︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠶ ᠪᠠᠶᠢᠯᠭᠠᠬᠤ ᠰᠢᠨ᠎ᠡ ᠠᠷᠭ᠎ᠠ ᠬᠡᠮᠵᠢᠶ᠎ᠡ︾ ᠶᠢ ᠵᠣᠬᠢᠶᠠᠭᠰᠠᠨ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2022/10/17
      ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠮᠠᠨ ᠤ ᠣᠷᠣᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠵᠠᠮ ᠳᠡᠭᠡᠷᠡᠬᠢ ᠬᠠᠤᠯᠢ ᠬᠡᠷᠡᠭᠵᠢᠭᠦᠯᠬᠦ ᠲᠣᠪᠤᠶᠢᠮ᠎ᠠ ᠠᠰᠠᠭᠤᠳᠠᠯ ᠪᠠ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠳᠤᠮᠳᠠ ᠢᠯᠡᠷᠡᠭᠦᠯᠦᠭᠰᠡᠨ ᠠᠷᠬᠠᠭ ᠬᠡᠮ ᠢ ᠭᠦᠨᠵᠡᠭᠡᠶ ᠴᠡᠭᠴᠡᠯᠡᠨ ᠰᠠᠶᠢᠵᠢᠷᠠᠭᠤᠯᠬᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠤᠯᠠᠮ ᠨᠢᠭᠡ ᠠᠯᠬᠤᠮ ᠰᠠᠶᠢᠲᠤᠷ ᠥᠷᠨᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠰᠤᠷᠭᠠᠨ ᠬᠥᠮᠦᠵᠢᠭᠦᠯᠵᠦ ᠴᠡᠭᠴᠡᠯᠡᠬᠦ ᠬᠡᠪᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠨᠢ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ︾ ︵ᠳᠣᠷᠣᠭᠰᠢ ︽ᠰᠢᠨ᠎ᠡ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠰᠤᠳᠤᠯᠤᠨ ᠲᠣᠭᠲᠠᠭᠠᠵᠤ᠂ ᠳᠤᠤᠷᠠᠬᠢ ᠮᠡᠲᠦ ᠲᠣᠳᠣᠷᠬᠠᠶᠢᠯᠠᠯᠲᠠ ᠬᠢᠪᠠ᠄      ᠨᠢᠭᠡ᠂ ᠲᠤᠭᠤᠷᠪᠢᠬᠤ ᠦᠨᠳᠦᠰᠦᠯᠡᠯ       ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ︽ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠥᠮᠦᠵᠢᠯ ᠴᠡᠭᠴᠡᠯᠡᠯᠲᠡ ᠳᠤᠮᠳᠠ ᠢᠯᠡᠷᠡᠭᠦᠯᠦᠭᠰᠡᠨ ᠠᠷᠬᠠᠭ ᠬᠡᠮ ᠢ ᠴᠡᠭᠴᠡᠯᠡᠨ ᠵᠠᠰᠠᠬᠤ ᠳᠤ ᠴᠢᠭᠯᠡᠭᠦᠯᠦᠨ᠂ ᠰᠢᠨ᠎ᠡ ᠨᠢᠭᠡ ᠬᠡᠪᠯᠡᠯ ᠤᠨ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠠᠷᠠᠳ ᠲᠤ ᠲᠥᠬᠦᠮ ᠦᠵᠡᠭᠦᠯᠬᠦ ᠬᠠᠲᠠᠭᠤ ᠠᠷᠭ᠎ᠠ ᠬᠡᠮᠵᠢᠶ᠎ᠡ ᠶᠢ ᠲᠣᠭᠲᠠᠭᠠᠬᠤ︾ ᠱᠠᠭᠠᠷᠳᠠᠯᠭ᠎ᠠ ᠶᠢ ᠳᠣᠭᠲᠠᠭᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠪᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ︽ᠪᠠᠴᠢᠮ ᠬᠦᠴᠢᠷᠳᠡᠯ ᠵᠣᠪᠠᠨᠢᠯ ᠬᠦᠰᠡᠯ︾ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠂ ︽ᠰᠦᠯᠵᠢᠶᠡᠨ ᠳᠡᠭᠡᠷ᠎ᠡ ᠭᠦᠢᠴᠡᠳᠭᠡᠬᠦ︾ ᠶᠢ ᠳᠣᠪᠤᠶᠢᠯᠭᠠᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ︽ᠵᠠᠮ ᠬᠠᠷᠢᠯᠴᠠᠭᠠᠨ ᠤ ᠴᠠᠭᠳᠠᠭ᠎ᠠ ᠶᠢᠨ ᠰᠢᠰᠲ᠋ᠧᠮ ᠤᠨ ᠬᠠᠤᠯᠢ ᠬᠡᠷᠡᠭᠵᠢᠭᠦᠯᠬᠦ ᠠᠵᠢᠯ ᠢ ᠰᠠᠶᠢᠵᠢᠷᠠᠭᠤᠯᠬᠤ ︿ᠵᠢᠷᠭᠤᠭᠠᠨ ᠵᠦᠢᠯ ᠤᠨ ᠠᠷᠭ᠎ᠠ ᠬᠡᠮᠵᠢᠶ᠎ᠡ﹀︾ ᠵᠡᠷᠭᠡ ᠠᠷᠭ᠎ᠠ ᠪᠠᠷ ᠯᠠᠪᠯᠠᠯᠲᠠ ᠪᠣᠯᠭᠠᠨ᠂ ᠲᠡᠷᠢᠭᠦᠨ ᠤ ᠮᠣᠵᠢ ᠬᠤᠲᠠ ᠶᠢᠨ ᠲᠤᠷᠰᠢᠯᠭ᠎ᠠ ᠶᠢ ᠰᠤᠷᠤᠯᠴᠠᠨ ᠳᠣᠯᠢᠯᠠᠵᠤ᠂ ︽ᠰᠢᠨ᠎ᠡ ᠠᠷᠭ᠎ᠠ ᠬᠡᠮᠵᠢᠶ᠎ᠡ︾ ᠶᠢ ᠲᠤᠭᠤᠷᠪᠢᠪᠠ᠃      ᠬᠤᠶᠠᠷ᠂ ᠲᠤᠭᠤᠷᠪᠢᠭᠰᠠᠨ ᠶᠠᠪᠤᠴᠠ       ᠲᠢᠩᠬᠢᠮ ᠤᠨ ᠳᠡᠳ᠋ ᠳᠠᠷᠤᠭ᠎ᠠ ᠵᠣᠣ ᠵᠢᠶᠠᠨ ᠨᠠᠨ ᠲᠢᠩᠬᠢᠮ ᠤᠨ ᠥᠭᠡᠷᠡᠴᠢᠯᠡᠯᠲᠡ ᠶᠢᠨ ᠠᠯᠪᠠᠨ ᠬᠡᠷ᠂ ᠠᠮᠤᠷ ᠢ ᠬᠠᠮᠠᠭᠠᠯᠠᠬᠤ ᠶᠡᠷᠦᠩᠬᠡᠶ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠷᠦᠩᠬᠡᠶ ᠠᠩᠭᠢ᠂ ᠬᠢᠯᠢ ᠪᠠᠷ ᠣᠷᠤᠬᠤ ᠭᠠᠷᠬᠤ ᠬᠠᠮᠢᠶᠠᠷᠤᠯᠲᠠ ᠶᠢᠨ ᠲᠣᠪᠴᠢᠶ᠎ᠠ᠂ ᠰᠦᠯᠵᠢᠶᠡᠨ ᠤ ᠠᠮᠤᠷ ᠲᠦᠪᠰᠢᠨ ᠤ ᠶᠡᠷᠦᠩᠬᠡᠶ ᠠᠩᠭᠢ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠨᠡᠶᠢᠲᠡ 6 ᠤᠳᠠᠭ᠎ᠠ ᠬᠤᠷᠠᠯ ᠬᠤᠷᠠᠯᠳᠤᠭᠤᠯᠵᠤ ᠳᠠᠬᠢᠨ ᠳᠠᠪᠲᠠᠨ ᠰᠤᠳᠤᠯᠤᠨ ᠨᠤᠲᠠᠯᠠᠵᠤ᠂︽ᠰᠢᠨ᠎ᠡ ᠠᠷᠭ᠎ᠠ ᠬᠡᠮᠵᠢᠶ᠎ᠡ︾ ᠶᠢ ᠨᠠᠶᠢᠷᠠᠭᠤᠯᠤᠨ ᠵᠣᠬᠢᠶᠠᠵᠤ᠂ ᠡᠬᠡ ᠪᠢᠴᠢᠭ ᠢ ᠪᠠᠶᠢᠨ ᠳᠠᠬᠢᠨ ᠵᠠᠰᠠᠭᠰᠠᠨ ᠪᠥᠭᠡᠳ ᠲᠢᠩᠬᠢᠮ ᠤᠨ ᠨᠠᠮ ᠤᠨ ᠬᠤᠷᠢᠶ᠎ᠠ ᠶᠢᠨ ᠬᠡᠰᠢᠭᠦᠨ᠂ ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠢᠴᠢ ᠲᠢᠩᠬᠢᠮ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠠᠰᠠᠪᠤᠷᠢ ᠣᠷᠣᠭᠤᠯᠬᠤ ᠰᠠᠨᠠᠯ ᠢ ᠤᠷᠢᠳ ᠬᠤᠵᠢᠳ ᠬᠤᠷᠢᠶᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ᠵᠡᠷᠭᠡ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠨ ᠶᠠᠪᠤᠭᠤᠯᠬᠤ 5 ᠲᠠᠰ ᠳᠠᠷᠠᠭᠠᠯᠠᠯ ᠤᠨ ᠱᠠᠭᠠᠷᠳᠠᠯᠭ᠎ᠠ ᠶᠣᠰᠣᠭᠠᠷ᠂ ᠰᠦᠯᠵᠢᠶᠡᠨ ᠳᠡᠭᠡᠷ᠎ᠡ ᠢᠯᠡ ᠪᠠᠷ ᠰᠠᠨᠠᠯ ᠬᠤᠷᠢᠶᠠᠬᠤ᠂ ᠲᠤᠰᠬᠠᠶ ᠲᠤᠰᠢᠶᠠᠯᠲᠤ ᠬᠠᠤᠯᠢᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠲᠤᠰᠬᠠᠶ ᠮᠡᠷᠭᠡᠵᠢᠯᠲᠡᠨ ᠢᠶᠠᠷ ᠦᠨᠡᠯᠡᠨ ᠵᠢᠱᠢᠵᠦ ᠨᠤᠲᠠᠯᠠᠬᠤ ᠵᠢᠴᠢ ᠲᠢᠩᠬᠢᠮ ᠤᠨ ᠬᠠᠤᠯᠢ ᠲᠦᠷᠢᠮ ᠤᠨ ᠶᠡᠷᠦᠩᠬᠡᠶ ᠠᠩᠭᠢ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ 3 ᠲᠠᠰ ᠳᠠᠷᠠᠭᠠᠯᠠᠯ ᠢ ᠨᠢᠭᠡᠨᠲᠡ ᠪᠡᠶᠡᠯᠡᠭᠦᠯᠪᠡ᠃ ᠡᠯ᠎ᠡ ᠲᠠᠯ᠎ᠠ ᠶᠢᠨ ᠬᠢᠨ ᠤ ᠳᠤᠷᠠᠳᠤᠭᠰᠠᠨ ᠰᠠᠨᠠᠯ ᠶᠣᠰᠣᠭᠠᠷ᠂ ᠳᠠᠬᠢᠨᠲᠠ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠡᠴᠦᠰ ᠲᠤ ᠪᠠᠨ ᠲᠣᠰ ᠨᠤᠤᠷᠠᠭ ᠢ ᠪᠣᠶ ᠪᠣᠯᠭᠠᠪᠠ᠃      ᠭᠤᠷᠪᠠ᠂ ᠭᠤᠣᠯ ᠠᠭᠤᠯᠭ᠎ᠠ       ︽ᠰᠢᠨ᠎ᠡ ᠠᠷᠭ᠎ᠠ ᠬᠡᠮᠵᠢᠶ᠎ᠡ︾ ᠳᠤ ᠨᠡᠶᠢᠲᠡ 28 ᠵᠦᠢᠯ ᠪᠣᠶ᠂ ᠡᠭᠦᠨ ᠳᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ 12 ᠵᠦᠢᠯ᠂ ᠠᠮᠤᠷ ᠢ ᠬᠠᠮᠠᠭᠠᠯᠠᠬᠤ ᠬᠠᠮᠢᠶᠠᠷᠤᠯᠲᠠ 9 ᠵᠦᠢᠯ᠂ ᠬᠢᠯᠢ ᠪᠠᠷ ᠣᠷᠣᠵᠤ ᠭᠠᠷᠬᠤ ᠬᠠᠮᠢᠶᠠᠷᠤᠯᠲᠠ 4 ᠵᠦᠢᠯ᠂ ᠰᠦᠯᠵᠢᠶᠡᠨ ᠤ ᠠᠮᠤᠷ ᠲᠦᠪᠰᠢᠨ ᠤ ᠲᠤᠬᠠᠶᠢᠯᠠᠭᠰᠠᠨ ᠠᠵᠢᠯ 3 ᠵᠦᠢᠯ ᠪᠠᠭᠲᠠᠨ᠎ᠠ᠃ 28 ᠳ᠋ᠤᠭᠠᠷ ᠵᠦᠢᠯ ᠳᠤ ᠭᠤᠤᠯᠳᠠᠭᠤ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠰᠠᠶᠢᠵᠢᠷᠠᠭᠤᠯᠬᠤ ᠪᠠ ᠳᠥᠭᠦᠮ ᠳᠥᠲᠡ ᠦᠢᠯᠡᠴᠢᠯᠡᠭᠡ ᠬᠢᠬᠦ᠂ ︽ᠰᠦᠯᠵᠢᠶᠡᠨ ᠳᠡᠭᠡᠷ᠎ᠡ ᠭᠦᠢᠴᠡᠳᠭᠡᠬᠦ︾᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾᠂︽ᠣᠶᠢᠷ᠎ᠠ ᠬᠠᠪᠢ ᠳᠤ ᠨᠢ ᠭᠦᠢᠴᠡᠳᠭᠡᠬᠦ︾᠂ ᠮᠠᠲ᠋ᠧᠷᠢᠶᠠᠯ ᠢ ᠬᠠᠰᠤᠵᠤ ᠴᠠᠭ ᠤᠨ ᠬᠢᠵᠠᠭᠠᠷ ᠢ ᠪᠠᠭᠠᠰᠬᠠᠬᠤ ᠵᠡᠷᠭᠡ ᠲᠠᠯ᠎ᠠ ᠪᠠᠷ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠶ ᠪᠠᠶᠢᠯᠭᠠᠬᠤ ᠵᠣᠬᠢᠴᠠᠩᠭᠤᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃ ᠨᠢᠭᠡ ᠳᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠪᠣᠯᠤᠨ ᠳᠥᠭᠦᠮ ᠦᠢᠯᠡᠴᠢᠯᠡᠭᠡ ᠶᠢ ᠰᠠᠶᠢᠵᠢᠷᠠᠭᠤᠯᠬᠤ ᠲᠠᠯ᠎ᠠ ᠪᠠᠷ 11 ᠵᠦᠢᠯ ᠠᠷᠭ᠎ᠠ ᠬᠡᠮᠵᠢᠶ᠎ᠡ ᠳᠤᠷᠠᠳᠪᠠ᠃ ᠡᠭᠦᠨ ᠳᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠥᠩᠭᠡᠪᠲᠦᠷ ᠦᠢᠯᠡ ᠠᠵᠢᠯᠯᠠᠭ᠎ᠠ ᠶᠢ ᠰᠢᠢᠳᠭᠡᠬᠦ ᠦᠭᠡᠶ ᠪᠠᠶᠢᠬᠤ᠂ ︽ᠡᠩ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠠᠩᠬ᠎ᠠ ᠤᠳᠠᠭ᠎ᠠ ᠰᠡᠷᠡᠮᠵᠢ ᠥᠭᠬᠦ︾᠂ ︽ᠠᠷᠪᠠᠨ ᠮᠢᠨᠦ᠋ᠲ ᠤᠨ ᠳᠣᠲᠣᠷ᠎ᠠ ᠬᠠᠤᠯᠢ ᠠᠴᠠ ᠵᠦᠷᠢᠴᠡᠨ ᠲᠡᠷᠭᠡ ᠵᠣᠭᠰᠤᠭᠠᠭᠰᠠᠨ ᠢ ᠳᠣᠷᠭᠠᠭᠤᠯᠢ ᠠᠴᠠ ᠬᠡᠯᠲᠦᠷᠢᠭᠦᠯᠬᠦ︾᠂ ᠰᠦᠯᠵᠢᠶᠡᠨ ᠳᠡᠭᠡᠷ᠎ᠡ ︽ᠬᠠᠤᠯᠢ ᠰᠤᠷᠴᠤ ᠬᠤᠪᠢ ᠬᠠᠰᠤᠬᠤ︾ ᠵᠡᠷᠭᠡ ᠪᠠᠭᠲᠠᠨ᠎ᠠ᠃ ᠬᠤᠶᠠᠷ ᠲᠤ᠂︽ᠰᠦᠯᠵᠢᠶᠡᠨ ᠳᠡᠭᠡᠷ᠎ᠡ ᠭᠦᠢᠴᠡᠳᠭᠡᠬᠦ︾ ᠳᠤ ᠬᠤᠯᠪᠣᠭᠳᠠᠭᠰᠠᠨ ᠨᠢ 12 ᠵᠦᠢᠯ ᠠᠷᠭ᠎ᠠ ᠬᠡᠮᠵᠢᠶ᠎ᠡ ᠪᠣᠶ᠃ ᠡᠭᠦᠨ ᠳᠤ ᠡᠷᠦᠬᠡ ᠶᠢᠨ ᠶᠠᠪᠤᠳᠠᠯ ᠤᠨ 86 ᠵᠣᠷᠪᠤᠰ ᠤᠨ ᠲᠤᠬᠠᠶᠢᠯᠠᠭᠰᠠᠨ ᠠᠵᠢᠯ᠂ ᠰᠦᠯᠵᠢᠶᠡᠨ ᠤ ᠠᠮᠤᠷ ᠲᠦᠪᠰᠢᠨ ᠤ 3 ᠵᠣᠷᠪᠤᠰ ᠤᠨ ᠲᠤᠬᠠᠶᠢᠯᠠᠭᠰᠠᠨ ᠠᠵᠢᠯ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠪᠡ᠃ ᠭᠤᠷᠪᠠ ᠳᠤ᠂ ︽ᠨᠢᠭᠡ ᠥᠷᠲᠡᠭᠡ ᠳᠤ ᠭᠦᠢᠴᠡᠳᠭᠡᠬᠦ︾ ︽ᠣᠶᠢᠷ᠎ᠠ ᠬᠠᠪᠢ ᠳᠤ ᠨᠢ ᠭᠦᠢᠴᠡᠳᠭᠡᠬᠦ︾ ᠲᠠᠯ᠎ᠠ ᠪᠠᠷ 5 ᠵᠦᠢᠯ ᠠᠷᠭ᠎ᠠ ᠬᠡᠮᠵᠢᠶ᠎ᠡ ᠳᠤᠷᠠᠳᠪᠠ᠃ 2 ᠵᠣᠷᠪᠤᠰ ᠤᠨ ᠣᠨᠴᠠ ᠲᠥᠷᠥᠯ ᠤᠨ ᠲᠤᠬᠠᠶᠢᠯᠠᠭᠰᠠᠨ ᠠᠵᠢᠯ᠂ 3 ᠵᠣᠷᠪᠤᠰ ᠤᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ᠂ 5 ᠵᠣᠷᠪᠤᠰ ᠤᠨ ᠬᠢᠯᠢ ᠪᠠᠷ ᠣᠷᠤᠬᠤ ᠭᠠᠷᠬᠤ ᠲᠤᠬᠠᠶᠢᠯᠠᠭᠰᠠᠨ ᠠᠵᠢᠯ ᠢ ᠲᠣᠮᠢᠯᠠᠭᠰᠠᠨ ᠰᠠᠯᠪᠤᠷᠢ ᠳᠤ ᠲᠠᠯᠪᠢᠵᠤ᠂ 73 ᠵᠣᠷᠪᠤᠰ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠬᠤᠰᠢᠭᠤ ᠰᠢᠶᠠᠨ ᠤ ᠲᠡᠷᠭᠡ ᠬᠠᠮᠢᠶᠠᠷᠬᠤ ᠭᠠᠵᠠᠷ ᠲᠤ ᠲᠠᠯᠪᠢᠵᠤ ᠭᠥᠯᠢᠶᠡᠨ ᠠᠪᠴᠤ ᠭᠦᠢᠴᠡᠳᠭᠡᠭᠦᠯᠪᠡ᠃ ᠳᠥᠷᠪᠡ ᠳᠤ᠂ ᠪᠥᠬᠦ ᠣᠷᠣᠨ ᠳᠤ ᠨᠡᠶᠢᠳᠡᠮ ᠭᠦᠢᠴᠡᠳᠭᠡᠬᠦ ᠶᠢ ᠬᠡᠷᠡᠭᠵᠢᠭᠦᠯᠬᠦ ᠳᠤ ᠬᠤᠯᠪᠣᠭᠳᠠᠭᠰᠠᠨ 3 ᠵᠦᠢᠯ ᠤᠨ ᠠᠷᠭ᠎ᠠ ᠬᠡᠮᠵᠢᠶ᠎ᠡ ᠪᠣᠶ᠃ ᠪᠡᠶ᠎ᠡ ᠶᠢᠨ ᠦᠨᠡᠮᠯᠡᠯ᠂ ᠲᠦᠷ ᠴᠠᠭ ᠤᠨ ᠪᠡᠶ᠎ᠡ ᠶᠢᠨ ᠦᠨᠡᠮᠯᠡᠯ᠂ ᠠᠯᠪᠠᠨ ᠲᠠᠮᠠᠭ᠎ᠠ ᠶᠢ ᠨᠥᠬᠦᠵᠦ ᠰᠣᠯᠢᠬᠤ ᠳᠤ ᠪᠥᠬᠦ ᠣᠷᠣᠨ ᠳᠤ ᠨᠡᠶᠢᠳᠡᠮ ᠭᠦᠢᠴᠡᠳᠭᠡᠬᠦ ᠶᠢ ᠬᠡᠷᠡᠭᠵᠢᠭᠦᠯᠪᠡ᠃ ᠲᠠᠪᠤ ᠳᠤ᠂ ᠮᠠᠲ᠋ᠧᠷᠢᠶᠠᠯ ᠢ ᠬᠠᠰᠤᠵᠤ ᠴᠠᠭ ᠤᠨ ᠬᠢᠵᠠᠭᠠᠷ ᠢ ᠪᠠᠭᠠᠰᠬᠠᠬᠤ ᠲᠠᠯ᠎ᠠ ᠪᠠᠷ 6 ᠵᠦᠢᠯ ᠤᠨ ᠠᠷᠭ᠎ᠠ ᠬᠡᠮᠵᠢᠶ᠎ᠡ ᠳᠤᠷᠠᠳᠪᠠ᠃ ᠡᠭᠦᠨ ᠳᠤ ᠡᠵᠡᠩᠨᠡᠯᠲᠡ ᠶᠢᠨ ᠴᠢᠨᠠᠷᠲᠠᠢ ᠳᠡᠯᠪᠡᠴᠢᠬᠦ ᠠᠵᠢᠯ ᠬᠢᠬᠦ ᠨᠢᠭᠡᠴᠢ ᠶᠢᠨ ᠵᠠᠰᠠᠭ ᠵᠠᠬᠢᠷᠭᠠᠨ ᠤ ᠵᠥᠪᠰᠢᠶᠡᠷᠡᠯ᠂ ᠠᠮᠤᠷ ᠢ ᠬᠠᠮᠠᠭᠠᠯᠠᠬᠤ ᠺᠣᠮᠫᠠᠨᠢ ᠪᠠᠶᠢᠭᠤᠯᠬᠤ ᠵᠥᠪᠰᠢᠶᠡᠷᠡᠯ᠂ ᠺᠣᠮᠫᠢᠦ᠋ᠲ᠋ᠧᠷ ᠤᠨ ᠠᠶᠤᠯ ᠦᠭᠡᠢ ᠶᠢᠨ ᠪᠠᠶᠢᠭᠤᠯᠤᠮᠵᠢ ᠶᠢ ᠳᠠᠩᠰᠠᠯᠠᠭᠤᠯᠬᠤ ᠵᠡᠷᠭᠡ ᠶᠢ ᠪᠠᠭᠲᠠᠭᠠᠨ᠎ᠠ᠃ 
ᠢᠷᠡᠯᠲᠡ᠄ ᠥᠪᠡᠷᠳᠡᠭᠡᠨ ᠵᠠᠰᠠᠬᠤ ᠣᠷᠤᠨ ᠤ ᠳᠣᠲᠣᠭᠠᠳᠤ ᠶᠢ ᠬᠠᠮᠠᠭᠠᠯᠠᠬᠤ ᠲᠢᠩᠬᠢᠮ