ᠮᠠ ᠴᠦᠨ ᠢᠦᠶ 2022 ᠣᠨ ᠤ ︽ᠬᠠᠮᠤᠭ ᠠᠴᠠ ᠪᠠᠭ᠋ᠠᠷᠬᠠᠯᠲᠠᠢ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ︾ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2022/11/20
       ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ᠂ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠦᠨᠡᠨᠴᠢ ᠰᠢᠳᠤᠷᠭᠤ ᠪᠠᠷ ᠠᠮᠤᠷ ᠲᠣᠭᠳᠠᠭᠤᠨ ᠢ ᠬᠠᠮᠠᠭᠠᠯᠠᠬᠤ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠵᠤᠷᠢᠭᠵᠢᠭᠤᠯᠬᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ᠂ ᠲᠥᠪ ᠤᠨ ᠤᠬᠠᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠨᠡᠶᠢᠭᠡᠮ ᠳᠠᠶᠠᠭᠠᠷ ᠲᠤ 2022 ︽ᠬᠠᠮᠤᠭ ᠠᠴᠠ ᠪᠠᠭ᠋ᠠᠷᠬᠠᠯᠲᠠᠢ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ︾ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠤᠬᠠᠭᠤᠯᠤᠨ ᠨᠡᠶᠢᠲᠡᠯᠡᠵᠦ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠨᠡᠶᠢᠲᠡ 38 ᠬᠥᠮᠦᠨ ᠢᠷᠠᠭᠤ ᠠᠯᠳᠠᠷᠲᠠᠶ ᠪᠠᠷ ᠰᠣᠩᠭᠤᠭᠳᠠᠪᠠ᠃ ᠡᠭᠦᠨ ᠳᠤ᠂ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠭᠠᠷᠤᠲᠠᠶ ᠲᠣᠮᠢᠯᠠᠭᠰᠠᠨ ᠰᠠᠯᠪᠤᠷᠢ ᠶᠢᠨ ᠳᠠᠷᠤᠭ᠎ᠠ ᠮᠠ ᠴᠦᠨ ᠢᠦᠶ 2022 ᠣᠨ ᠤ ᠪᠥᠬᠦ ᠤᠯᠤᠰ ᠤᠨ ︽ᠬᠠᠮᠤᠭ ᠠᠴᠠ ᠪᠠᠭ᠋ᠠᠷᠬᠠᠯᠲᠠᠢ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ︾ ᠶᠢᠨ ᠢᠷᠠᠭᠤ ᠠᠯᠳᠠᠷ ᠢ ᠭᠥᠷᠳᠡᠪᠡ᠃
 马春雨荣膺2022“最美基层民警” (1).jpg  
      ᠮᠠ ᠴᠦᠨ ᠢᠦᠶ᠄ ᠮᠠᠯᠴᠢᠳ ᠤᠨ ᠰᠡᠳᠬᠢᠯ ᠳᠠᠬᠢ ︽ᠰᠢᠳᠤᠷᠭᠤ ᠰᠠᠬᠢᠶ᠎ᠠ︾᠃ ᠮᠠ ᠴᠦᠨ ᠢᠦᠶ᠂ 1969 ᠣᠨ ᠳᠤ ᠳᠦᠷᠦᠵᠡᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠵᠢᠦᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠭᠠᠷᠤᠲᠠᠶ ᠲᠣᠮᠢᠯᠠᠭᠰᠠᠨ ᠰᠠᠯᠪᠤᠷᠢ ᠶᠢᠨ ᠳᠠᠷᠤᠭ᠎ᠠ᠃ 22 ᠵᠢᠯ ᠤᠨ ᠲᠤᠷᠰᠢ᠂ ᠲᠡᠷᠡ ᠢᠮᠠᠭᠲᠠ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠠᠵᠢᠯᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠠᠷᠠᠳ ᠤᠨ ᠴᠠᠭᠳᠠᠭ᠎ᠠ᠂ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ ᠬᠠᠮᠤᠭ ᠠᠴᠠ ᠪᠠᠭ᠋ᠠᠷᠠᠯᠲᠠᠢ ᠴᠠᠭᠳᠠᠭ᠎ᠠ︾ ᠵᠡᠷᠭᠡ ᠪᠠᠷ ᠦᠨᠡᠯᠡᠭᠳᠡᠵᠦ᠂ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠶᠢ 7 ᠤᠳᠠᠭ᠎ᠠ ᠪᠠᠶᠢᠭᠤᠯᠪᠠ᠃ ᠣᠶᠢᠷ᠎ᠠ ᠳᠤ᠂ ᠪᠥᠬᠦ ᠤᠯᠤᠰ ᠤᠨ 2022 ᠣᠨ ᠤ ︽ᠬᠠᠮᠤᠭ ᠠᠴᠠ ᠪᠠᠭ᠋ᠠᠷᠬᠠᠯᠲᠠᠢ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ︾ ᠶᠢ ᠢᠷᠠᠭᠤ ᠠᠯᠳᠠᠷᠲᠠᠶ ᠪᠠᠷ ᠭᠥᠯᠢᠶᠡᠨ ᠠᠪᠴᠠᠶ᠃
马春雨: 牧民心中的守山“巴特” (3).jpg   
     ᠠᠭᠠᠷᠤᠳᠠᠢ ᠰᠤᠮᠤ ᠪᠤᠭᠤᠲᠤ ᠬᠤᠳᠠ ᠶᠢᠨ ᠪᠠᠷᠠᠭᠤᠨ ᠬᠡᠰᠡᠭ ᠤᠨ ᠮᠤᠨᠠ ᠠᠭᠤᠯᠠ ᠶᠢᠨ ᠡᠮᠦᠨ᠎ᠡ ᠬᠤᠷᠮᠣᠢ ᠳᠤ ᠪᠠᠶᠢᠷᠢᠯᠠᠵᠤ᠂ 327 ᠲᠡᠭᠰᠢ ᠳᠥᠷᠪᠡᠯᠵᠢᠨ ᠺᠢᠯᠦᠮᠧᠲᠷ ᠤᠨ ᠬᠠᠷᠢᠶ᠎ᠠ ᠣᠷᠣᠨ ᠤ 200 ᠰᠢᠬᠠᠮ ᠲᠡᠭᠰᠢ ᠳᠥᠷᠪᠡᠯᠵᠢᠨ ᠺᠢᠯᠦᠮᠧᠲᠷ ᠨᠢ ᠠᠭᠤᠯᠠᠷᠬᠠᠭ ᠣᠷᠣᠨ ᠪᠠᠶᠢᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠪᠠᠶᠢᠳᠠᠭ᠃ 2012 ᠣᠨ ᠳᠤ ᠬᠠᠶᠢᠨ ᠳᠣᠲᠣᠯᠠᠭᠰᠠᠨ ᠨᠢᠭᠡᠨ ᠣᠨᠴᠠ ᠲᠣᠮᠣ ᠬᠡᠯᠪᠡᠷᠢ ᠶᠢᠨ ᠲᠠᠩ ᠰᠤᠳᠠᠰᠤᠲᠤ ᠠᠯᠲᠠᠨ ᠤ ᠠᠭᠤᠷᠬᠠᠶ ᠶᠢᠨ ᠠᠵᠤ ᠠᠬᠤᠶ ᠶᠢᠨ ᠥᠷᠲᠡᠭ ᠢ ᠵᠠᠭᠤᠨ ᠳ᠋ᠦᠩᠰᠢᠭᠤᠷ ᠲᠥᠭᠦᠷᠢᠭ ᠭᠠᠷᠤᠶ ᠪᠠᠷ ᠵᠢᠱᠢᠵᠦ ᠪᠠᠶᠢᠨ᠎ᠠ᠃ ᠯᠤᠲᠤ ᠶᠡᠭᠡ ᠠᠰᠢᠭ ᠲᠤᠰᠠ ᠶᠢᠨ ᠥᠳᠥᠭᠡᠯᠭᠡ ᠶᠢᠨ ᠡᠮᠦᠨ᠎ᠡ᠂ ᠬᠠᠤᠯᠢ ᠪᠤᠰᠤ ᠪᠠᠷ ᠳᠡᠯᠪᠡᠷᠡᠬᠦ ᠪᠣᠳᠠᠰ ᠪᠠ ᠠᠶᠤᠯᠲᠠᠢ ᠬᠢᠮᠢ ᠶᠢᠨ ᠵᠦᠢᠯ ᠢ ᠬᠡᠷᠡᠭᠯᠡᠨ ᠠᠭᠤᠷᠬᠠᠢ ᠮᠠᠯᠲᠠᠬᠤ ᠦᠵᠡᠭᠳᠡᠯ ᠣᠯᠠᠨᠲᠠ ᠭᠠᠷᠳᠠᠭ᠃     2017 ᠣᠨ ᠳᠤ᠂ ᠮᠠ ᠴᠦᠨ ᠢᠦᠢ ᠠᠭᠠᠷᠤᠲᠠᠢ ᠲᠣᠮᠢᠯᠠᠭᠰᠠᠨ ᠰᠠᠯᠪᠤᠷᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ᠂ ᠡᠷᠡᠯᠬᠡᠭ ᠪᠦᠷᠭᠦᠳ ᠰᠢᠭ ᠠᠭᠤᠯᠠ ᠶᠢ ᠰᠠᠬᠢᠨ ᠬᠠᠮᠠᠭᠠᠯᠠᠵᠤ᠂ ᠬᠤᠯᠠᠭᠠᠶᠢᠯᠠᠨ ᠮᠠᠯᠲᠠᠭᠴᠢᠳ ᠲᠤ ᠬᠦᠨᠳᠦ ᠴᠣᠬᠢᠯᠲᠠ ᠥᠭᠪᠡ᠃ 2018 ᠣᠨ ᠤ ᠡᠬᠢ ᠪᠠᠷ᠂ ᠳᠡᠯᠪᠡᠷᠡᠬᠦ ᠡᠳ᠋ ᠪᠣᠳᠠᠰ ᠢ ᠬᠠᠤᠯᠢ ᠪᠤᠰᠤ ᠪᠠᠷ ᠬᠡᠷᠡᠭᠯᠡᠨ ᠠᠯᠲᠠᠨ ᠠᠭᠤᠷᠬᠠᠶ ᠬᠤᠯᠠᠭᠠᠶᠢᠯᠠᠨ ᠮᠠᠯᠲᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠦᠶ᠎ᠡ ᠳᠤ᠂ ᠬᠤᠯᠠᠭᠠᠶᠢᠯᠠᠨ ᠮᠠᠯᠲᠠᠭᠴᠢᠳ ᠡᠯᠳᠡᠪ ᠢᠶᠠᠷ ᠪᠤᠯᠢᠬᠠᠶᠢᠯᠠᠪᠠ᠃ ᠮᠠ ᠴᠦᠨ ᠢᠦᠶ ᠨᠠᠷᠢᠨ ᠪᠠᠶᠢᠴᠠᠭᠠᠭᠰᠠᠨ ᠳᠤ ᠭᠤᠷᠪᠠ ᠤᠳᠠᠭ᠎ᠠ ᠳᠡᠯᠪᠡᠷᠡᠭᠰᠡᠨ ᠥᠬᠡᠶ ᠲᠡᠰᠦᠷᠡᠭᠦᠯᠦᠭᠴᠢ ᠬᠤᠭᠤᠯᠠᠶ ᠨᠢ ᠫᠤᠤᠵᠢᠩ ᠤᠨ ᠬᠤᠭᠤᠯᠠᠢ ᠳᠤ ᠭᠦᠨ ᠰᠢᠭᠢᠳᠴᠦ ᠪᠠᠶᠢᠵᠠᠶ᠃ ᠭᠡᠷᠡᠴᠢ ᠪᠠᠷᠢᠮᠲᠠ ᠶᠢ ᠲᠣᠭᠲᠠᠭᠠᠬᠤ ᠶᠢᠨ ᠲᠥᠯᠥᠭᠡ᠂ ᠲᠡᠷᠡ ᠴᠠᠭ ᠢᠮᠠᠭᠲᠠ ᠳᠡᠯᠪᠡᠷᠡᠵᠦ ᠮᠡᠳᠡᠬᠦ ᠠᠶᠤᠯ ᠢ ᠰᠥᠷᠴᠦ᠂ ᠬᠤᠶᠠᠷ ᠴᠠᠭ ᠢᠯᠡᠭᠦᠦ ᠵᠠᠷᠤᠴᠠᠭᠤᠯᠵᠤ᠂ ᠬᠢᠴᠢᠶᠡᠮᠵᠢᠲᠡᠢ ᠪᠠᠷ ᠳᠡᠯᠪᠡᠷᠡᠯᠲᠡ ᠳᠠᠮᠵᠢᠭᠤᠯᠬᠤ ᠬᠤᠭᠤᠯᠠᠢ ᠶᠢ ᠪᠠᠭ᠎ᠠ ᠪᠠᠭ᠎ᠠ ᠪᠠᠷ ᠮᠠᠯᠲᠠᠨ ᠭᠠᠷᠭᠠᠪᠠ᠃
 马春雨: 牧民心中的守山“巴特” (4).jpg  
     ᠮᠠ ᠴᠦᠨ ᠢᠦᠢ ᠶᠢᠨ ᠮᠠᠰᠢᠨ ᠲᠡᠷᠭᠡᠨ ᠤ ᠠᠷᠤ ᠲᠠᠯ᠎ᠠ ᠶᠢᠨ ᠠᠪᠳᠠᠷ᠎ᠠ ᠳᠤ ᠨᠢ᠂ ᠬᠦᠷᠵᠡ᠂ ᠭᠤᠣᠲᠤᠣ᠂ ᠳᠡᠭᠡᠰᠦ ᠵᠡᠷᠭᠡ ᠴᠥᠮ ᠪᠦᠷᠢᠨ᠂ ᠤᠴᠢᠷ ᠨᠢ ᠬᠠᠷᠢᠶ᠎ᠠ ᠣᠷᠣᠨ ᠤ ᠵᠠᠷᠢᠮ ᠭᠠᠵᠠᠷ ᠲᠤ ︽ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠬᠤ︾ ᠴᠢᠬᠤᠯᠠᠲᠠᠢ ᠪᠠᠶᠢᠳᠠᠭ᠃ ᠲᠠᠪᠤᠨ ᠵᠢᠯ ᠤᠨ ᠲᠤᠷᠰᠢ᠂ ᠮᠠ ᠴᠦᠨ ᠢᠦᠶ ᠠᠩᠬᠢ ᠳᠠᠭᠠᠭᠤᠯᠤᠨ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠪᠠᠷᠠᠭᠤᠨ ᠬᠡᠰᠡᠭ ᠤᠨ ᠠᠭᠤᠯᠠ ᠳᠠᠭᠠᠤ ᠳᠡᠯᠪᠡᠷᠡᠬᠦ ᠡᠳ᠋ ᠪᠣᠳᠠᠰ ᠤᠨ ᠬᠠᠮᠢᠶᠠᠷᠤᠯᠲᠠ ᠪᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠳᠤ ᠲᠤᠰᠬᠠᠶ ᠴᠡᠭᠴᠡᠯᠡᠨ ᠵᠠᠰᠠᠯᠲᠠ ᠥᠷᠨᠢᠭᠦᠯᠪᠡ᠃ ᠠᠭᠤᠯᠠ ᠴᠠᠭᠳᠠᠨ ᠰᠠᠬᠢᠬᠤ ᠳᠤ ᠪᠠᠨ᠂ ᠲᠡᠷᠡ ᠬᠡᠳᠦᠨ ᠠᠷᠪᠠᠨ ᠬᠥᠳᠡᠯᠮᠦᠷᠢ ᠶᠢᠨ ᠬᠠᠮᠠᠭᠠᠯᠠᠯᠲᠠ ᠶᠢᠨ ᠪᠡᠭᠡᠯᠡᠢ᠂ ᠠᠷᠪᠠᠨ ᠬᠡᠳᠦᠨ ᠠᠭᠤᠯᠠ ᠠᠪᠠᠷᠢᠬᠤ ᠱᠠᠬᠠᠢ ᠬᠡᠷᠡᠭᠯᠡᠵᠦ᠂ 12 ᠳᠤᠭᠤᠶᠢᠯᠠᠪᠤᠷᠢ ᠪᠠ 1 ᠴᠠᠭᠳᠠᠭᠠᠨ ᠤ ᠬᠡᠭᠡᠷᠡᠯᠡᠭᠴᠢ ᠮᠠᠰᠢᠨ ᠰᠣᠯᠢᠪᠠ᠃ ᠤᠷᠢᠳ ᠬᠤᠵᠢᠳ ᠠᠭᠤᠷᠬᠠᠢ ᠬᠤᠯᠠᠭᠠᠶᠢᠯᠠᠨ ᠮᠠᠯᠲᠠᠬᠤ ᠭᠠᠵᠠᠷ ᠢ 197 ᠪᠢᠲᠡᠭᠦᠮᠵᠢᠯᠡᠵᠦ᠂ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠭᠰᠠᠨ 13 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠡᠬᠡ ᠤᠯᠤᠰ ᠤᠨ ᠢᠶᠠᠨ ᠬᠥᠬᠡᠮᠳᠦᠭ ᠨᠣᠭᠤᠭᠠᠨ ᠠᠭᠤᠯᠠ ᠤᠰᠤ ᠶᠢ ᠪᠠᠲᠤ ᠰᠠᠬᠢᠬᠤ ᠪᠠ ᠬᠠᠷᠠᠮ ᠦᠭᠡᠢ ᠵᠣᠷᠢᠭᠤᠯᠬᠤ ᠪᠠᠷ ᠰᠠᠶᠢᠲᠤᠷ ᠰᠠᠬᠢᠨ ᠬᠠᠮᠠᠭᠠᠯᠠᠵᠤ᠂ ᠦᠨᠡᠨᠴᠢ ᠰᠢᠳᠤᠷᠭᠤ ᠪᠠ ᠵᠢᠷᠦᠬᠡᠰᠢᠶᠡᠯ ᠦᠭᠡᠢ ᠪᠠᠷ ᠠᠷᠠᠳ ᠤᠨ ᠴᠠᠭᠳᠠᠭ᠎ᠠ ᠶᠢᠨ ᠬᠠᠷᠢᠭᠤᠴᠠᠯᠭ᠎ᠠ ᠪᠠ ᠡᠭᠦᠷᠭᠡᠯᠡᠯ ᠢ ᠪᠢᠴᠢᠭᠯᠡᠵᠦ᠂ ᠮᠠᠯᠴᠢᠳ ᠤᠨ ᠰᠡᠳᠬᠢᠯ ᠳᠠᠬᠢ ᠬᠠᠮᠤᠭ ᠠᠴᠠ ᠪᠠᠭ᠋ᠠᠷᠬᠠᠯᠲᠠᠢ ︽ᠰᠢᠳᠤᠷᠭᠤ ᠰᠠᠬᠢᠶ᠎ᠠ︾ ᠪᠣᠯᠪᠠ᠃   
ᠢᠷᠡᠯᠲᠡ᠄ ᠪᠤᠭᠤᠳᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ