ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠵᠢᠯᠲᠠ ᠪᠦᠲᠦᠮᠵᠢ ᠪᠠᠷ ᠲᠣᠪᠤᠶᠢᠮ᠎ᠠ ᠡᠮᠡᠭᠲᠡᠶ ᠠᠷᠠᠳ ᠤᠨ ᠴᠠᠭᠳᠠᠭ᠎ᠠ ᠶᠢ ᠰᠠᠶᠢᠰᠢᠶᠠᠨ ᠬᠥᠬᠢᠭᠦᠯᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/3/16
ᠡᠯ᠎ᠡ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠳᠤ᠄      ᠣᠶᠢᠷ᠎ᠠ ᠶᠢᠨ ᠵᠢᠯ ᠤᠨ ᠲᠤᠷᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ  ᠤᠨ  ᠲᠥᠪ  ᠬᠤᠷᠢᠶᠠᠨ  ᠤ  ᠪᠠᠲᠤ  ᠴᠢᠩᠭ᠎ᠠ  ᠤᠳᠤᠷᠢᠳᠤᠯᠭ᠎ᠠ ᠳᠣᠣᠷ᠎ᠠ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠤᠨ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠥᠪᠡᠷᠲᠡᠭᠡᠨ ᠵᠠᠰᠠᠬᠤ ᠣᠷᠣᠨ᠂ ᠳᠣᠲᠣᠭᠠᠳᠤ ᠶᠢ ᠬᠠᠮᠠᠭᠠᠯᠠᠬᠤ ᠶᠠᠮᠤᠨ ᠵᠢᠴᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠯ᠎ᠡ ᠱᠠᠲᠤᠨ ᠤ ᠨᠠᠮ ᠤᠨ  ᠬᠤᠷᠢᠶ᠎ᠠ  ᠶᠢᠨ  ᠰᠢᠢᠳᠪᠦᠷᠢᠲᠦ  ᠪᠣᠳᠣᠯᠭ᠎ᠠ  ᠶᠢᠨ  ᠪᠠᠶᠢᠷᠢᠯᠠᠭᠤᠯᠤᠯᠲᠠ  ᠶᠢ  ᠭᠦᠨᠵᠡᠭᠡᠶ  ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ︽ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠶᠢ ᠲᠥᠪ ᠭᠤᠤᠯᠴᠢ ᠪᠠᠷ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ︾ ᠶᠡᠷᠦᠩᠬᠡᠶ ᠱᠠᠭᠠᠷᠳᠠᠯᠭ᠎ᠠ ᠶᠢ ᠬᠢᠨᠠᠮᠠᠭᠠᠶ ᠦᠢᠯᠡᠳᠦᠯᠭᠡᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ᠂ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠬᠠᠮᠠᠭᠠᠯᠠᠨ᠂ ᠬᠢᠵᠢᠭ ᠤᠨ ᠪᠠᠶᠢᠳᠠᠯ ᠲᠠᠢ ᠪᠠᠶᠢᠯᠳᠤᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠡᠮᠡᠭᠲᠡᠢ ᠠᠷᠠᠳ ᠤᠨ ᠴᠠᠭᠳᠠᠭ᠎ᠠ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠳᠤᠲᠠᠭᠳᠠᠵᠤ ᠪᠣᠯᠤᠰᠢ ᠦᠭᠡᠢ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠪᠠᠭ᠎ᠠ ᠭᠡᠷ ᠢᠶᠠᠨ ᠦᠷᠡᠭᠳᠡᠭᠦᠯᠵᠦ᠂ ᠤᠯᠠᠨ ᠢ ᠬᠠᠷᠠᠭᠠᠯᠵᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠳᠤᠷᠠᠲᠠᠶ᠎ᠠ ᠠᠮᠢ ᠪᠡᠶ᠎ᠡ ᠪᠠᠨ ᠵᠣᠷᠢᠭᠤᠯᠵᠤ᠂ ᠤᠶᠤᠨ ᠤᠬᠠᠭᠠᠨ᠂ ᠰᠢᠷᠭᠠᠭᠤ ᠬᠥᠳᠡᠯᠮᠦᠷᠢ ᠪᠣᠯᠤᠨ ᠬᠦᠴᠦ ᠬᠥᠯᠥᠰᠥ ᠪᠠᠷ ᠢᠶᠠᠨ ᠲᠤᠪᠤᠶᠢᠮ᠎ᠠ ᠠᠵᠢᠯ ᠤᠨ ᠠᠮᠵᠢᠯᠲᠠ ᠶᠢ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠡᠮᠡᠭᠲᠡᠢ ᠪᠠᠭᠠᠲᠤᠷ ᠤᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠠᠢ᠃ ᠲᠡᠷᠢᠭᠦᠨ ᠤ ᠬᠢ ᠶᠢ ᠮᠠᠭᠲᠠᠨ ᠰᠠᠶᠢᠰᠢᠶᠠᠵᠤ᠂ ᠥᠯᠢᠭᠡᠷ ᠳᠠᠭᠤᠷᠢᠶᠠᠯ ᠪᠣᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠵᠢᠯᠲᠠ ᠪᠦᠲᠦᠮᠵᠢ ᠪᠠᠷ ᠲᠣᠪᠤᠶᠢᠮ᠎ᠠ 10 ᠡᠮᠡᠭᠲᠡᠶ ᠴᠠᠭᠳᠠᠭ᠎ᠠ ᠶᠢ ᠵᠠᠷᠯᠠᠨ ᠰᠠᠶᠢᠰᠢᠶᠠᠬᠤ ᠪᠠᠷ ᠲᠣᠭᠲᠠᠪᠠ᠃      ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠷᠭᠡᠨ ᠣᠯᠠᠨ ᠴᠠᠭᠳᠠᠭ᠎ᠠ᠂ ᠢᠯᠠᠩᠭᠤᠶ᠎ᠠ ᠡᠮᠡᠭᠲᠡᠶ ᠴᠠᠭᠳᠠᠭ᠎ᠠ ᠰᠠᠶᠢᠰᠢᠶᠠᠭᠳᠠᠭᠰᠠᠨ ᠨᠥᠬᠦᠳ ᠢᠶᠠᠷ ᠳᠠᠭᠤᠷᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠲᠤᠭ ᠣᠯᠭᠤᠬᠤ ᠶᠣᠰᠣᠯᠠᠯ ᠳᠡᠭᠡᠷᠡᠬᠢ ᠴᠢᠬᠤᠯᠠ ᠰᠤᠷᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠴᠤᠭ ᠰᠦᠯᠳᠡ ᠪᠠᠨ ᠪᠠᠳᠠᠷᠠᠭᠤᠯᠤᠨ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠶ ᠨᠠᠷᠢᠨ ᠨᠠᠶᠢᠳᠠᠪᠤᠷᠢᠵᠢᠭᠤᠯᠵᠤ᠂ ᠢᠯᠠᠩᠭᠤᠶ᠎ᠠ ᠡᠮᠡᠭᠲᠡᠶ ᠨᠥᠬᠦᠳ ᠤᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠨᠠᠷᠢᠨ ᠬᠢᠨᠠᠮᠠᠭᠠᠶ᠂ ᠳᠠᠬᠢᠨ ᠢᠶᠠᠷ ᠢᠯᠡᠭᠦᠦ ᠴᠢᠷᠮᠠᠶᠢᠬᠤ ᠵᠣᠷᠢᠭ ᠰᠠᠨᠠᠭ᠎ᠠ ᠪᠠ ᠡᠷᠴᠢ ᠵᠣᠷᠢᠭ ᠢ ᠪᠠᠳᠠᠷᠠᠭᠤᠯᠵᠤ᠂ ᠤᠷᠳᠤ ᠬᠤᠭᠤᠴᠠᠭ᠎ᠠ ᠪᠠᠷ ᠠᠵᠢᠯ ᠢᠶᠠᠨ ᠬᠢᠵᠦ᠂ ᠰᠢᠷᠭᠠᠭᠤ ᠬᠢᠴᠢᠶᠡᠩᠭᠦᠶ ᠪᠠᠷ ᠬᠤᠪᠢ ᠨᠡᠮᠡᠷᠢ ᠦᠵᠡᠭᠦᠯᠵᠦ᠂ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠠᠷᠠᠳ ᠤᠯᠠᠨ ᠤ ᠲᠤᠰᠬᠠᠯ ᠶᠡᠬᠡᠲᠡᠶ ᠲᠤᠪᠤᠶᠢᠮ᠎ᠠ ᠠᠰᠠᠭᠤᠳᠠᠯ ᠢ ᠰᠢᠰᠲ᠋ᠧᠮ ᠲᠠᠢ ᠪᠠᠷ ᠰᠤᠳᠤᠯᠤᠨ ᠰᠦᠪᠡᠭᠴᠢᠯᠡᠵᠦ ᠰᠢᠢᠳᠪᠦᠷᠢᠯᠡᠨ᠂ ᠲᠤᠬᠠᠶᠢᠯᠠᠭᠰᠠᠨ ᠠᠵᠢᠯ ᠤᠨ ᠪᠠᠶᠢᠷᠢ ᠳᠤ ᠪᠠᠨ ᠰᠠᠭᠤᠷᠢᠯᠠᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠤᠯᠤᠰ ᠣᠷᠣᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠭᠰᠠᠨ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠬᠤ ᠪᠠᠷ ᠴᠢᠷᠮᠠᠶᠢᠬᠤ ᠬᠡᠷᠡᠭᠲᠡᠶ᠃ ᠰᠠᠶᠢᠰᠢᠶᠠᠭᠳᠠᠭᠰᠠᠨ ᠨᠥᠬᠦᠳ ᠴᠦ ᠢᠷᠠᠭᠤ ᠠᠯᠳᠠᠷ ᠢᠶᠠᠨ ᠨᠠᠨᠳᠢᠩᠨᠠᠵᠤ᠂ ᠪᠠᠷᠳᠠᠮᠨᠠᠬᠤ ᠦᠭᠡᠢ ᠪᠠᠴᠢᠮᠳᠠᠬᠤ ᠦᠭᠡᠢ ᠪᠠᠶᠢᠵᠤ᠂ ᠠᠮᠵᠢᠯᠲᠠ ᠪᠠᠨ ᠪᠠᠳᠠᠷᠠᠭᠤᠯᠤᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠦᠯᠢᠭᠡᠷ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ᠂ ᠳᠠᠶᠢᠴᠢᠯᠠᠬᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠬᠡᠷᠡᠭᠲᠡᠶ᠃                                          ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ                                              2022 ᠣᠨ ᠤ 3 ᠳ᠋ᠤᠭᠠᠷ ᠰᠠᠷ᠎ᠠ ᠶᠢᠨ 7 ᠤ ᠡᠳᠦᠷ      ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠮᠡᠭᠲᠡᠶ ᠠᠷᠠᠳ ᠤᠨ ᠴᠠᠭᠳᠠᠭ᠎ᠠ ᠰᠠᠶᠢᠰᠢᠶᠠᠭᠰᠠᠳ ᠤᠨ ᠨᠡᠷᠡᠰ ᠢ ᠮᠡᠳᠡᠭᠳᠡᠪᠡ      ᠮᠠ ᠵᠧᠨ ᠫᠢᠩ  ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠲᠤᠬᠠᠭᠠᠯᠭ᠎ᠠ ᠶᠢᠨ ᠲᠣᠮᠢᠯᠠᠭᠰᠠᠨ ᠰᠠᠯᠪᠤᠷᠢ ᠶᠢᠨ ᠬᠤᠶᠠᠳᠤᠭᠠᠷ ᠳᠡᠰ ᠤᠨ ᠴᠠᠭᠳᠠᠭᠠᠨ ᠳᠠᠷᠤᠭ᠎ᠠ      ᠰᠢᠤᠢ ᠮᠢᠩ ᠵᠢᠩ  ᠬᠥᠯᠥᠨ ᠪᠤᠶᠢᠷ ᠬᠤᠲᠠ ᠶᠢᠨ ᠶᠠᠭᠰᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ      ᠵᠠᠩ ᠯᠢ  ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠣᠯᠪᠠᠰᠤᠷᠠᠯ ᠤᠨ ᠲᠥᠪ ᠤᠨ ᠡᠷᠬᠢᠯᠡᠭᠴᠢ      ᠲᠠᠨ᠎ᠠ  ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠴᠠᠭᠳᠠᠭᠠᠨ ᠤ ᠶᠠᠪᠤᠳᠠᠯ ᠤᠨ ᠮᠡᠷᠭᠡᠵᠢᠯ ᠤᠨ ᠭᠤᠷᠪᠠᠳᠤᠭᠠᠷ ᠳᠡᠰ ᠤᠨ ᠭᠤᠤᠯ ᠬᠠᠮᠢᠶᠠᠷᠤᠭᠴᠢ      ᠵᠠᠩ ᠯᠢ ᠴᠢᠨ  ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠶᠢᠨ ᠬᠤᠶᠠᠳᠤᠭᠠᠷ ᠳᠡᠰ ᠤᠨ ᠴᠠᠭᠳᠠᠭᠠᠨ ᠳᠠᠷᠤᠭ᠎ᠠ      ᠸᠠᠩ ᠬᠤᠶ  ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠶᠡᠷᠦᠩᠬᠡᠶ ᠠᠩᠭᠢ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠠᠯᠪᠤᠷᠢ ᠠᠩᠭᠢ ᠶᠢᠨ ᠳᠠᠷᠤᠭ᠎ᠠ      ᠵᠠᠩ ᠢᠦᠶ ᠽᠢ  ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠤᠷᠲᠤ ᠡᠳ᠋ ᠢ ᠴᠠᠭᠠᠵᠠᠯᠠᠬᠤ ᠶᠡᠷᠦᠩᠬᠡᠶ ᠠᠩᠭᠢ ᠶᠢᠨ ᠬᠤᠤᠷᠲᠤ ᠡᠳ᠋ ᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠰᠠᠯᠪᠤᠷᠢ ᠠᠩᠭᠢ ᠶᠢᠨ ᠳᠡᠳ᠋ ᠳᠠᠷᠤᠭ᠎ᠠ      ᠪᠠᠶ ᠰᠢᠶᠤᠤ ᠨᠠᠨ  ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠢᠰᠬᠡᠯ ᠤᠨ ᠪᠠᠭᠤᠳᠠᠯ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠥᠬᠡᠬᠤᠲᠠ ᠶᠢᠨ ᠨᠢᠰᠬᠡᠯ ᠤᠨ ᠪᠠᠭᠤᠳᠠᠯ ᠤᠨ ᠬᠤᠪᠢᠶᠠᠷᠢ ᠲᠣᠪᠴᠢᠶᠠᠨ ᠤ ᠬᠤᠶᠠᠳᠤᠭᠠᠷ ᠳᠡᠰ ᠤᠨ ᠴᠠᠭᠳᠠᠭᠠᠨ ᠳᠠᠷᠤᠭ᠎ᠠ      ᠸᠠᠩ ᠹᠠᠩ  ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠺᠦᠳᠦ᠋ᠷ ᠬᠤᠪᠢᠶᠠᠷᠢ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠳᠥᠷᠪᠡᠳᠦᠭᠡᠷ ᠳᠡᠰ ᠤᠨ ᠴᠠᠭᠳᠠᠭᠠᠨ ᠳᠠᠷᠤᠭ᠎ᠠ      ᠶᠢᠩ ᠵᠢᠶᠦ᠋ᠨ  ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠶᠢᠨ ᠨᠠᠷᠢᠨ ᠪᠢᠴᠢᠭᠡᠴᠢ ᠶᠢᠨ ᠵᠢᠭᠠᠨ ᠰᠤᠳᠤᠯᠬᠤ ᠭᠠᠵᠠᠷ ᠤᠨ ᠡᠷᠬᠢᠯᠡᠭᠴᠢ 
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ