ᠤᠮᠠᠷᠠᠲᠤ ᠶᠢᠨ ᠶᠡᠭᠡ ᠡᠭᠦᠳᠡᠨ ᠢ ᠪᠠᠲᠤ ᠰᠠᠬᠢᠭᠰᠠᠨ ᠦᠨᠡᠨᠴᠢ ᠰᠢᠳᠤᠷᠭᠤ ᠬᠠᠮᠠᠭᠠᠯᠠᠭᠴᠢ — ᠤᠶᠤᠨᠳᠠᠯᠠᠢ
ᠨᠡᠶᠢᠲᠡᠯᠡᠭᠰᠡᠨ ᠴᠠᠭ᠄
2022/3/16
      ᠤᠶᠤᠨᠳᠠᠯᠠᠢ᠂ ᠡᠷᠡᠭᠲᠡᠢ᠂ 40 ᠨᠠᠰᠤᠲᠠᠢ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠲᠠᠢ᠂ 2004 ᠣᠨ ᠳᠤ ᠤᠯᠠᠭᠠᠨᠴᠠᠪ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠳᠥᠷᠪᠡᠳ ᠬᠤᠰᠢᠭᠤᠨ ᠤ ᠶᠡᠭᠡ ᠠᠩᠬᠢ ᠳᠤ ᠠᠯᠪᠠᠨ ᠳᠤ ᠭᠠᠷᠴᠤ᠂ ᠤᠳᠤ ᠳᠥᠷᠪᠡᠳ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠪᠠᠶᠠᠨᠰᠢᠯ ᠳᠤᠮᠳᠠ ᠠᠩᠬᠢ ᠶᠢᠨ ᠳᠠᠷᠤᠭ᠎ᠠ ᠶᠢᠨ ᠲᠤᠰᠢᠶᠠᠯ ᠲᠠᠢ᠃ ᠪᠠᠶᠠᠨᠰᠢᠯ ᠳᠤᠮᠳᠠ ᠠᠩᠭᠢ ᠨᠢ G209 ᠤᠯᠤᠰ ᠤᠨ ᠵᠠᠮ ᠤᠨ ᠳᠥᠷᠪᠡᠳ ᠬᠤᠰᠢᠭᠤ ᠬᠢᠭᠡᠳ ᠰᠢᠯᠢ ᠶᠢᠨ ᠭᠤᠤᠯ ᠠᠶᠢᠮᠠᠭ ᠤᠨ ᠠᠭᠤᠯᠵᠠᠷ ᠲᠤ ᠪᠠᠶᠢᠷᠢᠯᠠᠵᠤ᠂ ᠮᠠᠯᠵᠢᠬᠤ ᠲᠠᠷᠢᠶᠠᠯᠠᠬᠤ ᠣᠷᠣᠨ ᠳᠤ ᠬᠠᠷᠢᠶᠠᠯᠠᠭᠳᠠᠵᠤ᠂ ᠠᠵᠢᠯ ᠤᠨ ᠨᠥᠬᠦᠴᠡᠯ ᠢᠶᠠᠷ ᠨᠡᠯᠢᠶᠡᠳ ᠬᠠᠲᠠᠭᠤᠵᠢᠯᠲᠠᠢ ᠪᠠᠶᠢᠳᠠᠭ᠃ ᠣᠯᠠᠨ ᠵᠢᠯ ᠤᠨ ᠲᠤᠷᠰᠢ᠂ ᠤᠶᠤᠨᠳᠠᠯᠠᠢ ᠦᠢᠯᠡᠴᠢᠯᠡᠭᠡᠨ ᠤ ᠵᠣᠷᠢᠯᠲᠠ ᠪᠠᠨ ᠢᠮᠠᠭᠲᠠ ᠪᠠᠲᠤ ᠴᠡᠭᠡᠵᠢᠯᠡᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢ ᠳᠤ ᠪᠠᠨ ᠰᠠᠭᠤᠷᠢᠯᠠᠨ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠬᠠᠯᠠᠭᠤᠮᠰᠤᠭ ᠢᠶᠠᠷ ᠦᠢᠯᠡᠴᠢᠯᠡᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠨᠡᠶᠢᠲᠡ ᠶᠢᠨ ᠲᠥᠯᠥᠭᠡ ᠴᠠᠭᠳᠠᠭ᠎ᠠ ᠪᠣᠯᠵᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ︾ ᠦᠨᠳᠦᠰᠦᠨ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠵᠠᠯᠠᠭᠤ ᠨᠠᠰᠤ ᠪᠠ ᠬᠦᠴᠦ ᠬᠥᠯᠥᠰᠥ ᠪᠠᠷ ᠢᠶᠠᠨ ᠨᠢᠭᠡᠨ ᠰᠢᠯᠢᠳᠡᠭ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠭᠰᠠᠨ ᠪᠠᠶᠢᠨ᠎ᠠ᠃
1.jpg 
     2020 ᠣᠨ ᠤ ᠡᠬᠢ ᠪᠠᠷ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠲᠡᠷᠡ ᠪᠢᠲᠡᠭᠦᠨ ᠤ ᠰᠥᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢ ᠳᠤ ᠪᠠᠨ ᠬᠦᠷᠴᠦ᠂ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ᠂ ᠬᠠᠬᠢᠷ ᠬᠦᠢᠳᠡᠨ ᠳᠤ ᠠᠵᠢᠯ ᠤᠨ ᠪᠠᠶᠢᠷᠢ ᠪᠠᠨ ᠪᠠᠲᠤ ᠰᠠᠬᠢᠪᠠ᠃ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠠᠷ᠂ ᠳᠠᠬᠢᠨᠲᠠ ᠬᠡᠴᠡᠭᠦᠳᠡᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠤᠶᠤᠨᠳᠠᠯᠠᠢ ᠰᠠᠨᠠᠭᠠᠴᠢᠯᠠᠭ᠎ᠠ ᠠᠴᠠ ᠪᠠᠨ ᠳᠥᠷᠪᠡᠳ ᠬᠤᠰᠢᠭᠤᠨ ᠤ ᠬᠤᠶᠢᠲᠤ ᠶᠡᠭᠡ ᠬᠠᠭᠠᠯᠭ᠎ᠠ᠂ ᠪᠠᠶᠠᠨᠰᠢᠯ ᠬᠤᠷᠢᠭ᠎ᠠ ᠴᠡᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠭᠦᠢᠴᠡᠳᠬᠡᠬᠦ ᠪᠠᠷ ᠭᠤᠶᠤᠴᠢᠯᠠᠵᠠᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠲᠡᠷᠡ ᠠᠮᠠᠷᠠᠬᠤ ᠪᠠᠨ ᠪᠤᠯᠢᠵᠤ᠂  ᠬᠤᠷᠢᠭ᠎ᠠ ᠴᠡᠭ ᠲᠤ ᠪᠠᠨ ᠬᠤᠭᠤᠯᠠᠯᠠᠵᠤ᠂ ᠳᠤᠮᠳᠠ ᠠᠩᠬᠢ ᠶᠢᠨ ᠵᠢᠵᠢᠭᠦᠷ ᠤᠨ ᠲᠠᠰᠤᠭ ᠲᠤ ᠪᠠᠨ ᠬᠤᠨᠤᠭᠯᠠᠵᠤ᠂ ᠤᠮᠳᠠᠭᠠᠰᠪᠠᠯ ᠬᠦᠢᠲᠡᠨ ᠤᠰᠤ ᠤᠤᠭᠤᠵᠤ᠂ ᠥᠯᠥᠰᠪᠡᠯ ᠬᠤᠶᠠᠷ ᠡᠮᠬᠦ ᠲᠠᠯᠬ᠎ᠠ ᠢᠳᠡᠵᠦ᠂ ᠦᠨᠡᠬᠡᠷ ᠶᠠᠳᠠᠷᠠᠭᠠᠳ ᠵᠣᠭᠰᠣᠵᠤ ᠳᠡᠶᠢᠯᠬᠦ ᠦᠭᠡᠢ ᠪᠣᠯᠪᠠᠯ ᠲᠡᠷᠭᠡᠨ ᠲᠣᠳᠤᠷ᠎ᠠ ᠠᠮᠠᠷᠠᠰᠬᠢᠭᠠᠳ ᠳᠠᠬᠢᠭᠠᠳ ᠠᠵᠢᠯᠯᠠᠳᠠᠭ᠂ ᠡᠳᠦᠷ ᠪᠦᠷᠢ ᠶᠢᠨ ᠠᠵᠢᠯ ᠤᠨ ᠪᠠᠶᠢᠷᠢ ᠳᠤ ᠪᠠᠨ ᠵᠢᠯᠣᠭᠤᠳᠬᠤ ᠴᠠᠭ ᠨᠢ 15 ᠴᠠᠭ ᠠᠴᠠ ᠬᠡᠲᠦᠷᠡᠵᠡᠢ᠃ ᠡᠳᠦᠷ ᠪᠦᠷᠢ ᠠᠵᠢᠯ ᠤᠨ ᠪᠠᠶᠢᠷᠢ ᠳᠤ ᠪᠠᠨ ᠭᠠᠷᠬᠤ ᠠᠴᠠ ᠡᠮᠦᠨ᠎ᠡ᠂ ᠲᠡᠷᠡ ᠨᠥᠬᠦᠳ ᠤᠨ ᠢᠶᠠᠨ ᠬᠠᠮᠠᠭᠠᠯᠠᠯᠲᠠ ᠶᠢᠨ ᠲᠤᠨᠤᠭ ᠲᠥᠬᠦᠭᠡᠷᠦᠮᠵᠢ ᠶᠢ ᠪᠠᠶᠢᠴᠠᠭᠠᠵᠤ᠂ ᠠᠵᠢᠯ ᠠᠴᠠ ᠪᠠᠨ ᠪᠠᠭᠤᠭᠰᠠᠨ ᠤ ᠲᠠᠷᠠᠭ᠎ᠠ ᠨᠥᠬᠦᠳ ᠲᠤ ᠪᠠᠨ ᠭᠦᠢᠴᠡᠳ ᠠᠷᠢᠭᠤᠳᠬᠠᠵᠤ ᠭᠠᠷ ᠢᠶᠠᠨ ᠤᠬᠢᠶᠠ ᠭᠡᠵᠦ ᠵᠠᠬᠢᠵᠤ᠂ ᠨᠥᠬᠦᠳ ᠤᠨ ᠢᠶᠠᠨ ᠥᠪᠡᠷ ᠤᠨ ᠪᠡᠶ᠎ᠡ ᠶᠢᠨ ᠬᠠᠮᠠᠭᠠᠯᠠᠯᠲᠠ ᠬᠦᠷᠦᠯᠴᠡᠬᠦ ᠦᠭᠡᠢ ᠠᠴᠠ ᠪᠤᠯᠵᠤ ᠸᠢᠷᠦ᠋ᠰ ᠲᠤ ᠬᠠᠯᠳᠠᠪᠤᠷᠢᠯᠠᠭᠳᠠᠬᠤ ᠠᠴᠠ ᠪᠣᠯᠭᠤᠮᠵᠢᠯᠠᠨ᠎ᠠ᠃ ᠰᠥᠨᠢ ᠶᠢᠨ ᠡᠭᠡᠯᠵᠢ ᠶᠢᠨ ᠦᠶ᠎ᠡ ᠳᠤ᠂ ᠲᠡᠷᠡ ᠨᠥᠬᠦᠳ ᠲᠠᠢ ᠪᠠᠨ ᠲᠡᠭ ᠠᠴᠠ ᠳᠣᠷᠣᠭᠰᠢ 20 ᠭᠷᠠᠳᠦ᠋ᠰ ᠤᠨ ᠬᠦᠢᠳᠡᠨ  ᠳᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠡᠳᠦᠶ ᠶᠠᠳᠠᠷᠠᠭᠰᠠᠨ ᠴᠤ ᠤᠶᠤᠨᠲᠠᠯᠠᠢ ᠮᠥᠨ ᠯᠡ ᠥᠴᠦᠬᠡᠨ ᠴᠦ ᠣᠰᠣᠯᠳᠠᠬᠤ ᠦᠭᠡᠢ ᠪᠠᠶᠢᠵᠤ᠂ ᠲᠡᠷᠭᠡ ᠬᠥᠰᠬᠡ᠂ ᠬᠥᠮᠦᠨ ᠪᠦᠷᠢ ᠶᠢ ᠠᠯᠳᠠᠯ ᠦᠭᠡᠢ ᠪᠠᠶᠢᠴᠠᠭᠠᠬᠤ ᠶᠢ ᠪᠠᠲᠤᠯᠠᠵᠤ᠂ ᠳᠥᠷᠪᠡᠳ ᠬᠤᠰᠢᠭᠤᠨ ᠤ ᠬᠤᠶᠢᠲᠤ ᠶᠡᠭᠡ ᠬᠠᠭᠠᠯᠭ᠎ᠠ ᠳᠤ ᠪᠤᠯᠤᠳ ᠬᠡᠷᠡᠮ ᠪᠤᠰᠬᠠᠵᠦ ᠥᠭᠪᠡ᠃
2.jpg 
     ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠡᠨᠡ ᠪᠣᠯ ᠤᠷᠢᠶ᠎ᠠ ᠪᠣᠯᠬᠤ ᠪᠠᠷ ᠪᠠᠷᠠᠬᠤ ᠦᠭᠡᠢ ᠨᠡᠩ ᠴᠤ ᠠᠮᠠᠯᠠᠯᠲᠠ ᠪᠣᠯᠬᠤ ᠶᠤᠮ᠃ ᠮᠠᠭᠤ ᠴᠠᠭ ᠠᠭᠤᠷ ᠤᠨ ᠨᠥᠯᠥᠭᠡ ᠠᠴᠠ ᠪᠣᠯᠵᠤ᠂ ᠮᠠᠰᠢ ᠤᠯᠠᠨ ᠮᠠᠯᠴᠢᠨ ᠲᠦᠮᠡᠨ ᠤ ᠮᠠᠰᠢᠨ ᠲᠡᠷᠭᠡ ᠦᠷᠭᠦᠯᠵᠢ ᠬᠤᠷᠠᠭᠰᠠᠨ ᠴᠠᠰᠤᠨ ᠳᠤ ᠬᠠᠰᠢᠭᠳᠠᠳᠠᠭ᠂ ᠤᠶᠤᠨᠲᠠᠯᠠᠢ ᠨᠥᠬᠦᠷ ᠲᠣᠭᠤᠷᠢᠨ ᠴᠠᠭᠳᠠᠬᠤ ᠶᠠᠪᠤᠴᠠ ᠳᠤ᠂ ᠲᠦᠰᠢᠭᠦᠷᠢ ᠮᠡᠳᠡᠭᠦᠯᠬᠦ ᠤᠲᠠᠰᠤ ᠶᠢ ᠳᠤᠰᠤᠭᠰᠠᠨ ᠪᠣᠯᠭᠠᠨ ᠳᠤ ᠬᠠᠮᠤᠭ ᠤᠨ ᠡᠮᠦᠨ᠎ᠡ ᠨᠢ ᠭᠠᠪᠰᠢᠭᠠᠶᠢᠯᠠᠵᠤ᠂ ᠬᠦᠴᠢᠷᠳᠡᠯ ᠳᠤ ᠲᠤᠯᠭᠠᠷᠠᠭᠰᠠᠨ ᠤᠯᠠᠨ ᠲᠦᠮᠡᠨ ᠢ ᠬᠠᠪᠰᠤᠷᠤᠨ ᠠᠶᠤᠯ ᠠᠴᠠ ᠠᠩᠭᠢᠵᠢᠷᠠᠭᠤᠯᠵᠤ᠂ ᠬᠦᠴᠢᠷᠳᠡᠯ ᠢ ᠨᠢ ᠰᠢᠢᠳᠪᠦᠷᠢᠯᠡᠵᠦ ᠥᠭᠲᠡᠭ᠂ ᠶᠡᠷᠦᠨᠢ ᠨᠢᠭᠡ ᠨᠢᠭᠡ ᠰᠥᠨᠢ ᠪᠠᠷ ᠠᠪᠤᠷᠠᠨ ᠲᠤᠰᠠᠯᠠᠵᠤ᠂ ᠵᠠᠷᠢᠮ ᠳᠤ ᠪᠠᠨ ᠠᠪᠤᠷᠠᠨ ᠲᠤᠰᠠᠯᠠᠬᠤ ᠶᠠᠪᠤᠴᠠ ᠳᠤ ᠨᠢᠭᠡ ᠠᠮᠠ ᠤᠰᠤ ᠴᠤ ᠣᠯᠵᠤ ᠤᠤᠭᠤᠬᠤ ᠦᠭᠡᠢ ᠪᠠᠶᠢᠳᠠᠭ᠂ ᠭᠡᠪᠡᠴᠦ ᠲᠡᠷᠡ ᠥᠴᠦᠬᠡᠨ ᠴᠦ ᠭᠤᠮᠣᠳᠠᠯ ᠲᠣᠭᠠᠴᠢᠭ᠎ᠠ ᠦᠭᠡᠢ ᠶᠤᠮ᠃      ︽ᠠᠷᠠᠳ ᠤᠨ ᠵᠠᠮ ᠬᠠᠷᠢᠯᠴᠠᠭᠠᠨ ᠤ ᠴᠠᠭᠳᠠᠭ᠎ᠠ ᠠᠷᠠᠳ ᠲᠦᠮᠡᠨ ᠳᠤ ᠦᠢᠯᠡᠴᠢᠯᠡᠨ᠎ᠡ︾᠂ ᠠᠭᠠᠭᠢᠮ᠎ᠠ ᠬᠠᠯᠠᠭᠤᠨ ᠨᠡᠷᠡᠨ ᠤ ᠳᠣᠣᠷ᠎ᠠ ᠴᠤ ᠭᠡᠰᠡᠨ᠂ ᠶᠠᠩᠭᠢᠨᠠᠮ᠎ᠠ ᠬᠦᠢᠳᠡᠨ ᠰᠠᠯᠬᠢᠨ ᠤ ᠳᠤᠮᠳᠠ ᠴᠤ ᠭᠡᠰᠡᠨ᠂ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠨᠤᠭᠤᠳ ᠢᠮᠠᠭᠲᠠ ᠠᠵᠢᠯ ᠤᠨ  ᠪᠠᠶᠢᠷᠢ ᠪᠠᠨ ᠪᠠᠲᠤ ᠰᠠᠬᠢᠵᠤ᠂ ᠥᠪᠡᠷ ᠤᠨ ᠬᠦᠴᠦᠨ ᠴᠢᠳᠠᠯ ᠢᠶᠠᠨ ᠦᠭᠡ ᠳᠠᠭᠤᠨ ᠦᠭᠡᠢ ᠬᠠᠷᠠᠮ ᠦᠭᠡᠢ ᠡᠷᠭᠦᠵᠦ᠂ ᠲᠡᠷᠭᠡ ᠬᠦᠰᠬᠡ ᠲᠠᠰᠤᠷᠠᠯᠲᠠ ᠦᠭᠡᠢ ᠨᠠᠭᠠᠰᠢ ᠴᠠᠭᠠᠰᠢ ᠰᠦᠯᠵᠢᠯᠳᠦᠵᠦ ᠠᠶᠤᠯ ᠦᠭᠡᠢ ᠨᠡᠪᠲᠡᠷᠡᠯᠴᠡᠬᠦ ᠶᠢ ᠬᠠᠮᠠᠭᠠᠯᠠᠨ᠎ᠠ᠃ 
ᠢᠷᠡᠯᠲᠡ᠄ ᠦᠪᠦᠷ ᠮᠤᠩᠭᠤᠯ ᠤᠨ ᠲᠤᠳᠤᠭᠠᠳᠦ  ᠶᠢ ᠬᠠᠮᠠᠭᠠᠯᠠᠬᠤ ᠲᠢᠩᠬᠢᠮ