᠨᠤᠭ᠎ᠠ ᠬᠢᠯᠢ ᠳᠠᠪᠠᠵᠤ ᠲᠣᠷᠭᠠᠭᠳᠠᠵᠤ ᠥᠩᠭᠡᠷᠡᠭᠰᠡᠨ ᠮᠥᠷᠳᠡᠭᠡᠨ ᠳᠠᠬᠢᠭᠠᠳ ᠪᠠᠰᠠ ᠡᠭᠦᠰᠦᠭᠰᠡᠨ ᠪᠣᠯ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃     ᠭᠤᠷᠪᠠ᠂ ᠤᠯᠤᠰ ᠤᠨ ᠬᠢᠯᠢ ᠶᠢᠨ ᠱᠤᠭᠤᠮ ᠠᠴᠠ 1 ᠺᠢᠯᠦᠮᠧᠲᠷ ᠵᠠᠶᠢᠲᠠᠶ ᠭᠠᠵᠠᠷ ᠲᠤ ᠳᠤᠷ᠎ᠠ ᠪᠠᠷ ᠢᠶᠠᠨ ᠫᠤᠤ ᠳᠤᠤᠭᠠᠷᠭᠠᠬᠤ   【ᠲᠣᠬᠢᠷᠠᠭᠤᠯᠤᠨ ᠬᠡᠷᠡᠭᠯᠡᠬᠦ ᠦᠨᠳᠦᠰᠦᠯᠡᠯ】    ︽ᠲᠦᠷᠢᠮ︾ ᠤᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ᠲᠣᠰ ᠲᠦᠷᠢᠮ ᠤᠨ ᠲᠣᠭᠲᠠᠭᠠᠯ ᠠᠴᠠ ᠵᠥᠷᠢᠴᠡᠵᠦ᠂ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 500 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄     ︵ᠨᠢᠭᠡ︶ ᠤᠯᠤᠰ ᠤᠨ ᠬᠢᠯᠢ ᠶᠢᠨ ᠱᠤᠭᠤᠮ ᠠᠴᠠ 1 ᠺᠢᠯᠦᠮᠧᠲᠷ ᠵᠠᠶᠢᠲᠠᠶ ᠭᠠᠵᠠᠷ ᠲᠤ ᠳᠤᠷ᠎ᠠ ᠪᠠᠷ ᠢᠶᠠᠨ ᠫᠤᠤ ᠳᠤᠤᠭᠠᠷᠭᠠᠭᠰᠠᠨ︔   【ᠲᠠᠰᠤᠯᠤᠯᠲᠠ ᠶᠢᠨ ᠪᠠᠷᠢᠮᠵᠢᠶ᠎ᠠ】    1. ᠤᠯᠤᠰ ᠤᠨ ᠬᠢᠯᠢ ᠶᠢᠨ ᠱᠤᠭᠤᠮ ᠠᠴᠠ 1 ᠺᠢᠯᠦᠮᠧᠲᠷ ᠵᠠᠶᠢᠲᠠᠶ ᠭᠠᠵᠠᠷ ᠲᠤ ᠳᠤᠷ᠎ᠠ ᠪᠠᠷ ᠢᠶᠠᠨ ᠫᠤᠤ ᠳᠤᠤᠭᠠᠷᠭᠠᠭᠰᠠᠨ᠂ ᠭᠠᠳᠠᠭᠠᠳᠤ ᠲᠠᠢ ᠬᠤᠯᠪᠣᠭᠳᠠᠬᠤ ᠬᠡᠷᠡᠭ ᠵᠡᠷᠭᠡ ᠦᠷ᠎ᠡ ᠤᠷᠰᠢᠭ ᠭᠠᠷᠭᠠᠭᠰᠠᠨ ᠦᠭᠡᠶ ᠪᠣᠯ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔    2. ᠤᠯᠤᠰ ᠤᠨ ᠬᠢᠯᠢ ᠶᠢᠨ ᠱᠤᠭᠤᠮ ᠠᠴᠠ 1 ᠺᠢᠯᠦᠮᠧᠲᠷ ᠵᠠᠶᠢᠲᠠᠶ ᠭᠠᠵᠠᠷ ᠲᠤ ᠳᠤᠷ᠎ᠠ ᠪᠠᠷ ᠢᠶᠠᠨ ᠫᠤᠤ ᠳᠤᠤᠭᠠᠷᠭᠠᠭᠰᠠᠨ᠂ ᠭᠠᠳᠠᠭᠠᠳᠤ ᠲᠠᠢ ᠬᠤᠯᠪᠣᠭᠳᠠᠬᠤ ᠬᠡᠷᠡᠭ ᠡᠭᠦᠰᠭᠡᠭᠰᠡᠨ ᠵᠡᠷᠭᠡ ᠦᠷ᠎ᠡ ᠤᠷᠰᠢᠭ ᠨᠢ ᠬᠠᠷᠠᠬᠠᠨ ᠶᠠᠯ᠎ᠠ ᠳᠤ ᠬᠦᠷᠦᠭᠡᠳᠦᠶ ᠪᠣᠯ 1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃     ᠳᠥᠷᠪᠡ᠂ ᠮᠠᠨ ᠤ ᠤᠯᠤᠰ ᠤᠨ ᠬᠢᠯᠢ ᠶᠢ ᠳᠠᠪᠠᠵᠤ ᠣᠷᠣᠵᠤ ᠢᠷᠡᠭᠰᠡᠨ ᠮᠠᠯ ᠤᠨᠤᠭ᠎ᠠ ᠶᠢ ᠳᠤᠷ᠎ᠠ ᠪᠠᠷ ᠢᠶᠠᠨ ᠬᠡᠷᠡᠭᠯᠡᠭᠰᠡᠨ᠂ ᠠᠯᠠᠵᠤ ᠨᠢᠲᠤᠯᠤᠭᠰᠠᠨ᠂ ᠬᠤᠳᠠᠯᠳᠤᠭᠰᠠᠨ᠂ ᠳᠠᠯᠳᠠᠭᠤᠷ ᠬᠤᠪᠢᠶᠠᠭᠰᠠᠨ    【ᠲᠣᠬᠢᠷᠠᠭᠤᠯᠤᠨ ᠬᠡᠷᠡᠭᠯᠡᠬᠦ ᠦᠨᠳᠦᠰᠦᠯᠡᠯ】     ︽ᠲᠦᠷᠢᠮ︾ ᠤᠨ ᠭᠤᠴᠢᠨ ᠬᠤᠶᠠᠳᠤᠭᠠᠷ ᠵᠦᠢᠯ ᠤᠨ ᠭᠤᠷᠪᠠᠳᠤᠭᠠᠷ ᠵᠤᠷᠪᠤᠰ᠂ ᠬᠤᠶᠠᠳᠤᠭᠠᠷ ᠪᠠᠳᠠᠭ ᠲᠤ ᠲᠣᠰ ᠲᠦᠷᠢᠮ ᠤᠨ ᠲᠣᠭᠲᠠᠭᠠᠯ ᠠᠴᠠ ᠵᠥᠷᠢᠴᠡᠵᠦ᠂ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 500 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠄     ︵ᠭᠤᠷᠪᠠ︶ ᠮᠠᠨ ᠤ ᠤᠯᠤᠰ ᠤᠨ ᠬᠢᠯᠢ ᠶᠢ ᠳᠠᠪᠠᠵᠤ ᠣᠷᠣᠵᠤ ᠢᠷᠡᠭᠰᠡᠨ ᠮᠠᠯ ᠤᠨᠤᠭ᠎ᠠ ᠶᠢ ᠳᠤᠷ᠎ᠠ ᠪᠠᠷ ᠢᠶᠠᠨ ᠬᠡᠷᠡᠭᠯᠡᠵᠦ᠂ ᠠᠯᠠᠵᠤ᠂ ᠨᠢᠭᠤᠵᠤ᠂ ᠬᠤᠳᠠᠯᠳᠤᠵᠤ᠂ ᠳᠠᠯᠳᠠᠭᠤᠷ ᠬᠤᠪᠢᠶᠠᠭᠰᠠᠨ︔ ᠲᠤᠰ ᠵᠦᠢᠯ ᠤᠨ ︵ᠭᠤᠷᠪᠠ︶ ᠳ᠋ᠤᠭᠠᠷ ᠵᠤᠷᠪᠤᠰ ᠢ ᠵᠥᠷᠢᠴᠡᠭᠰᠡᠨ ᠦᠢᠯᠡ ᠠᠵᠢᠯᠯᠠᠭ᠎ᠠ ᠶᠢ ᠲᠣᠭᠲᠠᠭᠠᠯ ᠶᠣᠰᠣᠭᠠᠷ ᠰᠢᠢᠳᠭᠡᠬᠦ ᠠᠴᠠ ᠭᠠᠳᠠᠨ᠎ᠠ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠬᠤ ᠪᠠᠷ ᠨᠡᠶᠢᠯᠡᠭᠦᠯᠦᠨ ᠰᠢᠢᠳᠭᠡᠨ᠎ᠡ᠃    【ᠲᠠᠰᠤᠯᠤᠯᠲᠠ ᠶᠢᠨ ᠪᠠᠷᠢᠮᠵᠢᠶ᠎ᠠ】     1. ᠬᠥᠷᠰᠢ ᠵᠡᠷᠭᠡᠯᠡᠳᠡᠭᠡ ᠤᠯᠤᠰ ᠤᠨ ᠮᠠᠨ ᠤ ᠤᠯᠤᠰ ᠤᠨ ᠬᠢᠯᠢ ᠶᠢ ᠳᠠᠪᠠᠵᠤ ᠣᠷᠤᠵᠤ ᠢᠷᠡᠭᠰᠡᠨ ᠮᠠᠯ ᠢ ᠭᠤᠷᠪᠠᠨ ᠲᠤᠯᠤᠭᠠᠢ ᠠᠴᠠ ᠳᠣᠷᠤᠭᠰᠢ ᠲᠤᠷ᠎ᠠ ᠪᠠᠷ ᠢᠶᠠᠨ ᠬᠡᠷᠡᠭᠯᠡᠭᠰᠡᠨ᠂ ᠠᠯᠠᠵᠤ ᠨᠢᠲᠤᠯᠤᠭᠰᠠᠨ᠂ ᠨᠢᠭᠤᠵᠤ ᠳᠠᠯᠳᠠᠯᠠᠭᠰᠠᠨ᠂ ᠬᠤᠳᠠᠯᠳᠤᠭᠰᠠᠨ᠂ ᠳᠠᠯᠳᠠᠭᠤᠷ ᠬᠤᠪᠢᠶᠠᠭᠰᠠᠨ ᠪᠠᠶᠢᠪᠠᠯ᠂ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠠᠷ ᠨᠡᠶᠢᠯᠡᠭᠦᠯᠦᠨ ᠰᠢᠢᠳᠬᠡᠨ᠎ᠡ︔     2. ᠬᠥᠷᠰᠢ ᠵᠡᠷᠭᠡᠯᠡᠳᠡᠭᠡ ᠤᠯᠤᠰ ᠤᠨ ᠮᠠᠨ ᠤ ᠤᠯᠤᠰ ᠤᠨ ᠬᠢᠯᠢ ᠶᠢ ᠳᠠᠪᠠᠵᠤ ᠣᠷᠤᠵᠤ ᠢᠷᠡᠭᠰᠡᠨ ᠮᠠᠯ ᠢ ᠭᠤᠷᠪᠠᠨ ᠲᠤᠯᠤᠭᠠᠢ ᠠᠴᠠ ᠳᠡᠭᠡᠭᠰᠢ ᠲᠤᠷ᠎ᠠ ᠪᠠᠷ ᠢᠶᠠᠨ ᠬᠡᠷᠡᠭᠯᠡᠭᠰᠡᠨ᠂ ᠠᠯᠠᠵᠤ ᠨᠢᠲᠤᠯᠤᠭᠰᠠᠨ᠂ ᠨᠢᠭᠤᠵᠤ ᠳᠠᠯᠳᠠᠯᠠᠭᠰᠠᠨ᠂ ᠬᠤᠳᠠᠯᠳᠤᠭᠰᠠᠨ᠂ ᠳᠠᠯᠳᠠᠭᠤᠷ ᠬᠤᠪᠢᠶᠠᠭᠰᠠᠨ ᠪᠠᠶᠢᠪᠠᠯ᠂ 1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠬᠤ ᠪᠠᠷ ᠨᠡᠶᠢᠯᠡᠭᠦᠯᠦᠨ ᠰᠢᠢᠳᠬᠡᠨ᠎ᠡ᠃     ᠭᠤᠷᠪᠠᠳᠤᠭᠠᠷ ᠪᠦᠯᠦᠭ  ᠳᠠᠭᠠᠯᠳᠤᠭᠤᠯᠤᠭᠰᠠᠨ ᠲᠦᠷᠢᠮ      ᠨᠢᠭᠡ᠂ ᠪᠠᠷᠢᠮᠵᠢᠶ᠎ᠠ ᠳᠤ ᠲᠤᠭᠳᠠᠭᠠᠭᠰᠠᠨ ︽ᠳᠡᠭᠡᠭᠰᠢ︾᠂ ︽ᠳᠣᠷᠤᠭᠰᠢ︾ ᠭᠡᠳᠡᠭ ᠲᠤ ᠲᠤᠰ ᠳᠤᠭ᠎ᠠ ᠪᠠᠭᠲᠠᠨ᠎ᠠ᠂ ᠭᠡᠪᠡᠴᠦ ᠬᠡᠰᠡᠭ ᠬᠤᠪᠢᠶᠠᠨ ᠥᠷᠭᠦᠯᠵᠢᠯᠡᠨ ᠳᠡᠮᠳᠡᠭᠯᠡᠬᠦ ᠳᠣᠭᠠᠨ ᠤ ᠲᠣᠳᠤᠷᠠᠬᠢ ᠳᠠᠪᠬᠤᠷᠳᠠᠭᠰᠠᠨ ᠲᠤᠭ᠎ᠠ ᠶᠢ ︽ᠳᠡᠭᠡᠭᠰᠢ︾ ᠳᠤ ᠲᠣᠰ ᠲᠤᠭ᠎ᠠ ᠪᠠᠭᠲᠠᠬᠤ ᠦᠭᠡᠢ᠃ ᠬᠤᠶᠠᠷ᠂ ᠪᠠᠷᠢᠮᠵᠢᠶ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃ 
ᠢᠷᠡᠯᠲᠡ᠄ ᠥᠪᠡᠷᠳᠡᠭᠡᠨ ᠵᠠᠰᠠᠬᠤ ᠣᠷᠤᠨ ᠤ ᠲᠣᠳᠤᠭᠠᠳᠤ ᠶᠢ ᠬᠠᠮᠠᠭᠠᠯᠠᠬᠤ ᠲᠢᠩᠬᠢᠮ