︽ᠲᠥᠷᠥ ᠭᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠥᠷᠥ ᠭᠦᠷᠦᠨ︾
ᠨᠡᠶᠢᠲᠡᠯᠡᠭᠰᠡᠨ ᠴᠠᠭ᠄
2022/12/6
      ᠶᠠᠩ ᠵᠠᠨ ᠴᠢᠤᠸᠠᠨ᠂ ᠡᠷᠡᠭᠲᠡᠶ᠂ 1962 ᠣᠨ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠤᠯ ᠤᠨ ᠴᠠᠭᠳᠠᠭᠠᠨ ᠤ ᠶᠠᠪᠤᠳᠠᠯ ᠤᠨ ᠮᠡᠷᠭᠡᠵᠢᠯ ᠤᠨ ᠳᠥᠷᠪᠡᠳᠦᠭᠡᠷ ᠳᠡᠰ ᠤᠨ ᠡᠷᠬᠢᠯᠡᠭᠴᠢ᠂ ᠲᠦᠷᠦᠭᠦᠬᠡᠨ ᠠᠵᠢᠯ ᠠᠴᠠ ᠪᠠᠨ ᠠᠮᠠᠷᠠᠪᠠ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠲᠠ ᠶᠢᠨ ᠤᠷᠠᠨ ᠪᠢᠴᠢᠯᠭᠡᠲᠡᠨ ᠤ ᠨᠡᠶᠢᠭᠡᠮᠯᠢᠭ᠂ ᠤᠷᠠᠨ ᠵᠢᠷᠤᠭᠴᠢᠳ ᠤᠨ ᠨᠡᠶᠢᠭᠡᠮᠯᠢᠭ᠂ ᠰᠢᠯᠢ ᠶᠢᠨ ᠭᠤᠤᠯ ᠠᠶᠢᠮᠠᠭ ᠤᠨ ᠤᠷᠠᠨ ᠪᠢᠴᠢᠯᠭᠡᠲᠡᠨ ᠤ ᠨᠡᠶᠢᠭᠡᠮᠯᠢᠭ᠂ ᠤᠷᠠᠨ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠃ 2011 ᠣᠨ ᠳᠤ ᠰᠢᠯᠢ ᠶᠢᠨ ᠭᠤᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠶᠠᠳᠤᠭᠠᠷ ᠬᠤᠭᠤᠴᠠᠭᠠᠨ ᠤ ᠤᠷᠠᠨ ᠪᠢᠴᠢᠯᠭᠡ᠂ ᠤᠷᠠᠨ ᠵᠢᠷᠤᠭ ᠤᠨ ᠪᠦᠲᠦᠭᠡᠯ ᠤᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠬᠦᠷᠲᠡᠪᠡ᠃ 2015 ᠣᠨ ᠳᠤ ᠡᠷᠢᠶᠡᠨ ᠬᠤᠲᠠ ᠶᠢᠨ ᠤᠷᠠᠨ ᠵᠢᠷᠤᠭ ᠤᠨ ᠪᠦᠲᠦᠭᠡᠯ ᠤᠨ ᠦᠵᠡᠭᠦᠯᠦᠯᠭᠡ ᠶᠢᠨ ᠰᠢᠯᠢᠳᠡᠭ ᠪᠦᠲᠦᠭᠡᠯ ᠤᠨ ᠱᠠᠩᠨᠠᠯ ᠭᠥᠷᠳᠡᠪᠡ᠃ 2018 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠤᠷᠠᠨ ᠪᠢᠴᠢᠯᠭᠡ᠂ ᠤᠷᠠᠨ ᠵᠢᠷᠤᠭ ᠬᠡᠷᠡᠯ ᠵᠢᠷᠤᠭ ᠤᠨ ᠰᠢᠯᠢᠳᠡᠭ ᠪᠦᠲᠦᠭᠡᠯ ᠢ ᠰᠢᠯᠭᠠᠷᠠᠭᠤᠯᠬᠤ ᠠᠵᠢᠯᠯᠠᠭᠠᠨ ᠤ ᠤᠷᠠᠨ ᠵᠢᠷᠤᠭ ᠤᠨ ᠲᠥᠷᠥᠯ ᠤᠨ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ᠃
微信图片_20221202144833.jpg
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ