ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢᠨ ︽ᠠᠷᠪᠠ ᠶᠢ ᠴᠢᠩᠭ᠎ᠠ ᠴᠠᠭᠠᠵᠠᠯᠠᠬᠤ︾
ᠨᠡᠶᠢᠲᠡᠯᠡᠭᠰᠡᠨ ᠴᠠᠭ᠄
2022/3/8
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠪᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ  ᠤᠨ  ᠬᠠᠷᠢᠴᠠᠯᠠᠰᠢ  ᠥᠬᠡᠶ  ᠤᠳᠤᠷᠢᠳᠤᠯᠭ᠎ᠠ  ᠶᠢ  ᠪᠠᠷᠢᠮᠲᠠᠯᠠᠵᠤ ᠂  ︽  ᠳᠥᠷᠪᠡᠨ  ᠤᠬᠠᠮᠰᠠᠷ ︾  ᠢᠶᠠᠨ  ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠠᠷᠪᠠ ᠶᠢ ᠴᠢᠩᠭ᠎ᠠ ᠴᠠᠭᠠᠵᠠᠯᠠᠬᠤ︾ ᠶᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠃       ᠨᠢᠭᠡ᠂ ᠬᠤᠶᠠᠷ ᠨᠢᠭᠤᠷᠳᠡᠠ ᠪᠣᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ᠂ ᠤᠯᠤᠰ ᠲᠦᠷᠦ ᠶᠢᠨ ᠶᠣᠰᠣ ᠲᠦᠷᠢᠮ ᠢ ᠵᠥᠷᠢᠴᠡᠵᠦ᠂ ᠨᠠᠮ ᠳᠤ ᠪᠠᠨ ᠦᠨᠡᠨᠴᠢ ᠰᠢᠳᠤᠷᠭᠤ ᠪᠤᠰᠤ᠂ ᠬᠤᠤᠪᠢᠯᠳᠤᠨ ᠰᠦᠯᠪᠡᠭᠡᠯᠡᠵᠦ ᠬᠤᠪᠢ ᠶᠢᠨ ᠠᠰᠢᠭ ᠬᠥᠭᠡᠭᠡᠴᠡᠯᠳᠦᠵᠦ᠂ ᠡᠪᠰᠡᠯ ᠪᠦᠯᠦᠭ ᠪᠠᠶᠢᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃       ᠬᠤᠶᠠᠷ᠂ ᠵᠠᠷᠯᠢᠭ ᠪᠠᠶᠢᠲᠠᠯ᠎ᠠ ᠳᠠᠭᠠᠬᠤ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠪᠠᠶᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠰᠢᠭᠤᠷᠬᠠᠢ ᠲᠤᠭᠤᠰᠢᠯᠠᠭᠤᠯᠤᠨ ᠬᠡᠷᠡᠭᠵᠢᠭᠦᠯᠬᠦ ᠦᠭᠡᠢ᠂ ᠰᠣᠩᠭᠤᠯᠲᠠ ᠬᠢᠵᠦ᠂ ᠵᠣᠬᠢᠴᠠᠭᠤᠯᠤᠨ ᠬᠤᠪᠢᠷᠠᠭᠤᠯᠵᠤ᠂ ᠳᠤᠲᠠᠭᠤ ᠲᠤᠷᠭᠤᠨ ᠬᠢᠵᠦ᠂ ᠳᠡᠭᠡᠷᠡᠬᠢ ᠪᠠᠨ ᠮᠡᠬᠡᠯᠡᠵᠦ ᠳᠣᠣᠷᠠᠬᠢ ᠪᠠᠨ ᠬᠠᠭᠤᠷᠴᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠴᠦ᠂ ᠵᠢᠭᠠᠪᠤᠷᠢ ᠠᠪᠴᠤ ᠮᠡᠳᠡᠭᠦᠯᠬᠦ ᠲᠦᠷᠢᠮ ᠢ ᠵᠢᠷᠤᠮᠯᠠᠬᠤ ᠦᠭᠡᠢ ᠪᠠᠶᠢᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃       ᠭᠤᠷᠪᠠ᠂ ᠪᠤᠷᠤᠭᠤ ᠦᠵᠡᠯ ᠰᠠᠨᠠᠭᠠᠨ ᠤ ᠤᠷᠤᠰᠬᠠᠯ ᠤᠨ ᠨᠡᠷᠪᠡᠯᠲᠡ ᠶᠢ ᠳᠤᠷ᠎ᠠ ᠪᠠᠷ ᠨᠢ ᠲᠠᠯᠪᠢᠬᠤ ᠶᠠᠪᠤᠳᠠᠯ ᠢ ᠴᠢᠩᠭ᠎ᠠ ᠴᠠᠭᠠᠵᠠᠯᠠᠬᠤ ᠬᠡᠷᠡᠭᠲᠡᠢ᠃ ᠵᠥᠪ ᠪᠤᠷᠤᠭᠤ ᠶᠢᠨ ᠠᠰᠠᠭᠤᠳᠠᠯ ᠳᠡᠭᠡᠷ᠎ᠡ ᠲᠠᠨᠢᠯᠲᠠ ᠪᠠᠯᠠᠷᠬᠠᠢ᠂ ᠵᠣᠭᠰᠣᠯᠲᠠ ᠭᠤᠶᠢᠪᠢᠯᠵᠠᠵᠤ᠂ ᠥᠷᠥᠨᠡᠳᠠᠬᠢᠨ ᠤ ︽ᠦᠨᠳᠦᠰᠦᠨ ᠬᠠᠤᠯᠢᠲᠤ ᠵᠠᠰᠠᠭ︾ ︽ᠭᠤᠷᠪᠠᠨ ᠡᠷᠬᠡ ᠲᠤᠰᠠᠭᠠᠷᠯᠠᠬᠤ︾᠂ ︽ᠬᠠᠤᠯᠢ ᠪᠠᠷᠢᠬᠤ ᠶᠢ ᠲᠤᠰᠠᠭᠠᠷᠯᠠᠬᠤ︾ ᠵᠡᠷᠭᠡ ᠣᠪᠣᠷ ᠲᠤ ᠪᠠᠯᠠᠷᠬᠠᠢ ᠬᠠᠨᠳᠤᠵᠤ᠂ ᠬᠤᠷᠴᠠ ᠰᠡᠯᠡᠮ᠎ᠡ ᠪᠠᠨ ᠭᠠᠷᠭᠠᠬᠤ ᠵᠣᠷᠢᠭ ᠦᠭᠡᠢ ᠪᠠᠶᠢᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃       ᠲᠦᠷᠪᠡ᠂ ᠵᠦᠢ ᠪᠤᠰᠤ ᠪᠠᠷ ᠶᠠᠪᠤᠯᠴᠠᠬᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠳᠤ ᠭᠠᠷ ᠲᠦᠷᠦᠭᠦ ᠶᠢ ᠴᠢᠩᠭ᠎ᠠ ᠴᠠᠭᠠᠵᠠᠯᠠᠨ᠎ᠠ᠃ ︽ᠭᠤᠷᠪᠠᠨ ᠲᠣᠭᠲᠠᠭᠠᠯ︾ ᠢ ᠵᠥᠷᠢᠴᠡᠵᠦ᠂ ᠨᠠᠶᠢᠷ ᠲᠠᠯ᠎ᠠ ᠬᠡᠯᠡᠵᠦ ᠤᠷᠢᠳᠴᠢᠯᠠᠨ ᠮᠡᠳᠡᠭᠳᠡᠬᠦ᠂ ᠦᠨᠡᠨ ᠪᠤᠲᠠᠲᠠᠢ ᠲᠡᠮᠳᠡᠭᠯᠡᠵᠦ ᠮᠡᠳᠡᠭᠦᠯᠬᠦ ᠦᠭᠡᠢ᠂ ᠵᠦᠢ ᠪᠤᠰᠤ ᠪᠠᠷ ᠬᠠᠷᠢᠯᠴᠠᠵᠤ ᠶᠠᠪᠤᠯᠴᠠᠬᠤ᠂ ᠬᠠᠤᠯᠢ ᠴᠠᠭᠠᠵᠠ ᠶᠢᠨ ᠵᠠᠪᠰᠢᠭᠴᠢ ᠪᠣᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃       ᠲᠠᠪᠤ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠵᠤ᠂ ᠬᠤᠪᠢ ᠶᠢᠨ ᠨᠠᠶᠢᠷ ᠢᠶᠠᠷ ᠬᠠᠤᠯᠢ ᠴᠠᠭᠠᠵᠠ ᠶᠢ ᠭᠠᠵᠢᠭᠤᠳᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ︽ᠬᠠᠷᠢᠴᠠᠭ᠎ᠠ ᠪᠠᠷ ᠬᠡᠷᠡᠭ ᠰᠢᠢᠳᠪᠦᠷᠢᠯᠡᠬᠦ︾᠂ ︽ᠨᠠᠶᠢᠷ ᠲᠠᠯ᠎ᠠ ᠪᠠᠷ ᠬᠡᠷᠡᠭ ᠰᠢᠢᠳᠪᠦᠷᠢᠯᠡᠬᠦ︾᠂ ︽ᠵᠣᠭᠤᠰ ᠮᠥᠩᠭᠦ ᠪᠠᠷ ᠬᠡᠷᠡᠭ ᠰᠢᠢᠳᠪᠦᠷᠢᠯᠡᠬᠦ︾ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠂ ᠬᠡᠷᠡᠭ ᠪᠠᠶᠢᠲᠠᠯ᠎ᠠ ᠬᠡᠷᠡᠭ ᠪᠣᠯᠭᠠᠨ ᠳᠠᠩᠰᠠᠯᠠᠬᠤ ᠦᠭᠡᠢ᠂ ᠬᠡᠷᠡᠭ ᠢ ᠳᠠᠷᠤᠭᠠᠳ ᠪᠠᠶᠢᠴᠠᠭᠠᠬᠤ ᠦᠭᠡᠢ᠂ ᠶᠠᠯ᠎ᠠ ᠲᠠᠢ ᠪᠠᠶᠢᠲᠠᠯ᠎ᠠ ᠨᠡᠬᠡᠮᠵᠢᠯᠡᠬᠦ ᠦᠭᠡᠢ᠂ ᠲᠣᠭᠲᠠᠭᠠᠯ ᠢ ᠵᠥᠷᠢᠴᠡᠨ ᠡᠷᠡᠭᠦᠦ ᠰᠢᠳᠬᠡᠯ ᠢ ᠨᠢ ᠬᠠᠰᠤᠬᠤ᠂ ᠲᠡᠩᠰᠡᠨ ᠰᠤᠯᠠᠯᠠᠬᠤ᠂ ᠲᠦᠷ ᠭᠢᠨᠳᠠᠨ ᠤ ᠭᠠᠳᠠᠨ᠎ᠠ ᠭᠦᠢᠴᠡᠳᠬᠡᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠃       ᠵᠢᠷᠭᠤᠭ᠎ᠠ᠂ ᠲᠣᠭᠲᠠᠭᠠᠯ ᠠᠴᠠ ᠵᠥᠷᠢᠴᠡᠨ ᠠᠰᠢᠭ ᠬᠤᠨᠵᠢᠪᠣᠷᠢ ᠣᠯᠬᠤ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠲᠣᠭᠲᠠᠭᠠᠯ ᠠᠴᠠ ᠵᠥᠷᠢᠴᠡᠨ ᠠᠵᠤ ᠠᠬᠤᠶᠢᠯᠠᠯ ᠡᠵᠡᠩᠨᠡᠨ ᠡᠷᠬᠢᠯᠡᠬᠦ᠂ ᠲᠣᠭᠲᠠᠭᠠᠯ ᠠᠴᠠ ᠵᠥᠷᠢᠴᠡᠨ ᠬᠤᠪᠢ ᠣᠷᠣᠭᠤᠯᠵᠤ ᠵᠢᠭᠡᠯᠡᠯᠭᠡ ᠵᠢᠭᠡᠯᠡᠬᠦ᠂ ᠬᠠᠨᠢ ᠨᠥᠬᠦᠷ᠂ ᠦᠷ᠎ᠡ ᠬᠡᠦᠬᠡᠳ ᠵᠢᠴᠢ ᠬᠠᠨᠢ ᠨᠥᠬᠦᠷ ᠢᠶᠠᠨ ᠳᠤᠷ᠎ᠠ ᠪᠠᠷ ᠨᠢ ᠲᠠᠯᠪᠢᠵᠤ ᠲᠣᠭᠲᠠᠭᠠᠯ ᠠᠴᠠ ᠵᠥᠷᠢᠴᠡᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠬᠦ᠂ ᠡᠷᠬᠡ ᠲᠤᠰᠢᠶᠠᠯ ᠪᠤᠶᠤ ᠨᠥᠯᠥᠭᠡᠯᠡᠬᠦ ᠬᠦᠴᠦᠨ ᠢᠶᠠᠨ ᠠᠰᠢᠭᠯᠠᠨ ᠬᠤᠪᠢ ᠶᠢᠨ ᠠᠰᠢᠭ ᠬᠥᠭᠡᠭᠡᠴᠡᠯᠳᠦᠬᠦ ᠶᠢ ᠣᠭᠲᠣ ᠵᠥᠪᠰᠢᠶᠡᠷᠡᠬᠦ ᠦᠭᠡᠶ᠃      ᠲᠤᠯᠤᠭ᠎ᠠ᠂ ᠬᠠᠷ᠎ᠠ ᠪᠦᠯᠦᠭᠳᠡᠨ ᠬᠠᠷᠭᠢᠰ ᠬᠦᠴᠦᠨ ᠢ ᠥᠮᠥᠭᠯᠡᠨ ᠳᠤᠷ᠎ᠠ ᠪᠠᠷ ᠨᠢ ᠲᠠᠯᠪᠢᠬᠤ ᠶᠢ ᠴᠢᠩᠭ᠎ᠠ ᠴᠠᠭᠠᠵᠠᠯᠠᠨ᠎ᠠ᠃ ᠬᠠᠷ᠎ᠠ ᠪᠦᠯᠦᠭᠳᠡᠨ ᠬᠠᠷᠭᠢᠰ ᠬᠦᠴᠦᠨ ᠤ ᠠᠵᠢᠯᠯᠠᠭ᠎ᠠ ᠶᠢ ᠬᠠᠷᠠᠵᠤ ᠪᠠᠶᠢᠭᠠᠳ ᠬᠠᠶᠢᠬᠤᠷᠬᠤ ᠦᠭᠡᠢ᠂ ᠳᠤᠷ᠎ᠠ ᠪᠠᠷ ᠨᠢ ᠲᠠᠯᠪᠢᠵᠤ᠂ ᠬᠠᠷ᠎ᠠ ᠪᠦᠯᠦᠭᠳᠡᠨ ᠬᠠᠷᠭᠢᠰ ᠬᠦᠴᠦᠨ ᠳᠤ ᠬᠤᠯᠪᠣᠭᠳᠠᠭᠰᠠᠨ ᠠᠵᠢᠯᠯᠠᠭ᠎ᠠ ᠶᠢ ᠳᠤᠷ᠎ᠠ ᠪᠠᠷ ᠨᠢ ᠲᠠᠯᠪᠢᠵᠤ᠂ ︽ᠬᠠᠮᠠᠭᠠᠯᠠᠭᠴᠢ︾ ᠪᠣᠯᠵᠤ ᠶᠠᠭᠠᠬᠢᠭᠰᠠᠨ ᠴᠤ ᠪᠣᠯᠬᠤ ᠦᠭᠡᠢ᠃       ᠨᠠᠢᠮᠠ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠠᠰᠢᠭ ᠬᠥᠭᠡᠭᠡᠴᠡᠯᠳᠦᠵᠦ ᠬᠠᠤᠯᠢ ᠬᠡᠷᠡᠭᠵᠢᠭᠦᠯᠬᠦ᠂ ᠡᠷᠬᠡ ᠠᠴᠠ ᠪᠠᠨ ᠳᠠᠪᠠᠵᠤ ᠬᠠᠤᠯᠢ ᠠᠴᠠ ᠳᠠᠪᠠᠭ᠋ᠤ᠂ ᠬᠡᠲᠦᠷᠡᠮᠡᠬᠡᠢ ᠬᠠᠤᠯᠢ ᠬᠡᠷᠡᠭᠵᠢᠭᠦᠯᠬᠦ᠂ ᠲᠤᠷᠰᠢᠨ ᠪᠠᠶᠢᠴᠠᠭᠠᠬᠤ ᠠᠷᠭ᠎ᠠ ᠬᠡᠮᠵᠢᠶ᠎ᠡ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ᠂ ᠴᠢᠯᠥᠭᠡᠲᠦ ᠲᠠᠰᠤᠯᠤᠯᠲᠠ ᠶᠢᠨ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ᠂ ᠠᠵᠤ ᠠᠬᠤᠶ ᠶᠢᠨ ᠵᠢᠭᠤᠷᠠᠯᠳᠤᠭᠠᠨ ᠳᠤ ᠭᠠᠷ ᠲᠦᠷᠦᠭᠦ ᠶᠢ ᠣᠭᠲᠣ ᠵᠥᠪᠰᠢᠶᠡᠷᠡᠬᠦ ᠦᠭᠡᠶ᠃       ᠶᠢᠰᠦ᠂ ᠡᠰᠡ ᠦᠢᠯᠡᠳᠬᠦᠢ᠂ ᠳᠤᠷ᠎ᠠ ᠪᠠᠷ ᠢᠶᠠᠨ ᠦᠢᠯᠡᠳᠬᠦᠢ᠂ ᠣᠨᠴᠠ ᠡᠷᠬᠡ ᠶᠠᠪᠤᠭᠤᠯᠵᠤ ᠰᠦᠷ ᠮᠠᠨᠳᠤᠭᠤᠯᠬᠤ ᠶᠢ ᠴᠢᠩᠭ᠎ᠠ ᠴᠠᠭᠠᠵᠠᠯᠠᠨ᠎ᠠ᠃ ᠣᠯᠠᠨ ᠲᠦᠮᠡᠨ ᠤ ᠠᠰᠢᠭ ᠲᠤᠰᠠ ᠶᠢ ᠬᠠᠶᠢᠬᠤᠷᠬᠤ ᠦᠭᠡᠶ᠂ ᠣᠯᠠᠨ ᠲᠦᠮᠡᠨ ᠳᠤ ᠳᠥᠭᠦᠮ ᠪᠦᠳᠦᠭᠦᠯᠢᠭ ᠢᠶᠠᠷ ᠬᠠᠨᠳᠤᠵᠤ᠂ ᠬᠠᠷᠢᠯᠴᠠᠨ ᠲᠦᠯᠬᠢᠯᠴᠡᠵᠦ᠂ ᠪᠣᠰᠣᠳ ᠤᠨ ᠡᠳ᠋ ᠶᠢ ᠠᠪᠴᠤ ᠵᠣᠷᠢᠭᠤᠳᠠ ᠪᠠᠷ ᠬᠠᠰᠢᠬᠤ ᠶᠢ ᠣᠭᠲᠣ ᠵᠥᠪᠰᠢᠶᠡᠷᠡᠬᠦ ᠦᠭᠡᠶ᠃       ᠠᠷᠪᠠ᠂ ᠴᠢᠮᠡᠭᠡ ᠰᠤᠷᠠᠭ ᠢ ᠬᠦᠭᠡᠭᠡᠴᠡᠯᠳᠦᠨ ᠨᠢᠭᠤᠴᠠ ᠶᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠨᠠᠮ ᠪᠠ ᠤᠯᠤᠰ ᠤᠨ ᠨᠢᠭᠤᠴᠠ᠂ ᠤᠯᠤᠰ ᠲᠦᠷᠤ ᠬᠠᠤᠯᠢ ᠴᠠᠭᠠᠵᠠ ᠶᠢᠨ ᠠᠵᠢᠯ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠠ ᠠᠷᠠᠳ ᠢᠷᠭᠡᠨ ᠤ ᠬᠤᠪᠢ ᠬᠥᠮᠦᠨ ᠤ ᠮᠡᠳᠡᠭᠡ ᠵᠠᠩᠭᠢ ᠶᠢ ᠶᠠᠮᠠᠷᠪᠠ ᠬᠡᠯᠪᠡᠷᠢ ᠪᠠᠷ ᠵᠠᠳᠠᠷᠠᠭᠤᠯᠬᠤ ᠶᠢ ᠤᠬᠳᠤ ᠵᠥᠪᠰᠢᠶᠡᠷᠡᠬᠦ ᠦᠭᠡᠢ᠃       ︽ᠠᠷᠪᠠ ᠶᠢ ᠴᠢᠩᠭ᠎ᠠ ᠴᠠᠭᠠᠵᠠᠯᠠᠬᠤ︾ ᠶᠢ ᠵᠥᠷᠢᠴᠡᠭᠰᠡᠨ ᠪᠦᠬᠦᠨ ᠢ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠰᠢᠢᠳᠪᠦᠷᠢᠯᠡᠨ᠎ᠡ᠃
ᠢᠷᠡᠯᠲᠡ᠄ ᠦᠪᠦᠷ ᠮᠤᠩᠭᠤᠯ ᠤᠨ ᠲᠤᠳᠤᠭᠠᠳᠦ ᠶᠢ ᠬᠠᠮᠠᠭᠠᠯᠠᠬᠤ ᠲᠢᠩᠬᠢᠮ