ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠬᠤᠷᠴᠠ ᠮᠠᠰᠠᠲᠤ ᠭᠠᠪᠰᠢᠭᠠᠢ ᠠᠩᠭᠢ︾ ᠶᠢᠨ ᠲᠤᠭ ᠣᠯᠭᠤᠬᠤ ᠵᠢᠴᠢ ︽ᠶᠡᠭᠡ ᠴᠠᠭᠳᠠᠨ ᠰᠡᠷᠭᠡᠶᠢᠯᠡᠯᠲᠡ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/11/9
      10 ᠳ᠋ᠤᠭᠠᠷ ᠰᠠᠷ᠎ᠠ ᠶᠢᠨ 12  ᠤᠨ ᠦᠳᠡ ᠶᠢᠨ ᠬᠤᠶᠢᠨ᠎ᠠ᠂ ᠦᠬᠠᠢ ᠬᠤᠳᠠ ᠶᠢᠨ ᠬᠠᠶᠢᠷᠤᠪ ᠤᠨ ᠲᠣᠬᠤᠢ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠬᠤᠷᠴᠠ ᠮᠠᠰᠠᠲᠤ ᠭᠠᠪᠰᠢᠭᠠᠢ ᠠᠩᠭᠢ︾ ᠶᠢᠨ ᠲᠤᠭ ᠣᠯᠭᠤᠬᠤ ᠪᠠ ᠪᠦᠬᠦ ᠴᠠᠭᠳᠠᠭ᠎ᠠ ᠶᠢᠨ ︽ᠶᠡᠭᠡ ᠴᠠᠭᠳᠠᠨ ᠰᠡᠷᠭᠡᠶᠢᠯᠡᠯᠲᠡ︾ ᠶᠢᠨ ᠡᠬᠢᠯᠡᠯᠲᠡ ᠶᠢᠨ ᠶᠣᠰᠣᠯᠠᠯ ᠢ ᠦᠪᠡᠳᠡᠭᠰᠢ ᠶᠡᠬᠡᠪᠡᠷ ᠶᠠᠪᠤᠭᠳᠠᠭᠤᠯᠪᠠ᠃ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠶᠠᠩ ᠶᠣᠰᠣᠯᠠᠯ ᠳᠤ ᠣᠷᠣᠯᠴᠠᠭᠰᠠᠨ ᠪᠥᠭᠡᠳ ︽ᠬᠤᠷᠴᠠ ᠮᠠᠰᠠᠲᠤ ᠭᠠᠪᠰᠢᠭᠠᠢ ᠠᠩᠭᠢ︾ ᠳᠤ ᠲᠤᠭ ᠣᠯᠭᠤᠪᠠ᠃ ᠬᠠᠶᠢᠷᠤᠪ ᠤᠨ ᠲᠣᠬᠤᠢ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠭᠡᠷ ᠲᠤ ᠪᠠᠨ ᠪᠠᠶᠢᠭ᠎ᠠ ᠨᠠᠮ ᠤᠨ ᠬᠤᠷᠢᠶ᠎ᠠ ᠶᠢᠨ ᠭᠡᠰᠢᠭᠦᠨ ︽ᠬᠤᠷᠴᠠ ᠮᠠᠰᠠᠲᠤ ᠭᠠᠪᠰᠢᠭᠠᠢ ᠠᠩᠭᠢ︾ ᠶᠢᠨ ᠪᠦᠬᠦ ᠭᠡᠰᠢᠭᠦᠳ ᠵᠢᠴᠢ ᠬᠡᠰᠡᠭ ᠭᠠᠵᠠᠷ ᠤᠨ ᠬᠠᠷᠢᠭᠤᠴᠠᠯᠭᠠᠲᠠᠨ ᠪᠣᠯᠣᠨ ᠠᠷᠠᠳ ᠤᠨ ᠴᠠᠭᠳᠠᠭ᠎ᠠ ᠶᠢᠨ ᠲᠥᠯᠥᠭᠡᠯᠡᠭᠴᠢ ᠶᠣᠰᠣᠯᠠᠯ ᠳᠤ ᠣᠷᠣᠯᠴᠠᠪᠠ᠃ ᠶᠣᠰᠣᠯᠠᠯ ᠢ ᠬᠠᠶᠢᠷᠤᠪ ᠤᠨ ᠲᠣᠬᠤᠢ ᠲᠣᠭᠤᠷᠢᠭ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠶᠢᠨ ᠭᠡᠰᠢᠭᠦᠨ ᠰᠢᠩ ᠪᠦᠦ ᠯᠦᠩ ᠡᠷᠬᠢᠯᠡᠪᠡ᠃
3A4A9179.JPG  
      ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠵᠠᠩᠭᠢᠯᠠᠭ᠎ᠠ ᠶᠢᠨ ᠬᠤᠭᠤᠴᠠᠭᠠᠨ ᠳᠤ᠂ ᠲᠣᠳᠤᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠴᠠ ᠡᠷᠡᠭᠦᠦ ᠶᠢᠨ ᠴᠠᠭᠳᠠᠭ᠎ᠠ᠂ ᠠᠮᠤᠷ ᠢ ᠬᠠᠮᠠᠭᠠᠯᠠᠬᠤ᠂ ᠣᠨᠴᠠ ᠲᠥᠷᠦᠯ ᠤᠨ ᠴᠠᠭᠳᠠᠨ ᠪᠠᠶᠢᠴᠠᠭᠠᠬᠤ ᠴᠠᠭᠳᠠᠭ᠎ᠠ ᠵᠢᠴᠢ ᠲᠣᠮᠢᠯᠠᠭᠰᠠᠨ ᠰᠠᠯᠪᠤᠷᠢ ᠠᠴᠠ ᠨᠣᠴᠤᠯᠳᠤᠵᠤ ᠳᠡᠮᠡᠴᠡᠯᠳᠦᠬᠦ᠂ ᠫᠤᠤ ᠵᠡᠪᠰᠡᠭ᠂ ᠰᠡᠳᠬᠢᠴᠡ ᠶᠢᠨ ᠬᠡᠯᠡᠯᠴᠡᠭᠡᠷ ᠵᠡᠷᠭᠡ ᠭᠠᠷᠮᠠᠭᠠᠢ ᠰᠢᠯᠢᠳᠡᠭ ᠬᠦᠴᠦᠨ ᠢ ᠴᠤᠭᠯᠠᠭᠤᠯᠵᠤ᠂ ᠪᠠᠶᠢᠭᠤᠯᠤᠮᠵᠢᠲᠤ ᠪᠤᠰᠤ ᠶᠢᠨ ᠬᠠᠶᠢᠷᠤᠪ ᠤᠨ ᠲᠣᠬᠤᠢ ᠲᠣᠭᠤᠷᠢᠭ ᠤᠨ ᠲᠣᠳᠤᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ︽ᠬᠤᠷᠴᠠ ᠮᠠᠰᠠᠲᠤ ᠭᠠᠪᠰᠢᠭᠠᠢ ᠠᠩᠭᠢ︾ ᠶᠢ ᠵᠣᠬᠢᠶᠠᠨ ᠪᠠᠶᠢᠭᠤᠯᠵᠠᠢ᠃ ︽ᠬᠤᠷᠴᠠ ᠮᠠᠰᠠᠲᠤ ᠭᠠᠪᠰᠢᠭᠠᠢ ᠠᠩᠭᠢ︾ ᠨᠢ ︽ᠡᠩ ᠤᠨ ᠦᠶ᠎ᠡ ᠳᠤ ᠲᠣᠰ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠡᠶᠢᠨ ᠤ ᠦᠶ᠎ᠡ ᠳᠤ ᠴᠤᠭᠯᠠᠷᠠᠨ ᠥᠨᠳᠥᠷ ᠪᠦᠲᠦᠮᠵᠢᠲᠡᠶ ᠪᠠᠷ ᠠᠷᠭᠠᠴᠠᠬᠤ︾ ᠵᠠᠭᠪᠤᠷ ᠢ ᠬᠡᠷᠡᠭᠵᠢᠭᠦᠯᠵᠦ᠂ ᠭᠤᠣᠯᠳᠠᠭᠤ ᠭᠡᠨᠡᠳᠲᠡ ᠶᠢᠨ ᠣᠯᠠᠨ ᠲᠦᠮᠡᠨ ᠤ ᠴᠢᠨᠠᠷᠲᠠᠢ ᠬᠡᠷᠡᠭ᠂ ᠬᠦᠨᠳᠦ ᠶᠡᠭᠡ ᠡᠷᠡᠭᠦᠦ ᠶᠢᠨ ᠬᠡᠷᠡᠭ᠂ ᠬᠦᠨᠳᠦ ᠶᠡᠭᠡ ᠪᠠᠶᠢᠭᠠᠯᠢ ᠶᠢᠨ ᠭᠠᠢ ᠭᠠᠮᠰᠢᠭ ᠤᠨ ᠠᠳᠡᠯ᠂ ᠬᠦᠨᠳᠦ ᠶᠡᠭᠡ ᠬᠦᠴᠦᠷᠬᠡᠭᠯᠡᠯ ᠰᠦᠷᠳᠡᠭᠦᠯᠦᠯ ᠤᠨ ᠬᠡᠷᠡᠭ᠂ ᠬᠦᠨᠳᠦ ᠶᠡᠭᠡ ᠠᠮᠤᠷ ᠲᠦᠪᠰᠢᠨ ᠤ ᠬᠡᠷᠡᠭ ᠵᠡᠷᠭᠡ ᠡᠭᠦᠷᠭᠡ ᠶᠢ ᠬᠠᠷᠢᠭᠤᠴᠠᠨ ᠰᠢᠢᠳᠪᠦᠷᠢᠯᠡᠨ᠎ᠡ᠃
3A4A9529.JPG  
      ᠲᠤᠭ ᠣᠯᠭᠤᠵᠤ ᠳᠠᠭᠤᠰᠤᠭᠰᠠᠨ ᠤ ᠳᠠᠷᠠᠭ᠎ᠠ᠂ ᠤᠯᠤᠰ ᠲᠥᠷᠥ ᠶᠢᠨ ᠭᠡᠰᠢᠭᠦᠨ ᠰᠢᠩ ᠪᠦᠦ ᠯᠦᠩ ᠠᠴᠠ᠂ ︽ᠬᠤᠷᠴᠠ ᠮᠠᠰᠠᠲᠤ ᠭᠠᠪᠰᠢᠭᠠᠢ ᠠᠩᠭᠢ︾ ᠨᠢ ᠲᠣᠰ ᠤᠳᠠᠭᠠᠨ ᠤ ᠲᠤᠭ ᠣᠯᠭᠤᠬᠤ ᠶᠣᠰᠣᠯᠠᠯ ᠢᠶᠠᠷ ᠡᠬᠢᠯᠡᠯᠲᠡ ᠪᠣᠯᠭᠠᠵᠤ᠂ ᠨᠠᠮ ᠳᠤ ᠪᠠᠨ ᠦᠨᠡᠨᠴᠢ ᠰᠢᠳᠤᠷᠭᠤ ᠪᠠᠶᠢᠵᠤ᠂ ᠳᠣᠲᠣᠷ ᠲᠠᠮᠢᠷ ᠢᠶᠠᠨ ᠬᠠᠲᠠᠭᠤᠵᠢᠯᠲᠠᠢ ᠪᠣᠯᠪᠠᠰᠤᠷᠠᠵᠤ᠂ ᠥᠷᠨᠢᠭᠦᠨ ᠪᠠᠳᠠᠷᠠᠩᠭᠤᠢ ᠥᠭᠡᠳᠡᠯᠡᠨ ᠳᠠᠪᠰᠢᠬᠤ ᠴᠤᠭ ᠵᠢᠪᠬᠤᠭ᠎ᠠ᠂ ᠬᠦᠴᠢᠷ ᠪᠡᠷᠬᠡᠰᠢᠶᠡᠯ ᠠᠴᠠ ᠥᠯᠥ ᠠᠶᠤᠬᠤ ᠰᠥᠰᠥ ᠵᠣᠷᠢᠭ ᠢᠶᠠᠷ ᠬᠤᠷᠴᠠ︽ᠮᠠᠰᠠ︾ ᠶᠢ ᠢᠷᠯᠡᠬᠦ ᠬᠡᠷᠡᠭᠲᠡᠢ︔ ᠢᠳᠡᠪᠬᠢᠲᠡᠢ ᠪᠠᠷ ᠠᠵᠢᠯᠯᠠᠵᠤ᠂ ᠬᠡᠪ ᠴᠢᠨᠠᠷ ᠢᠶᠠᠨ ᠳᠡᠭᠡᠭᠰᠢᠯᠡᠭᠦᠯᠵᠦ᠂ ᠬᠡᠪ ᠰᠤᠷᠲᠠᠯ ᠰᠠᠶᠢᠨ᠂ ᠪᠣᠯᠪᠠᠰᠤᠷᠠᠯ ᠰᠠᠶᠢᠲᠠᠢ ᠲᠡᠮᠦᠷ ᠴᠡᠷᠢᠭ ᠤᠨ ᠰᠤᠷᠲᠠᠯ ᠢᠶᠠᠷ ᠳᠣᠲᠣᠭᠠᠳᠤ ᠶᠢ ᠬᠠᠮᠠᠭᠠᠯᠠᠬᠤ ᠴᠠᠭᠠᠷᠠᠭᠰᠠᠨ ᠡᠩᠨᠡᠭᠡ ᠶᠢ ᠪᠤᠢ ᠪᠣᠯᠭᠠᠬᠤ ᠬᠡᠷᠡᠭᠲᠡᠢ︔ ᠴᠢᠩᠭ᠎ᠠ ᠬᠠᠮᠢᠶᠠᠷᠴᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠳᠣᠲᠣᠭᠠᠳᠤ ᠶᠢ ᠬᠠᠮᠠᠭᠠᠯᠠᠬᠤ ︽ᠶᠡᠭᠡ ᠴᠠᠭᠳᠠᠨ ᠰᠡᠷᠭᠡᠶᠢᠯᠡᠬᠦ︾ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠪᠦᠬᠦ ᠲᠤᠪᠴᠢᠶ᠎ᠠ ᠶᠢᠨ ᠪᠦᠬᠦ ᠴᠠᠭᠳᠠᠭ᠎ᠠ ᠶᠢᠨ ᠬᠢᠨ ︽ᠬᠤᠷᠴᠠ ᠮᠠᠰᠠᠲᠤ ᠭᠠᠪᠰᠢᠭᠠᠢ ᠠᠩᠭᠢ︾ ᠪᠠᠷ ᠬᠡᠪ ᠳᠠᠭᠤᠷᠢᠶᠠᠯ ᠪᠣᠯᠭᠠᠵᠤ᠂ ︽ᠶᠡᠭᠡ ᠴᠠᠭᠳᠠᠨ ᠰᠡᠷᠭᠡᠶᠢᠯᠡᠯᠲᠡ︾ ᠪᠠᠷ ᠠᠴᠢᠶᠠᠯᠠᠪᠤᠷᠢ ᠪᠣᠯᠭᠠᠨ᠂ ᠯᠠᠪᠳᠠᠭᠤᠨ ᠪᠠᠲᠤᠲᠠᠢ ᠪᠠᠷ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠠᠵᠢᠯ ᠢᠶᠠᠨ ᠨᠠᠷᠢᠨ ᠬᠢᠨᠠᠮᠠᠭᠠᠢ ᠥᠷᠨᠢᠭᠦᠯᠦᠨ᠂ ︽ᠬᠠᠶᠢᠷᠤᠪ ᠤᠨ ᠲᠤᠬᠤᠢ ᠲᠤᠭᠤᠷᠢᠭ ᠤᠨ ᠠᠮᠤᠷ ᠠᠮᠤᠭᠤᠯᠠᠩ︾ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ