ᠠᠶᠢᠮᠠᠭ ᠬᠤᠰᠢᠭᠤ ᠬᠤᠶᠠᠷ ᠱᠠᠲᠤᠨ ᠤ ᠳᠣᠲᠣᠭᠠᠳᠤ ᠶᠢ ᠬᠠᠮᠠᠭᠠᠯᠠᠬᠤ ᠤᠯᠠᠭᠠᠨᠮᠥ᠋ᠴᠢᠷ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠠᠮᠤᠷ ᠲᠦᠪᠰᠢᠨ ᠢ ᠦᠨᠡᠨᠴᠢ ᠰᠢᠳᠤᠷᠭᠤ ᠪᠠᠷ ᠬᠠᠮᠠᠭᠠᠯᠠᠬᠤ︾ ᠲᠣᠬᠤᠨᠢᠭᠤᠯᠬᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2022/11/20
      10 ᠳ᠋ᠤᠭᠠᠷ ᠰᠠᠷ᠎ᠠ ᠶᠢᠨ 12 ᠡᠳᠦᠷ᠂ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠬᠤᠸᠠᠷᠠᠨ ᠤ ᠤᠯᠠᠭᠠᠨᠮᠥ᠋ᠴᠢᠷ ᠤᠨ ᠦᠢᠯᠡᠴᠢᠯᠡᠭᠡᠨ ᠤ ᠠᠩᠭᠢ ᠵᠢᠴᠢ ᠠᠷᠠᠳ ᠤᠨ ᠴᠠᠭᠳᠠᠭ᠎ᠠ ᠶᠢᠨ ᠬᠥᠮᠦᠵᠢᠯ ᠪᠣᠯᠪᠠᠰᠤᠷᠠᠯ ᠤᠨ ᠲᠥᠪ ᠤᠨ ᠰᠤᠷᠭᠠᠭᠴᠢ ᠶᠢᠨ ᠪᠦᠯᠬᠦᠮ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨᠮᠥ᠋ᠴᠢᠷ ᠤᠨ ᠰᠠᠯᠪᠤᠷᠢ ᠠᠩᠭᠢ ᠲᠠᠢ ᠬᠠᠮᠲᠤᠷᠠᠨ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠢᠭᠡᠳᠦᠭᠡᠷ ᠹᠷᠣᠨᠲ ᠲᠠᠬᠢ ᠰᠠᠯᠪᠤᠷᠢ ᠠᠩᠭᠢ ᠳᠤ ᠲᠣᠬᠤᠨᠢᠭᠤᠯᠬᠤ ᠲᠣᠭᠯᠠᠯᠲᠠ ᠭᠠᠷᠭᠠᠵᠤ᠂ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠭ᠎ᠠ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠳᠤ ᠰᠤᠷᠭᠠᠨ ᠬᠥᠮᠦᠵᠢᠯ ᠪᠠ ᠤᠷ᠎ᠠ ᠴᠢᠳᠠᠪᠤᠷᠢ ᠬᠦᠷᠲᠡᠭᠡᠪᠡ᠃
IMG_1713.JPG   
     ᠲᠣᠬᠤᠨᠢᠭᠤᠯᠬᠤ ᠲᠣᠭᠯᠠᠯᠲᠠ ᠨᠢ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠬᠤᠸᠠᠷᠠᠨ ᠤ ᠤᠯᠠᠭᠠᠨᠮᠥ᠋ᠴᠢᠷ ᠤᠨ ᠦᠢᠯᠡᠴᠢᠯᠡᠭᠡᠨ ᠤ ᠠᠩᠭᠢ ᠶᠢᠨ ᠬᠠᠮᠲᠤ ᠶᠢᠨ ᠪᠥᠵᠢᠭ ︽ᠴᠠᠭᠳᠠᠭᠠᠨ ᠤ ᠬᠤᠸᠠᠷᠠᠨ ᠤ ᠮᠣᠩᠭᠤᠯ ᠮᠣᠷᠢ︾ ᠭᠡᠬᠦ ᠲᠣᠭᠯᠠᠯᠲᠠ ᠪᠠᠷ ᠬᠥᠰᠢᠭᠡ ᠪᠠᠨ ᠰᠡᠬᠦᠵᠦ᠂ ᠭᠤᠴᠣᠯᠠᠯ ᠳᠠᠭᠤᠤ᠂ ᠮᠣᠷᠢᠨ ᠬᠤᠭᠤᠷ ᠂ ᠬᠠᠮᠲᠤ ᠶᠢᠨ ᠪᠥᠵᠢᠭ ᠵᠡᠷᠭᠡ ᠲᠣᠭᠯᠠᠯᠲᠠ ᠭᠠᠷᠭᠠᠵᠤ᠂ ᠥᠷᠭᠡᠨ ᠣᠯᠠᠨ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭ᠎ᠠ ᠳᠤ ᠨᠢᠭᠡ ᠤᠳᠠᠭᠠᠨ ᠤ ᠭᠤᠶᠢᠳᠠ ᠰᠠᠶᠢᠬᠠᠨ ᠰᠣᠶᠣᠯ ᠤᠨ ᠳᠠᠶᠢᠯᠠᠯᠭ᠎ᠠ ᠶᠢ ᠬᠦᠷᠭᠡᠪᠡ᠃
IMG_1782.JPG   
     ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠠᠮᠤᠷ ᠲᠦᠪᠰᠢᠨ ᠢ ᠦᠨᠡᠨᠴᠢ ᠰᠢᠳᠤᠷᠭᠤ ᠪᠠᠷ ᠬᠠᠮᠠᠭᠠᠯᠠᠬᠤ︾ ᠰᠢᠷᠢᠰ ᠠᠵᠢᠯᠯᠠᠭ᠎ᠠ ᠶᠢᠨ ᠬᠠᠮᠤᠭ ᠤᠨ ᠭᠤᠶᠤ ︽ᠴᠠᠭᠳᠠᠭ᠎ᠠ ᠶᠢᠨ ᠬᠤᠸᠠᠷᠠᠨ ᠤ ᠤᠳᠤᠨ︾ ᠲᠣᠭᠤᠷᠢᠨ ᠲᠠᠶᠢᠯᠪᠤᠷᠢᠯᠠᠬᠤ ᠪᠦᠯᠬᠦᠮ  ᠤᠨ ᠶᠠᠷᠢᠶ᠎ᠠ ᠢᠯᠡᠳᠬᠡᠯ ᠨᠢ ᠪᠦᠬᠦ ᠠᠶᠢᠮᠠᠭ ᠤᠨ ᠥᠷᠭᠡᠨ ᠣᠯᠠᠨ ᠠᠷᠠᠳ ᠤᠨ ᠴᠠᠭᠳᠠᠭ᠎ᠠ᠂ ᠬᠠᠪᠰᠤᠷᠤᠭᠴᠢ ᠴᠠᠭᠳᠠᠭᠠᠨ ᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠡᠷᠡᠮᠡᠬᠡᠶᠢᠯᠡᠨ ᠲᠡᠮᠡᠴᠡᠵᠦ ᠪᠠᠶᠢᠭ᠎ᠠ ᠳᠦᠷᠰᠦ ᠪᠠᠶᠢᠳᠠᠯ ᠢ ᠭᠦᠨᠵᠡᠭᠡᠢ ᠢᠯᠡᠷᠡᠭᠦᠯᠪᠡ᠃
IMG_1848.JPG   
     ᠲᠣᠰ ᠤᠳᠠᠭᠠᠨ ᠤ ᠲᠣᠭᠯᠠᠯᠲᠠ ᠨᠢ ᠠᠭᠤᠯᠭ᠎ᠠ ᠪᠠᠷ ᠪᠠᠶᠠᠯᠢᠭ ᠪᠠᠶᠢᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠰᠡᠳᠬᠢᠯ ᠬᠥᠳᠡᠯᠭᠡᠮ᠎ᠡ ᠴᠤᠭ ᠵᠢᠪᠬᠤᠭ᠎ᠠ ᠶᠢ ᠠᠮᠢᠳᠤᠯᠢᠭ ᠢᠶᠠᠷ ᠢᠯᠡᠷᠡᠭᠦᠯᠵᠦ᠂ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠡᠮᠡᠴᠡᠯ ᠤᠨ ᠵᠣᠷᠢᠭ ᠢ ᠤᠷᠮᠠᠰᠢᠭᠤᠯᠪᠠ᠃ ᠲᠣᠭᠯᠠᠯᠲᠠ ᠶᠢ ᠦᠵᠡᠭᠰᠡᠨ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠡᠷᠡᠮᠡᠬᠡᠶᠢᠯᠡᠨ ᠤᠷᠤᠭᠰᠢᠯᠠᠵᠤ᠂ ᠨᠠᠮ ᠪᠣᠯᠤᠨ ᠠᠷᠠᠳ ᠲᠦᠮᠡᠨ ᠠᠴᠠ ᠳᠣᠲᠣᠭᠠᠳᠤ ᠶᠢ ᠬᠠᠮᠠᠭᠠᠯᠠᠬᠤ ᠠᠵᠢᠯ ᠳᠤ ᠣᠯᠭᠤᠭᠰᠠᠨ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠨᠡᠶᠢᠭᠡᠮ ᠤᠨ ᠪᠦᠬᠦ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠳᠤ ᠰᠢᠨ᠎ᠡ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃    
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ