ᠬᠤᠷᠴᠢᠨ ᠪᠠᠷᠠᠭᠤᠨ ᠭᠠᠷᠦᠨ ᠲᠤᠮᠲᠠᠲᠤ ᠬᠤᠰᠢᠭᠤᠨ ᠤ ᠲᠤᠲᠤᠭᠠᠲᠤ ᠶᠢ ᠬᠠᠮᠠᠭᠠᠯᠠᠬᠤ ᠲᠤᠪᠴᠢᠶ᠎ᠠ ᠫᠤᠤᠳᠠᠯᠭ᠎ᠠ ᠶᠢᠨ ᠪᠣᠯᠪᠠᠰᠤᠷᠠᠯ ᠥᠷᠨᠢᠭᠦᠯᠦᠨ ᠠᠷᠠᠳ ᠤᠨ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/11/9
      ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠬᠠᠤᠯᠢ ᠶᠣᠰᠣᠭᠠᠷ᠂ ᠵᠢᠷᠤᠮᠵᠢᠭᠤᠨ᠂ ᠪᠣᠯᠪᠠᠰᠤᠷᠠᠩᠭᠤᠢ ᠪᠠᠷ ᠵᠡᠪᠰᠡᠭ ᠬᠡᠷᠡᠭᠯᠡᠬᠦ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠬᠤ ᠶᠢᠨ ᠲᠥᠯᠥᠭᠡ᠂ ᠪᠦᠬᠦ ᠲᠣᠪᠴᠢᠶ᠎ᠠ ᠶᠢᠨ ᠪᠣᠳᠠᠲᠤ ᠪᠠᠢᠯᠳᠤᠭᠠᠨ ᠤ ᠶᠡᠭᠡ ᠪᠣᠯᠪᠠᠰᠤᠷᠠᠯ ᠪᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠲᠠᠢ ᠤᠶᠠᠯᠳᠤᠭᠤᠯᠤᠨ᠂ ᠤᠷᠴᠢᠮ ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠮᠤᠷ ᠢ ᠬᠠᠮᠠᠭᠠᠯᠠᠬᠤ ᠶᠡᠭᠡ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠭᠢ ᠵᠡᠷᠭᠡ ᠰᠠᠯᠠᠭ᠎ᠠ ᠮᠥᠴᠢᠷ ᠵᠢᠴᠢ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠫᠤᠤᠳᠠᠯᠭ᠎ᠠ ᠶᠢᠨ ᠪᠣᠯᠪᠠᠰᠤᠷᠠᠯ ᠢ ᠥᠷᠨᠢᠭᠦᠯᠪᠡ᠃
微信图片_20220826105554.jpg  
      ᠲᠤᠰ ᠤᠳᠠᠭᠠᠨ ᠤ ᠦᠨᠡᠨ ᠰᠤᠮᠤᠨ ᠤ ᠫᠤᠤᠳᠠᠯᠭ᠎ᠠ ᠶᠢᠨ ᠪᠣᠯᠪᠠᠰᠤᠷᠠᠯ ᠨᠢ ᠴᠠᠭᠳᠠᠭᠠᠨ ᠤ ᠶᠠᠪᠤᠳᠠᠯ ᠤᠨ ᠪᠣᠳᠠᠲᠤ ᠪᠠᠢᠯᠳᠤᠭᠠᠨ ᠤ ᠬᠡᠷᠡᠭᠴᠡᠭᠡ ᠪᠠ ᠡᠳᠦᠷ ᠲᠤᠲᠤᠮ ᠤᠨ ᠴᠠᠭᠳᠠᠭᠠᠨ ᠤ ᠠᠵᠢᠯ ᠤᠨ ᠣᠨᠴᠠᠯᠢᠭ ᠲᠤ ᠴᠢᠭᠯᠡᠭᠦᠯᠦᠨ᠂ ᠠᠷᠠᠳ ᠤᠨ ᠴᠠᠭᠳᠠᠭ᠎ᠠ ᠶᠢᠨ ᠫᠤᠤ ᠵᠡᠪᠰᠡᠭ ᠤᠨ ᠴᠢᠳᠠᠪᠤᠷᠢ ᠶᠢ ᠡᠵᠡᠮᠰᠢᠭᠰᠡᠨ ᠪᠠ ᠫᠤᠤᠳᠠᠯᠭ᠎ᠠ ᠶᠢᠨ ᠣᠨᠣᠪᠴᠢ ᠶᠢᠨ ᠬᠡᠮᠵᠢᠶ᠎ᠡ ᠶᠢ ᠰᠢᠯᠭᠠᠵᠤ᠂ 92 ᠬᠡᠯᠪᠡᠷᠢ᠂ 77 ᠬᠡᠯᠪᠡᠷᠢ ᠶᠢᠨ ᠭᠠᠷ ᠫᠤᠤ ᠶᠢᠨ 15 ᠮᠧᠲᠷ᠂ 25 ᠮᠧᠲᠷ ᠤᠨ ᠨᠠᠷᠢᠯᠢᠭ ᠫᠤᠤᠳᠠᠯᠭ᠎ᠠ ᠪᠠ ᠰᠢᠯᠵᠢᠮᠡᠯ ᠫᠤᠤᠳᠠᠯᠭ᠎ᠠ ᠭᠡᠬᠦ ᠬᠤᠶᠠᠷ ᠲᠥᠷᠥᠯ ᠵᠦᠢᠯ ᠢ ᠫᠤᠤᠳᠠᠭᠤᠯᠪᠠ᠃ ᠦᠨᠡᠨ ᠰᠤᠮᠤᠨ ᠤ ᠫᠤᠤᠳᠠᠯᠭ᠎ᠠ ᠠᠴᠠ ᠡᠮᠦᠨ᠎ᠡ᠂ ᠪᠣᠯᠪᠠᠰᠤᠷᠠᠯ ᠤᠨ ᠰᠤᠷᠭᠠᠭᠴᠢ ᠪᠣᠯᠪᠠᠰᠤᠷᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠳᠤ ᠴᠠᠭᠳᠠᠭᠠᠨ ᠤ ᠬᠡᠷᠡᠭᠯᠡᠬᠦ ᠫᠤᠤ ᠵᠡᠪᠰᠡᠭ ᠢ ᠠᠮᠤᠷ ᠲᠦᠪᠰᠢᠨ ᠢᠶᠠᠷ ᠬᠡᠷᠡᠭᠯᠡᠬᠦ ᠠᠷᠭ᠎ᠠ ᠬᠡᠮᠵᠢᠶ᠎ᠡ ᠪᠠ ᠦᠨᠡᠨ ᠰᠤᠮᠤᠨ ᠤ ᠫᠤᠤᠳᠠᠯᠭ᠎ᠠ ᠳᠤ ᠠᠩᠬᠠᠷᠬᠤ ᠴᠢᠬᠤᠯᠠᠲᠠᠢ ᠵᠦᠢᠯᠡᠰ ᠢ ᠳᠠᠶᠢᠯᠪᠤᠷᠢᠯᠠᠨ ᠥᠭᠬᠦ ᠶᠢᠨ ᠬᠠᠮᠲᠤ ᠫᠤᠤᠳᠠᠯᠭ᠎ᠠ ᠶᠢᠨ ᠵᠢᠱᠢᠶ᠎ᠡ ᠦᠵᠡᠭᠦᠯᠪᠡ᠃
微信图片_20220826105613.jpg  
      ᠫᠤᠤᠳᠠᠯᠭ᠎ᠠ ᠶᠢᠨ ᠪᠣᠯᠪᠠᠰᠤᠷᠠᠯ ᠳᠤ᠂ ᠪᠦᠬᠦ ᠠᠷᠠᠳ ᠤᠨ ᠴᠠᠭᠳᠠᠭ᠎ᠠ ᠢᠳᠡᠪᠬᠢᠲᠡᠢ ᠣᠷᠣᠯᠴᠠᠵᠤ᠂ ᠳᠠᠷᠤᠤ ᠬᠢᠴᠢᠶᠡᠩᠭᠦᠢ ᠪᠠᠷ ᠰᠤᠷᠤᠯᠴᠠᠵᠤ᠂ ᠵᠠᠷᠯᠢᠭ ᠢ ᠲᠠᠭᠠᠵᠤ᠂ ᠵᠢᠯᠣᠭᠤᠳᠤᠯᠭ᠎ᠠ ᠶᠢ ᠰᠣᠨᠤᠰᠤᠨ᠂ ᠫᠤᠤ ᠵᠡᠪᠰᠡᠭ ᠤᠨ ᠠᠵᠢᠯᠯᠠᠭ᠎ᠠ ᠶᠢᠨ ᠳᠡᠰ ᠳᠠᠷᠠᠭᠠᠯᠠᠯ ᠢ ᠵᠢᠷᠤᠮᠵᠢᠯ ᠲᠠᠢ ᠪᠣᠯᠪᠠᠰᠤᠷᠠᠩᠭᠤᠢ ᠶᠠᠪᠤᠭᠳᠠᠭᠤᠯᠪᠠ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ