ᠰᠦᠯᠵᠢᠶᠡᠨ ᠤ ᠵᠠᠩᠭᠢᠯᠠᠭ᠎ᠠ ᠶᠢᠨ ᠲᠥᠬᠦᠭᠡᠷᠦᠮᠵᠢ ᠪᠠ ᠰᠦᠯᠵᠢᠶᠡᠨ ᠤ ᠠᠮᠤᠷ ᠲᠦᠪᠰᠢᠨ ᠤ ᠲᠤᠰᠬᠠᠶ ᠬᠡᠷᠡᠭᠯᠡᠭᠡᠨ ᠤ ᠦᠢᠯᠡᠳᠬᠦᠨ ᠤ ᠠᠶᠤᠯ ᠦᠭᠡᠢ ᠶᠢᠨ ᠭᠡᠷᠡᠴᠢᠯᠡᠯ ᠪᠠ  ᠠᠶᠤᠯ ᠦᠭᠡᠢ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠨᠢᠭᠡᠳᠦᠯᠲᠡᠶ ᠨᠡᠶᠢᠲᠡᠯᠡᠬᠦ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2022/3/22
                                   2022 ᠣᠨ ᠤ 1 ᠳ᠋ᠦ᠋ᠭᠡᠷ ᠲᠣᠭᠠᠲᠤ      ᠰᠦᠯᠵᠢᠶᠡᠨ ᠤ ᠵᠠᠩᠭᠢᠯᠠᠭ᠎ᠠ ᠶᠢᠨ ᠲᠥᠬᠦᠭᠡᠷᠦᠮᠵᠢ ᠪᠣᠯᠤᠨ ᠰᠦᠯᠵᠢᠶᠡᠨ ᠤ ᠠᠮᠤᠷ ᠲᠦᠪᠰᠢᠨ ᠤ ᠲᠤᠰᠬᠠᠶ ᠬᠡᠷᠡᠭᠯᠡᠭᠡᠨ ᠤ ᠦᠢᠯᠡᠳᠬᠦᠨ ᠤ ᠠᠶᠤᠯ ᠦᠭᠡᠢ ᠶᠢᠨ ᠬᠠᠮᠢᠶᠠᠷᠤᠯᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽︿ᠰᠦᠯᠵᠢᠶᠡᠨ ᠤ ᠵᠠᠩᠭᠢᠯᠠᠭ᠎ᠠ ᠶᠢᠨ ᠲᠥᠬᠦᠭᠡᠷᠦᠮᠵᠢ ᠪᠠ ᠰᠦᠯᠵᠢᠶᠡᠨ ᠤ ᠠᠮᠤᠷ ᠲᠦᠪᠰᠢᠨ ᠤ ᠲᠤᠰᠬᠠᠶ ᠬᠡᠷᠡᠭᠯᠡᠭᠡᠨ ᠤ ᠦᠢᠯᠡᠳᠭᠦᠨ ᠤ ᠭᠠᠷᠴᠠᠭ ︵ᠨᠢᠭᠡᠳᠦᠭᠡᠷ ᠪᠦᠯᠦᠭ︶﹀ ᠢ ᠨᠡᠶᠢᠲᠡᠯᠡᠬᠦ ᠲᠤᠬᠠᠶ ᠠᠯᠪᠠᠨ ᠵᠠᠷᠯᠠᠯ︾ ︵ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠭᠡᠷᠡᠴᠢᠯᠡᠯ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠯᠪᠠᠨ ᠵᠠᠷ 2017 ᠣᠨ ᠤ 1 ᠳ᠋ᠦ᠋ᠭᠡᠷ ᠲᠣᠭᠠᠲᠤ︶ ᠢ ᠦᠨᠳᠦᠰᠦᠯᠡᠪᠡᠯ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠠᠴᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠭᠡᠷᠡᠴᠢᠯᠡᠯ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠰᠦᠯᠵᠢᠶᠡᠨ ᠤ ᠵᠠᠩᠭᠢᠯᠠᠭ᠎ᠠ ᠶᠢᠨ ᠲᠥᠬᠦᠭᠡᠷᠦᠮᠵᠢ ᠪᠠ ᠰᠦᠯᠵᠢᠶᠡᠨ ᠤ ᠠᠮᠤᠷ ᠲᠦᠪᠰᠢᠨ ᠤ ᠲᠤᠰᠬᠠᠶ ᠬᠡᠷᠡᠭᠯᠡᠭᠡᠨ ᠤ ᠦᠢᠯᠡᠳᠬᠦᠨ ᠤ ᠠᠶᠤᠯ ᠦᠭᠡᠢ ᠶᠢᠨ ᠭᠡᠷᠡᠴᠢᠯᠡᠯ ᠪᠠ ᠠᠶᠤᠯ ᠦᠭᠡᠢ ᠶᠢᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ︵ᠳᠣᠷᠣᠭᠰᠢ ᠭᠡᠷᠡᠴᠢᠯᠡᠯ ᠪᠠ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠭᠡᠵᠦ ᠲᠣᠪᠴᠢᠯᠠᠨ᠎ᠠ︶ ᠢ ᠨᠢᠭᠡᠳᠦᠯᠲᠡᠶ ᠨᠡᠶᠢᠲᠡᠯᠡᠨ᠎ᠡ᠃ ᠬᠢᠷᠢ ᠬᠡᠮ ᠲᠠᠢ ᠪᠠᠶᠢᠭᠤᠯᠤᠮᠵᠢ ᠶᠢᠨ ᠠᠮᠤᠷ ᠲᠦᠪᠰᠢᠨ ᠤ ᠭᠡᠷᠡᠴᠢᠯᠡᠯ ᠪᠤᠶᠤ ᠪᠠᠶᠢᠴᠠᠭᠠᠨ ᠬᠡᠮᠵᠢᠯᠲᠡ ᠪᠠᠷ ᠳᠡᠮᠵᠢᠨ᠂ ᠬᠠᠮᠢᠶ᠎ᠠ ᠪᠥᠬᠦᠶ ᠤᠯᠤᠰ ᠤᠨ ᠪᠠᠷᠢᠮᠵᠢᠶ᠎ᠠ ᠶᠢᠨ ᠠᠯᠪᠠᠳᠠᠯᠭ᠎ᠠ ᠶᠢᠨ ᠴᠢᠨᠠᠷᠲᠠᠶ ᠱᠠᠭᠠᠷᠳᠠᠯᠭ᠎ᠠ ᠳᠤ ᠨᠡᠶᠢᠴᠡᠭᠰᠡᠨ ᠦᠢᠯᠡᠳᠭᠦᠨ ᠢ ᠨᠡᠶᠢᠲᠡᠯᠡᠨ᠎ᠡ᠃      ᠭᠡᠷᠡᠴᠢᠯᠡᠭᠰᠡᠨ ᠪᠠ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠳᠤᠮᠳᠠᠳᠤ ᠤᠯᠤᠰ ᠤᠨ ᠰᠦᠯᠵᠢᠶᠡᠨ ᠤ ᠮᠡᠳᠡᠭᠡ ᠵᠠᠩᠭᠢ ᠶᠢᠨ ᠰᠦᠯᠵᠢᠶ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠰᠦᠯᠵᠢᠶ᠎ᠡ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠰᠦᠯᠵᠢᠶᠡᠨ ᠤ ᠦᠷᠲᠡᠭᠡ ᠪᠠ ᠬᠢᠨᠠᠨ ᠵᠥᠪᠰᠢᠶᠡᠷᠡᠬᠦ ᠵᠥᠪᠯᠡᠯ ᠤᠨ  ᠰᠦᠯᠵᠢᠶ᠎ᠡ ᠪᠠᠷ ᠳᠠᠮᠵᠢᠭᠤᠯᠤᠨ ᠵᠡᠷᠭᠡ ᠪᠠᠷ ᠨᠡᠶᠢᠲᠡᠯᠡᠬᠦ ᠪᠠ ᠰᠢᠨᠡᠳᠬᠡᠨ᠎ᠡ᠃                                              ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ                                          ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ                                          ᠳᠣᠲᠣᠭᠠᠳᠤ ᠶᠢ ᠬᠠᠮᠠᠭᠠᠯᠠᠬᠤ ᠶᠠᠮᠤᠨ                                          ᠤᠯᠤᠰ ᠤᠨ ᠭᠡᠷᠡᠴᠢᠯᠡᠯ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ                                                                     2022 ᠣᠨ ᠤ 1 ᠰᠠᠷ᠎ᠠ ᠶᠢᠨ 25 ᠤ ᠡᠳᠦᠷ
ᠢᠷᠡᠯᠲᠡ᠄ ᠲᠣᠳᠤᠭᠠᠳᠤ ᠶᠢ ᠬᠠᠮᠠᠭᠠᠯᠠᠬᠤ ᠶᠠᠮᠤᠨ