ᠴᠠᠭᠳᠠᠭᠠᠨ ᠤ ᠠᠵᠢᠯ ᠳᠤ ᠭᠠᠪᠰᠢᠭᠠᠶᠢᠯᠠᠭᠰᠠᠨ ᠠᠷᠪᠠᠨ ᠬᠤᠶᠠᠷ ᠵᠢᠯ
ᠨᠡᠶᠢᠲᠡᠯᠡᠭᠰᠡᠨ ᠴᠠᠭ᠄
2022/3/16
              ᠴᠠᠭᠳᠠᠭᠠᠨ ᠤ ᠠᠵᠢᠯ ᠳᠤ ᠭᠠᠪᠰᠢᠭᠠᠶᠢᠯᠠᠭᠰᠠᠨ ᠠᠷᠪᠠᠨ ᠬᠤᠶᠠᠷ ᠵᠢᠯ                                 ᠰᠤᠷᠪᠤᠯᠵᠢᠯᠠᠭᠴᠢ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠤᠯᠤᠰ ᠲᠥᠷᠥ ᠶᠢᠨ ᠠᠵᠢᠯ ᠤᠨ ᠠᠯᠪᠠᠨ ᠬᠡᠷ ᠲᠤ ᠬᠦᠷᠬᠦ ᠳᠤ ᠸᠠᠩ ᠰᠢᠶᠤᠤ ᠹᠠᠩ ᠶᠠᠭ ᠬᠠᠮᠲᠤ ᠠᠵᠢᠯᠯᠠᠭᠰᠠᠳ ᠲᠠᠢ ᠪᠠᠨ ᠨᠢᠭᠡ ᠡᠳᠦᠷ ᠤᠨ ᠠᠵᠢᠯ ᠤᠨ ᠲᠤᠬᠠᠢ ᠪᠠᠨ ᠵᠦᠪᠳᠡᠯᠴᠡᠵᠦ ᠪᠠᠶᠢᠯ᠎ᠠ᠃ ᠡᠨᠡ ᠵᠢᠯ ᠪᠣᠯ ᠲᠡᠭᠦᠨ ᠤ ᠴᠠᠭᠳᠠᠭᠠᠨ ᠤ ᠠᠵᠢᠯ ᠳᠤ ᠭᠠᠷᠤᠭᠰᠠᠨ ᠠᠷᠪᠠᠨ ᠬᠤᠶᠠᠳᠠᠬᠢ ᠵᠢᠯ  ᠪᠤᠯᠤᠨ᠎ᠠ᠃
12e3b37b32c11bedd01ab279059a419.jpg
      ᠲᠡᠷᠡ ᠠᠩᠬ᠎ᠠ ᠠᠵᠢᠯ ᠤᠨ ᠭᠠᠷᠤᠭ᠎ᠠ ᠠᠪᠤᠭᠰᠠᠨ ᠰᠢᠨ᠎ᠡ ᠠᠵᠢᠯᠳᠠᠨ ᠪᠠᠶᠢᠭᠰᠠᠨ ᠠᠴᠠ ᠪᠠᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠤᠯᠵᠦ᠂ ᠣᠷᠣᠨ᠂ ᠠᠶᠢᠮᠠᠭ᠂ ᠬᠤᠰᠢᠭᠤᠨ ᠤ ᠬᠠᠮᠤᠭ ᠤᠨ ᠭᠤᠶᠣ ᠬᠡᠷ ᠪᠦᠯᠢ ᠪᠠ ᠪᠥᠬᠦ ᠬᠤᠰᠢᠭᠤᠨ ᠤ ᠰᠢᠯᠢᠳᠡᠭ ᠨᠠᠮ ᠤᠨ ᠠᠵᠢᠯᠲᠠᠨ᠂ ᠪᠥᠬᠦ ᠬᠤᠰᠢᠭᠤᠨ ᠤ ᠭᠠᠷᠮᠠᠭᠠᠢ ᠡᠮᠡᠭᠲᠡᠶ ᠶᠢᠨ ᠭᠠᠪᠢᠶ᠎ᠠ ᠪᠠᠶᠢᠭᠤᠯᠤᠭᠰᠠᠨ ᠵᠢᠱᠢᠶᠡᠴᠢ ᠵᠡᠷᠭᠡ ᠢᠷᠠᠭᠤ ᠠᠯᠳᠠᠷ ᠢ ᠤᠯᠠᠨᠳᠠ ᠬᠦᠷᠳᠡᠵᠦ᠂ ᠲᠡᠭᠦᠨ ᠤ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠠᠵᠢᠯ ᠳᠤ ᠬᠠᠯᠠᠰᠢᠷᠠᠯ ᠥᠬᠡᠶ ᠠᠵᠢᠯᠯᠠᠭᠰᠠᠨ ᠤ ᠬᠢᠨᠢ ᠬᠠᠮᠤᠭ ᠤᠨ ᠰᠠᠶᠢᠨ ᠬᠡᠷᠡᠴᠢᠯᠡᠯ ᠪᠤᠯᠤᠨ᠎ᠠ᠃ ᠲᠡᠷᠡ ᠥᠪᠡᠷ ᠤᠨ ᠭᠠᠯ ᠵᠠᠯᠠᠭᠤ ᠨᠠᠰᠤ᠂ ᠡᠷᠡᠰ ᠬᠠᠳᠠᠨ ᠵᠣᠷᠢᠭ ᠢᠶᠠᠷ ᠢᠶᠠᠨ ᠡᠮᠡᠭᠲᠡᠶ ᠴᠠᠭᠳᠠᠭ᠎ᠠ ᠶᠢᠨ ᠬᠠᠮᠤᠭ ᠤᠨ ᠡᠬᠡᠯ ᠪᠣᠷᠣᠭᠵᠢᠭᠤᠨ ᠠᠳᠠᠯ᠎ᠠ ᠰᠡᠳᠬᠢᠯ ᠬᠥᠳᠡᠯᠭᠡᠮ᠎ᠡ ᠭᠤᠸ᠎ᠠ ᠰᠠᠶᠢᠬᠠᠨ ᠢ ᠪᠢᠴᠢᠭᠯᠡᠨ᠎ᠡ᠃      1986 ᠣᠨ ᠳᠤ ᠲᠦᠷᠦᠭᠰᠡᠨ ᠸᠠᠩ ᠰᠢᠶᠤᠤ ᠹᠠᠩ 2007 ᠣᠨ ᠳᠤ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠢᠯᠭᠠᠭᠳᠠᠨ ᠣᠷᠣᠵᠤ᠂ 2010 ᠣᠨ ᠤ 4 ᠰᠠᠷ᠎ᠠ ᠳᠤ ᠠᠪᠠᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠳᠤ ᠠᠵᠢᠯᠯᠠᠵᠠᠢ᠂ ᠤᠳᠤ ᠤᠯᠤᠰ ᠲᠦᠷᠦ ᠶᠢᠨ ᠠᠵᠢᠯ ᠤᠨ ᠠᠯᠪᠠᠨ ᠭᠡᠷ ᠲᠤ ᠠᠵᠢᠯᠯᠠᠵᠤ ᠪᠠᠶᠢᠨ᠎ᠠ᠃ᠲᠡᠷᠡ ᠠᠵᠢᠯ ᠳᠤ ᠭᠠᠷᠤᠭᠰᠠᠨ ᠲᠡᠷᠡ ᠴᠠᠭ ᠠᠴᠠ ᠪᠠᠨ ᠠᠪᠤᠭᠠᠳ ᠦᠪᠡᠷ ᠤᠨ ᠲᠤᠬᠠᠶᠢᠯᠠᠭᠰᠠᠨ ᠠᠵᠢᠯ ᠳᠤ ᠪᠠᠨ ᠮᠠᠰᠢ ᠬᠠᠷᠢᠭᠤᠴᠠᠯᠭ᠎ᠠ ᠲᠠᠢ ᠪᠠᠶᠢᠵᠦ᠂ ᠢᠮᠠᠭᠳᠠ ᠳᠠᠷᠤᠤ ᠬᠢᠴᠢᠶᠠᠩᠬᠦᠢ ᠤᠪᠤᠷ ᠢᠶᠠᠷ ᠠᠵᠢᠯ ᠳᠤ ᠪᠠᠨ ᠬᠠᠨᠳᠤᠵᠦ᠂ ᠤᠯᠤᠰ ᠲᠦᠷᠦ ᠶᠢᠨ ᠠᠵᠢᠯ ᠤᠨ ᠠᠯᠪᠠᠨ ᠭᠡᠷ ᠲᠤ 10 ᠭᠠᠷᠤᠶ ᠵᠢᠯ ᠠᠵᠢᠯᠯᠠᠨ᠂ ᠴᠠᠯᠢᠩ ᠮᠦᠩᠬᠦ ᠪᠤᠳᠤᠬᠤ᠂ ᠴᠠᠭᠳᠠᠭ᠎ᠠ ᠶᠢᠨ ᠴᠣᠯᠠ᠂ ᠴᠠᠭᠳᠠᠭ᠎ᠠ ᠶᠢᠨ ᠲᠤᠰᠢᠶᠠᠯᠲᠠᠨ ᠤ ᠦᠨᠡᠮᠯᠡᠯ᠂  ᠲᠡᠰ ᠳᠡᠪᠰᠢᠬᠦ᠂ ᠨᠠᠮ ᠤᠨ ᠪᠠᠶᠢᠭᠤᠯᠤᠯᠲᠠ᠂ ᠠᠵᠢᠯᠳᠠᠨ ᠤ ᠶᠠᠪᠤᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠵᠢᠴᠢ ᠡᠯ᠎ᠡ ᠵᠦᠢᠯ ᠤᠨ ᠲᠤᠭ᠎ᠠ ᠪᠦᠷᠢᠳᠬᠡᠯ ᠤᠨ ᠠᠵᠢᠯ ᠵᠡᠷᠭᠡ ᠤᠯᠠᠨ ᠵᠦᠢᠯ ᠤᠨ ᠠᠵᠢᠯ ᠤᠨ ᠡᠬᠦᠷᠭᠡ ᠪᠠᠨ ᠬᠢᠯᠠᠷᠠᠳᠠᠯ᠎ᠠ ᠪᠡᠶᠡᠯᠡᠬᠦᠯᠵᠦ᠂ ᠤᠯᠠᠨ ᠵᠢᠯ ᠤᠨ ᠲᠤᠷᠰᠢ ᠭᠡᠳᠦᠢ ᠤᠯᠠᠨ ᠠᠵᠢᠯ ᠡᠬᠦᠷᠭᠡ ᠲᠠᠢ ᠪᠠᠶᠢᠭᠰᠠᠨ ᠴᠦ ᠶᠡᠷᠦ ᠠᠴᠠ ᠤᠰᠤᠯ ᠠᠯᠳᠠᠭ᠎ᠠ ᠭᠠᠷᠭᠠᠵᠦ ᠦᠩᠭᠡᠷᠡᠭᠰᠡᠨ ᠦᠭᠡᠢ᠃ᠸᠠᠩ ᠰᠢᠶᠤᠤ ᠹᠠᠩ ᠢ ᠳᠤᠷᠠᠳᠬᠤ ᠲᠠᠢ ᠵᠡᠷᠭᠡ ᠲᠡᠬᠦᠨ ᠤ ᠬᠠᠮᠲᠤ ᠠᠵᠢᠯᠯᠠᠭᠰᠠᠳ ᠨᠢ ᠪᠦᠷ ᠯᠡ ᠲᠡᠬᠦᠨ ᠤ ᠬᠦᠮᠦᠨ ᠴᠢᠨᠠᠷ ᠪᠤᠯᠤᠨ ᠠᠵᠢᠯ ᠤᠨ ᠤᠪᠤᠷ ᠰᠤᠷᠳᠠᠯ ᠢ   ᠨᠢ ᠮᠠᠭᠳᠠᠵᠠᠭᠠᠨ᠎ᠠ᠃
49e838a5d7d2873378e40d736b84442.jpg
      ︽ᠰᠢᠶᠤᠤ ᠹᠠᠩ ᠡᠭᠡᠴᠢ ᠨᠦᠬᠦᠷ ᠲᠠᠢ ᠪᠠᠨ ᠬᠤᠶᠠᠭᠤᠯᠠ ᠪᠦᠷ ᠴᠠᠭᠳᠠᠭᠠᠨ ᠤ ᠠᠵᠢᠯ ᠲᠠᠢ᠃ ᠲᠠᠳᠠ ᠨᠢᠭᠡ ᠰᠡᠳᠬᠢᠯ ᠢᠶᠠᠷ ᠠᠵᠢᠯ ᠳᠤ ᠪᠠᠨ ᠰᠢᠮᠳᠠᠵᠦ᠂ ᠬᠡᠷ ᠪᠦᠯᠢ ᠪᠠᠨ ᠬᠠᠷᠠᠭᠠᠯᠵᠠᠬᠤ ᠴᠠᠭ ᠬᠠᠷᠢᠨ ᠬᠤᠮᠰᠠ ᠪᠠᠶᠢᠵᠦ ᠮᠡᠳᠡᠨ᠎ᠡ᠂ ᠠᠵᠢᠯ ᠳᠤ ᠪᠠᠨ ᠪᠤᠯ ᠴᠢᠳᠠᠮᠠᠭᠠᠢ ᠯᠠᠪᠳᠠᠭᠤᠨ᠂ ᠪᠤᠰᠤᠳ ᠲᠤ ᠲᠤᠰᠠᠷᠬᠠᠭ ᠬᠠᠯᠠᠭᠤᠨ ᠰᠡᠳᠬᠢᠯᠳᠦ ᠡᠬᠡᠴᠢ ᠶᠤᠮ᠃ ᠪᠢᠳᠡᠨ ᠤ ᠰᠤᠷᠤᠯᠴᠠᠬᠤ ᠳᠠᠭᠤᠷᠢᠶᠠᠯ ᠳ᠋ᠠ︾ ᠭᠡᠵᠦ ᠲᠡᠬᠦᠨ ᠤ ᠬᠠᠮᠲᠤ ᠠᠵᠢᠯᠯᠠᠭᠴᠢ ᠵᠣᠣ ᠵᠢᠶᠠ ᠰᠢᠨ ᠳᠤᠭᠳᠤᠯᠤᠨ ᠶᠠᠷᠢᠯ᠎ᠠ᠃      ᠠᠮᠢᠳᠤᠷᠠᠯ ᠲᠤᠮᠳᠠ ᠪᠠᠨ ᠸᠠᠩ ᠰᠢᠶᠤᠤ ᠹᠠᠩ ᠬᠤᠶᠠᠷ ᠬᠡᠦᠬᠡᠳ ᠤᠨ ᠡᠵᠢ ᠪᠣᠯᠤᠭᠰᠠᠨ ᠤ ᠬᠤᠪᠢ ᠳᠤ᠂ ᠠᠵᠢᠯ ᠡᠭᠦᠷᠭᠡ ᠪᠠᠨ ᠴᠠᠭ ᠲᠤᠬᠠᠢ ᠳᠤ ᠨᠢ ᠴᠢᠨᠠᠷ ᠰᠠᠶᠢᠳᠠᠢ ᠪᠡᠶᠡᠯᠡᠭᠦᠯᠬᠦ ᠶᠢᠨ ᠲᠠᠭᠠᠤ ᠭᠡᠷ ᠪᠦᠯᠢ ᠪᠠᠨ ᠴᠦ ᠵᠠᠪᠳᠤᠭᠤᠯᠤᠨ ᠬᠠᠷᠠᠭᠠᠯᠵᠠᠵᠦ᠂ ᠠᠵᠢᠯ ᠠᠮᠢᠳᠤᠷᠠᠯ ᠳᠤ ᠪᠠᠨ ᠱᠤᠭᠰᠢᠭᠤᠯᠵᠦ ᠶᠠᠪᠤᠳᠠᠭ ᠤᠨ ᠨᠢᠭᠡ ᠨᠢ ᠪᠢᠯᠡ᠃ ᠡᠷ᠎ᠡ ᠨᠦᠬᠦᠷ ᠨᠢ ᠴᠦ ᠴᠠᠭᠳᠠᠭᠠᠨ ᠤ ᠠᠵᠢᠯ ᠠᠯᠪᠠ ᠲᠠᠢ ᠪᠤᠯᠬᠤᠷ ᠸᠠᠩ ᠰᠢᠶᠤᠤ ᠹᠠᠩ ᠡᠷ᠎ᠡ ᠨᠥᠬᠦᠷ  ᠤᠨ ᠢᠶᠠᠨ ᠠᠵᠢᠯ ᠢ ᠢᠮᠠᠭᠳᠠ ᠳᠡᠮᠵᠢᠳᠡᠭ᠃ ᠠᠷᠠᠳ ᠤᠨ ᠴᠠᠭᠳᠠᠭ᠎ᠠ ᠪᠤᠯᠤᠭᠰᠠᠨ ᠤ ᠬᠤᠪᠢ ᠳᠤ ᠲᠡᠬᠦᠨ ᠳᠤ ᠪᠠᠴᠢᠮ ᠶᠠᠭᠠᠷᠠᠤ ᠠᠵᠢᠯ ᠤᠨ ᠡᠬᠦᠷᠭᠡ ᠲᠠᠢ᠂ ᠴᠠᠭᠳᠠᠭᠠᠨ ᠤ ᠬᠡᠷᠭᠡᠢ ᠪᠤᠯᠤᠭᠰᠠᠨ ᠤ ᠬᠤᠪᠢ ᠳᠤ ᠲᠡᠬᠦᠨ ᠳᠤ ᠭᠡᠷ ᠪᠦᠯᠢ ᠳᠤ ᠪᠠᠨ ᠭᠡᠰᠡᠨ ᠵᠤᠷᠢᠭᠤᠯᠤᠯᠳᠠ ᠲᠠᠢ᠃ ᠶᠠᠭ ᠢᠩᠬᠢᠵᠦ ᠨᠦᠬᠦᠷ ᠭᠡᠷᠭᠡᠢ ᠬᠤᠶᠠᠭᠤᠯᠠ ᠪᠠᠨ ᠬᠠᠷᠢᠯᠴᠠᠨ ᠬᠠᠪᠰᠤᠷᠤᠨ ᠬᠠᠷᠢᠯᠴᠠᠨ ᠲᠦᠰᠢᠯᠴᠡᠠ ᠠᠯᠪᠠᠨ ᠤ ᠠᠵᠢᠯ᠂ ᠠᠷᠤ ᠭᠡᠷ ᠤᠨ ᠠᠮᠢᠳᠤᠷᠠᠯ ᠢᠶᠠᠨ ᠡᠪᠯᠢᠭ ᠵᠤᠬᠢᠴᠠᠭᠤᠯᠵᠦ ᠶᠠᠪᠤᠳᠠᠭ ᠦᠢᠯᠡ ᠠᠵᠢᠯᠯᠠᠭ᠎ᠠ ᠨᠢ ᠲᠤᠪᠤᠶᠢᠮ᠎ᠠ ᠪᠠᠶᠢᠳᠠᠭ ᠠᠴᠠ 2017 ᠣᠨ ᠳᠤ ᠪᠥᠬᠦ ᠬᠤᠰᠢᠭᠤᠨ ᠤ ︽ᠬᠠᠮᠤᠭ ᠤᠨ ᠭᠤᠶᠣ ᠬᠡᠷ ᠪᠦᠯᠢ︾ ᠶᠢᠨ ᠢᠷᠠᠭᠤ ᠠᠯᠳᠠᠷ ᠢ ᠭᠥᠷᠳᠡᠵᠦ᠂ 2018 ᠣᠨ ᠳᠤ ᠪᠥᠬᠦ ᠠᠶᠢᠮᠠᠭ ᠤᠨ ︽ᠬᠠᠮᠤᠭ ᠤᠨ ᠭᠤᠶᠣ ᠬᠡᠷ ᠪᠦᠯᠢ︾᠂ 2019 ᠣᠨ ᠳᠤ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ ᠬᠡᠷ ᠪᠦᠯᠢ︾ ᠶᠢᠨ ᠢᠷᠠᠭᠤ ᠠᠯᠳᠠᠷ ᠢ ᠬᠦᠷᠳᠡᠵᠦ ᠪᠢᠯᠡ᠃ ᠡᠨᠡ ᠪᠤᠯ ᠲᠡᠭᠦᠨ ᠤ ᠡᠬᠡᠯ ᠵᠢᠷ ᠤᠨ ᠠᠵᠢᠯ ᠤᠨ ᠪᠠᠶᠢᠷᠢ ᠲᠡᠭᠡᠷ᠎ᠡ ᠭᠠᠷᠭᠠᠭᠰᠠᠨ ᠵᠢᠷ ᠤᠨ ᠪᠤᠰᠤ ᠠᠮᠵᠢᠯᠳᠠ ᠪᠤᠯᠤᠨ᠎ᠠ᠃
252cfc27bd6f6ff1f0f1bc3e341ee21.jpg
      ᠸᠠᠩ ᠰᠢᠶᠤᠤ ᠹᠠᠩ᠄ ︽ᠴᠠᠭᠳᠠᠭᠠᠨ ᠤ ᠠᠯᠪᠠᠨ ᠳᠤ ᠠᠵᠢᠯᠯᠠᠭᠰᠠᠨ ᠠᠷᠪᠠᠨ ᠬᠤᠶᠠᠷ ᠵᠢᠯ ᠤᠨ ᠲᠤᠷᠰᠢ᠂ ᠪᠢ ᠢᠮᠠᠭᠳᠠ ᠴᠠᠭᠳᠠᠭ᠎ᠠ ᠪᠤᠯᠤᠭᠰᠠᠨ ᠠᠩᠬᠠᠨ ᠤ ᠵᠣᠷᠢᠯᠲᠠ ᠪᠠᠨ ᠪᠡᠳᠦ ᠴᠡᠭᠡᠵᠢᠯᠡᠵᠦ᠂ ᠬᠡᠳᠦ᠋ᠢᠪᠡᠷ ᠡᠮᠦᠨ᠎ᠡ ᠹᠷᠣᠨᠲ ᠤᠨ ᠠᠷᠠᠳ ᠤᠨ ᠲᠤᠰᠠᠯᠠᠬᠤ ᠴᠠᠭᠳᠠᠭ᠎ᠠ ᠨᠠᠷ ᠲᠠᠢ ᠠᠳᠠᠯᠢ ᠲᠡᠶᠢᠮᠦ ᠵᠦᠳᠡᠷᠡᠯᠲᠡᠢ ᠪᠢᠰᠢ ᠪᠣᠯᠪᠠᠴᠤ᠂ ᠤᠯᠤᠰ ᠲᠦᠷᠦ ᠶᠢᠨ ᠠᠵᠢᠯ ᠤᠨ ᠡᠬᠦᠷᠭᠡ ᠴᠦ ᠲᠠᠶᠢᠮᠦ ᠬᠢᠯᠪᠠᠷᠬᠠᠨ ᠪᠢᠰᠢ᠂  ᠤᠯᠠᠨ ᠤᠯᠠᠨ ᠠᠵᠢᠯ ᠢ ᠤᠰᠤᠯ ᠪᠤᠷᠤᠭᠤ ᠦᠭᠡᠢ᠂ ᠴᠠᠭ ᠲᠤᠬᠠᠢ ᠳᠤ  ᠨᠢ ᠪᠡᠶᠡᠯᠡᠬᠦᠯᠵᠦ᠂ ᠡᠮᠦᠨ᠎ᠡ ᠹᠷᠣᠨᠲ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ ᠤᠨ ᠰᠡᠳᠬᠢᠯ ᠠᠮᠤᠷ ᠠᠵᠢᠯ ᠶᠠᠪᠤᠳᠠᠯ ᠢᠶᠠᠨ ᠬᠦᠢᠴᠡᠳᠬᠡᠬᠦ ᠳᠤ  ᠨᠢ ᠪᠠᠳᠤᠯᠠᠭ᠎ᠠ ᠬᠠᠩᠭᠠᠬᠤ ᠪᠠᠷ ᠴᠢᠷᠮᠠᠶᠢᠳᠠᠭ᠃ ᠬᠤᠶᠢᠰᠢᠳᠡ ᠥᠪᠡᠷ ᠤᠨ ᠬᠦᠰᠡᠯᠡᠩ ᠢᠲᠡᠭᠡᠯ ᠵᠣᠷᠢᠭ ᠢᠶᠠᠨ ᠨᠡᠩ ᠪᠠᠲᠤᠳᠬᠠᠵᠤ᠂ ᠦᠷᠭᠦᠯᠵᠢᠯᠡᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠠᠷ ᠴᠢᠷᠮᠠᠶᠢᠨ᠎ᠠ︾ ᠭᠡᠵᠦ ᠦᠪᠡᠷ ᠤᠨ ᠬᠦᠰᠡᠯ ᠵᠤᠷᠢᠯᠲᠠ ᠪᠠᠨ ᠢᠯᠡᠷᠭᠡᠶᠢᠯᠡᠨ᠎ᠡ᠃     ᠰᠤᠷᠪᠤᠯᠵᠢᠯᠠᠭ᠎ᠠ ᠦᠨᠳᠦᠷᠯᠡᠬᠦ ᠶᠢᠨ ᠬᠢᠷᠢ ᠲᠡᠷᠡ᠄ ︽ᠮᠢᠨᠦ ᠠᠵᠢᠯ ᠪᠣᠯ ᠲᠤᠩ ᠡᠩ ᠤᠨ ᠪᠠᠶᠢᠳᠠᠭ᠂ ᠪᠢ ᠭᠤᠣᠯᠳᠠᠭᠤ ᠦᠪᠡᠷ ᠤᠨ ᠬᠠᠷᠢᠭᠤᠴᠠᠭᠰᠠᠨ ᠠᠵᠢᠯ ᠪᠤᠯᠭᠠᠨ ᠢᠶᠠᠨ ᠨᠠᠷᠢᠨ ᠬᠢᠨᠠᠮᠠᠭᠠᠶ ᠰᠠᠶᠢᠨ ᠪᠡᠶᠡᠯᠡᠬᠦᠯᠦᠶ᠎ᠡ ᠭᠡᠵᠦ ᠪᠤᠳᠤᠳᠠᠭ︾ ᠭᠡᠵᠦ ᠶᠠᠷᠢᠯ᠎ᠠ᠃ ᠡᠨᠡ ᠦᠬᠡ ᠨᠢ ᠮᠠᠰᠢ ᠶᠡᠷᠦᠮᠳᠡᠭ ᠪᠤᠯᠪᠠᠴᠦ ᠲᠡᠬᠦᠨ ᠤ ᠠᠷᠠᠳ ᠤᠨ ᠴᠠᠭᠳᠠᠭ᠎ᠠ ᠶᠢᠨ ᠠᠵᠢᠯ ᠦᠢᠯᠡᠰ ᠲᠤ ᠪᠠᠨ ᠤᠰᠤᠯᠳᠠᠬᠤ ᠦᠬᠡᠢ ᠪᠠᠷ ᠴᠢᠷᠮᠠᠶᠢᠨ ᠠᠵᠢᠯᠯᠠᠳᠠᠭ ᠤᠪᠤᠷ ᠰᠤᠷᠳᠠᠯ ᠢ ᠲᠤᠳᠤᠬᠠᠨ ᠢᠯᠡᠷᠡᠬᠦᠯᠦᠯ᠎ᠡ᠃ ︵ᠠᠪᠠᠭ᠎ᠠ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠦᠩᠬᠡᠨᠡᠰᠣᠨ ᠮᠡᠳᠡᠭᠡᠯᠡᠪᠡ︶
ᠢᠷᠡᠯᠲᠡ᠄ ᠰᠢᠯᠢ ᠶᠢᠨ ᠭᠤᠤᠯ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ