ᠳ᠋ᠧᠩᠺᠸᠦ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠰᠦᠷᠳᠡᠭᠦᠯᠦᠯ ᠢ ᠡᠰᠡᠷᠭᠦᠴᠡᠬᠦ ᠠᠵᠢᠯᠯᠠᠭ᠎ᠠ ᠶᠢᠨ ᠰᠣᠷᠢᠯᠲᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/10/17
      ᠴᠠᠭᠳᠠᠭ᠎ᠠ ᠶᠢᠨ ᠡᠩᠨᠡᠭᠡᠨ ᠤ ᠶᠡᠷᠦᠩᠬᠡᠶᠢᠯᠡᠭᠰᠡᠨ ᠳᠠᠶᠢᠴᠢᠨ ᠬᠦᠴᠦᠨ ᠪᠠ ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠳ᠋ᠧᠩᠺᠸᠦ ᠶᠢᠨ ᠳᠣᠲᠣᠭᠠᠳᠤ ᠶᠢ ᠬᠠᠮᠠᠭᠠᠯᠠᠬᠤ ᠡᠯ᠎ᠡ ᠲᠥᠷᠥᠯ ᠤᠨ ᠴᠠᠭᠳᠠᠭ᠎ᠠ ᠶᠢᠨ ᠭᠡᠨᠡᠳᠲᠡ ᠶᠢᠨ ᠬᠡᠷᠡᠭ ᠤᠨ ᠲᠤᠬᠠᠶ ᠲᠦᠷᠭᠡᠨ ᠲᠤᠰᠬᠠᠯ ᠭᠠᠷᠭᠠᠬᠤ᠂ ᠰᠢᠪᠲᠤᠯᠤᠨ ᠳᠠᠭᠠᠷᠢᠬᠤ᠂ ᠬᠠᠮᠲᠤᠷᠠᠨ ᠬᠥᠳᠡᠯᠦᠯᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠲᠠᠯ᠎ᠠ ᠶᠢᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠭᠤᠴᠠᠭᠠᠨ ᠳᠠᠬᠢ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠤᠢᠢᠷ᠎ᠠ ᠶᠢᠨ ᠡᠳᠦᠷ ᠤᠳ ᠲᠤ᠂ ᠳ᠋ᠧᠩᠺᠸᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠬᠢ ᠶᠢᠨ ᠬᠢᠨ ᠰᠢᠶᠠᠨ ᠤ ᠲᠤᠪᠴᠢᠶ᠎ᠠ ᠶᠢᠨ ᠡᠯ᠎ᠡ ᠰᠠᠯᠠᠭ᠎ᠠ ᠮᠥᠴᠢᠷ᠂ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠦᠨᠡᠨᠴᠢ ᠰᠢᠳᠤᠷᠭᠤ ᠪᠠᠷ ᠠᠮᠤᠷ ᠲᠤᠭᠳᠠᠭᠤᠨ ᠢ ᠬᠠᠮᠠᠭᠠᠯᠠᠬᠤ︾ ᠵᠢᠴᠢ ︽ᠬᠤᠶᠠᠷ ᠢ ᠠᠷᠢᠯᠭᠠᠨ ᠴᠡᠭᠴᠡᠯᠡᠬᠦ ᠬᠤᠶᠠᠷ ᠲᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠲᠠᠢ ᠤᠶᠠᠯᠳᠤᠭᠤᠯᠵᠤ᠂ ᠬᠠᠷᠢᠶ᠎ᠠ ᠣᠷᠣᠨ ᠳᠤ ᠭᠦᠨᠵᠡᠭᠡᠶᠢᠷᠡᠨ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠪᠡ᠃
1.jpg  
      ᠰᠣᠷᠢᠯᠲᠠ ᠶᠢ ᠪᠣᠳᠠᠲᠤ ᠪᠠᠶᠢᠯᠳᠤᠭᠠᠨ ᠳᠤ ᠬᠠᠪᠢᠳᠠᠭᠤᠯᠬᠤ ᠠᠷᠭ᠎ᠠ ᠪᠠᠷ ᠶᠠᠪᠤᠭᠳᠠᠭᠤᠯᠪᠠ᠃ ᠪᠦᠬᠦ᠋ᠢᠯᠡ ᠰᠣᠷᠢᠯᠲᠠ ᠶᠢᠨ ᠶᠠᠪᠤᠴᠠ ᠳᠤ᠂ ᠡᠯ᠎ᠡ ᠪᠠᠶᠢᠯᠳᠤᠭᠠᠨ ᠳᠤ ᠣᠷᠣᠯᠴᠠᠭᠰᠠᠨ ᠠᠩᠬᠢ ᠶᠢᠨ ᠴᠠᠭᠳᠠᠭ᠎ᠠ ᠶᠢᠨ ᠳᠦᠷᠢ ᠲᠥᠷᠬᠦ ᠨᠢ ᠴᠢᠩᠭ᠎ᠠ ᠨᠢᠮᠪᠠᠶ᠂ ᠲᠣᠨᠣᠭᠯᠠᠯ ᠨᠢ ᠪᠦᠷᠢᠨ ᠭᠦᠢᠴᠡᠳ᠂ ᠲᠤᠰᠬᠠᠯ ᠨᠢ ᠲᠦᠷᠭᠡᠨ᠂ ᠬᠠᠮᠵᠢᠯᠴᠠᠭ᠎ᠠ ᠨᠢ ᠨᠢᠭᠲᠠ᠂ ᠰᠢᠢᠳᠪᠦᠷᠢᠯᠡᠯᠲᠡ ᠨᠢ ᠬᠦᠴᠦᠲᠡᠢ ᠪᠠᠶᠢᠵᠤ᠂ ᠰᠣᠷᠢᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠵᠢᠱᠢᠭᠰᠡᠨ ᠦᠷ᠎ᠡ ᠪᠦᠲᠦᠮᠵᠢ ᠳᠤ ᠬᠦᠷᠴᠦ᠂ ᠳ᠋ᠧᠩᠺᠸᠦ ᠶᠢᠨ ᠳᠣᠲᠣᠭᠠᠳᠤ ᠶᠢ ᠬᠠᠮᠠᠭᠠᠯᠠᠬᠤ ᠬᠠᠮᠲᠤᠷᠠᠭᠰᠠᠨ ᠦᠢᠯᠡᠴᠢᠯᠡᠭᠡᠨ ᠤ ᠬᠠᠮᠲᠤᠷᠠᠭᠰᠠᠨ ᠠᠵᠢᠯᠯᠠᠭᠠᠨ ᠤ ᠲᠣᠭᠲᠠᠴᠠ ᠶᠢᠨ ᠥᠨᠳᠥᠷ ᠪᠦᠲᠦᠮᠵᠢᠲᠦ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠢᠯᠡᠷᠡᠭᠦᠯᠪᠡ᠃
 2.jpg 
      ᠰᠣᠷᠢᠯᠲᠠ ᠪᠠᠷ ᠳᠠᠮᠵᠢᠭᠠᠳ᠂ ᠣᠨᠴᠠ ᠲᠦᠷᠦᠯ ᠤᠨ ᠲᠣᠭᠤᠷᠢᠨ ᠴᠠᠭᠳᠠᠬᠤ ᠴᠠᠭᠳᠠᠭ᠎ᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠦᠬᠦᠯᠢ ᠴᠣᠭᠴᠠ ᠶᠢᠨ ᠬᠡᠪ ᠴᠢᠨᠠᠷ ᠪᠣᠯᠤᠨ ᠪᠣᠳᠠᠲᠤ ᠪᠠᠶᠢᠯᠳᠤᠭᠠᠨ ᠤ ᠴᠢᠳᠠᠪᠤᠷᠢ ᠪᠣᠯᠤᠨ ᠣᠯᠠᠨ ᠰᠠᠯᠠᠭ᠎ᠠ ᠮᠥᠴᠢᠷ ᠤᠨ ᠬᠠᠮᠲᠤᠷᠠᠨ ᠪᠠᠶᠢᠯᠳᠤᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠩᠨᠡᠭᠡᠨ ᠤ ᠴᠠᠭᠳᠠᠭᠠᠨ ᠤ ᠶᠠᠪᠤᠳᠠᠯ ᠤᠨ ᠪᠣᠳᠠᠲᠤ ᠪᠠᠶᠢᠯᠳᠤᠭᠠᠨ ᠤ ᠤᠷ᠎ᠠ ᠴᠢᠳᠠᠪᠤᠷᠢ ᠪᠠ ᠭᠡᠨᠡᠳᠲᠡ ᠶᠢᠨ ᠴᠢᠨᠠᠷᠲᠠᠶ ᠬᠡᠷᠡᠭ ᠢ ᠰᠢᠢᠳᠪᠦᠷᠢᠯᠡᠬᠦ ᠬᠢᠷᠢ ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠡᠩᠨᠡᠭᠡᠨ ᠤ ᠠᠮᠢᠳᠤᠯᠢᠭ ᠬᠦᠴᠦᠨ ᠢ ᠪᠦᠲᠦᠮᠵᠢᠲᠡᠶ ᠪᠠᠷ ᠪᠠᠳᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠪᠦᠬᠦ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠳᠤᠰᠤᠭᠠᠢ᠃ 
ᠢᠷᠡᠯᠲᠡ᠄ ᠪᠠᠶᠠᠨᠨᠠᠭᠤᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ