ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠦᠨᠳᠦᠰᠦᠨ ᠱᠠᠲᠤᠨ ᠳᠤ ᠪᠠᠭᠤᠵᠤ ᠲᠣᠬᠤᠨᠢᠭᠤᠯᠬᠤ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/11/20
     ᠳᠣᠲᠣᠭᠠᠳᠤ ᠶᠢ ᠬᠠᠮᠠᠭᠠᠯᠠᠬᠤ ︽ᠤᠯᠠᠭᠠᠨᠮᠥ᠋ᠴᠢᠷ︾ ᠤᠨ ᠦᠢᠯᠡᠳᠦᠯ ᠢ ᠭᠦᠢᠴᠡᠳ ᠪᠠᠳᠠᠷᠠᠭᠤᠯᠬᠤ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠠᠭᠠᠨᠮᠥ᠋ᠴᠢᠷ ᠤᠨ ᠰᠠᠯᠪᠤᠷᠢ ᠪᠠᠭ᠎ᠠ ᠠᠩᠭᠢ ᠶᠢᠨ ᠬᠢᠨ ︽ᠬᠤᠷᠢᠳᠤᠭᠠᠷ ᠶᠡᠭᠡ ᠬᠤᠷᠠᠯ ᠤᠨ ᠤᠷᠤᠭᠰᠢᠳᠠᠢ ᠬᠤᠷᠠᠯᠳᠤᠬᠤ ᠶᠢ ᠪᠠᠳᠤᠯᠠᠵᠤ ᠠᠮᠤᠷ ᠠᠮᠤᠭᠤᠯᠠᠩ ᠢ ᠬᠠᠮᠠᠭᠠᠯᠠᠶ᠎ᠠ︾ ᠭᠡᠳᠡᠭ ᠢᠶᠠᠷ ᠭᠤᠣᠯ ᠰᠡᠳᠦᠪ ᠪᠣᠯᠭᠠᠵᠤ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠳᠤ ᠭᠦᠨᠵᠡᠭᠡᠶᠢᠷᠡᠨ ᠲᠣᠬᠤᠨᠢᠭᠤᠯᠬᠤ ᠲᠣᠭᠯᠠᠯᠲᠠ ᠥᠷᠨᠢᠭᠦᠯᠪᠡ᠃
01.jpg
     ᠲᠣᠭᠯᠠᠯᠲᠠ ᠨᠢ ︽ᠬᠥᠬᠡᠨᠠᠭᠤᠷ ᠲᠥᠪᠡᠳ ᠤᠨ ᠥᠨᠳᠦᠷᠯᠢᠭ︾ ᠭᠡᠬᠦ ᠳᠠᠭᠤᠤ ᠪᠠᠷ ᠬᠥᠰᠢᠭᠡ ᠪᠠᠨ ᠰᠡᠬᠦᠵᠦ᠂ ᠲᠤᠰ ᠤᠳᠠᠭᠠᠨ ᠤ ᠲᠣᠭᠯᠠᠯᠲᠠ ᠨᠢ ᠳᠠᠭᠤᠤ᠂ ᠤᠷᠠᠨ ᠤᠩᠰᠢᠯᠭ᠎ᠠ᠂ ᠬᠥᠭᠵᠢᠮ ᠬᠦᠭᠵᠢᠮᠳᠠᠬᠦ ᠵᠡᠷᠭᠡ ᠤᠯᠠᠨ ᠵᠦᠢᠯ ᠤᠨ ᠬᠡᠯᠪᠡᠷᠢ ᠶᠢ ᠤᠶᠠᠯᠳᠤᠭᠤᠯᠤᠨ᠂ ᠲᠣᠭᠯᠠᠯᠲᠠ ᠳᠤ ᠣᠷᠣᠯᠴᠠᠭᠰᠠᠳ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠲᠤᠬᠠᠢ ᠶᠢᠨ ᠲᠠᠯᠠᠪᠠᠢ ᠶᠢᠨ ᠴᠠᠭᠳᠠᠭ᠎ᠠ ᠨᠠᠷ ᠤᠨ ᠤᠷᠮ᠎ᠠ ᠶᠢ ᠬᠥᠭᠵᠢᠭᠡᠨ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠡ ᠦᠭᠡᠢ ᠴᠤᠤᠷᠢᠶᠠᠲᠤᠪᠠ᠃
02.jpg
     ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠠᠭᠠᠨᠮᠥ᠋ᠴᠢᠷ ᠤᠨ ᠪᠠᠭ᠎ᠠ ᠰᠠᠯᠪᠤᠷᠢ ᠠᠩᠭᠢ ᠶᠢᠨ ᠬᠢᠨ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠨᠠᠷ ᠢ ᠰᠡᠳᠬᠢᠯ ᠢ ᠲᠤᠯᠠᠭᠠᠴᠠᠭᠤᠯᠵᠤ᠂ ᠴᠠᠭᠳᠠᠭᠠᠨ ᠤ ᠬᠤᠸᠠᠷᠠᠨ ᠤ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠴᠠᠭᠳᠠᠭ᠎ᠠ ᠨᠠᠷ ᠤᠨ ᠠᠵᠢᠯ ᠳᠤ ᠪᠠᠨ ᠰᠢᠮᠳᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ