ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠡᠷᠬᠢᠯᠡᠪᠡ
ᠨᠡᠶᠢᠲᠡᠯᠡᠭᠰᠡᠨ ᠴᠠᠭ᠄
2022/12/20
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠨᠡᠨᠴᠢ ᠰᠢᠳᠤᠷᠭᠤ ᠮᠥᠨ ᠴᠢᠨᠠᠷ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠵᠦ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠ ︽ᠪᠤᠭᠤᠲᠤ ᠪᠠᠨ ᠬᠠᠶᠢᠷᠠᠯᠠᠬᠤ᠂ ᠳᠣᠲᠣᠭᠠᠳᠤ ᠶᠢ ᠬᠠᠮᠠᠭᠠᠯᠠᠬᠤ ᠪᠠᠨ ᠬᠠᠶᠢᠷᠠᠯᠠᠬᠤ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠪᠦᠬᠦ ᠲᠣᠪᠴᠢᠶ᠎ᠠ ᠶᠢᠨ ᠤᠷᠠᠨ ᠪᠢᠴᠢᠯᠭᠡ ᠤᠷᠠᠨ ᠵᠢᠷᠤᠭ ᠲᠤ ᠪᠠᠭ᠋ᠠᠲᠠᠶ ᠬᠥᠮᠦᠰ ᠢ ᠤᠷᠢᠶᠠᠯᠠᠨ᠂ ᠰᠣᠶᠣᠯ ᠤᠨ ᠢᠯᠡᠷᠡᠭᠦᠯᠦᠯ ᠤᠨ ᠬᠡᠯᠪᠡᠷᠢ ᠪᠠᠷ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠪᠢᠷ ᠪᠡᠬᠡᠰ ᠢᠶᠠᠷ ᠬᠠᠶᠢᠷ᠎ᠠ ᠰᠡᠳᠬᠢᠯᠭᠡ ᠪᠠᠨ ᠢᠯᠡᠳᠬᠡᠵᠦ᠂ ᠦᠵᠡᠯ ᠰᠠᠨᠠᠭᠠᠴᠢ ᠴᠢᠨᠠᠷ ᠪᠣᠯᠤᠨ ᠤᠷᠠᠯᠢᠭᠴᠢ ᠴᠢᠨᠠᠷ ᠢ ᠳᠡᠭᠡᠳᠦ ᠬᠡᠮᠵᠢᠶ᠎ᠡ ᠪᠠᠷ ᠠᠭᠤᠰᠬᠠᠭᠰᠠᠨ ᠰᠢᠯᠢᠳᠡᠭ ᠪᠦᠲᠦᠭᠡᠯ ᠤᠳ ᠢ ᠵᠣᠬᠢᠶᠠᠨ ᠪᠦᠲᠦᠭᠡᠵᠦ᠂ ᠳ᠋ᠦᠩ ᠾᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠢᠭᠤᠴᠠᠯᠭ᠎ᠠ ᠪᠣᠯᠤᠨ ᠡᠭᠦᠷᠭᠡᠯᠡᠯ ᠢ ᠭᠦᠢᠴᠡᠳ ᠬᠠᠷᠠᠭᠤᠯᠪᠠ᠃
 
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ