ᠳᠣᠲᠣᠭᠠᠳᠤ ᠶᠢ ᠬᠠᠮᠠᠭᠠᠯᠠᠬᠤ ᠶᠠᠮᠤᠨ᠄ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠦᠨ᠎ᠡ︕
ᠨᠡᠶᠢᠲᠡᠯᠡᠭᠰᠡᠨ ᠴᠠᠭ᠄
2022/3/8
     ᠳᠣᠲᠣᠭᠠᠳᠤ ᠶᠢ ᠬᠠᠮᠠᠭᠠᠯᠠᠬᠤ ᠶᠠᠮᠤᠨ 3 ᠳ᠋ᠤᠭᠠᠷ ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ 3 ᠰᠠᠷ᠎ᠠ ᠶᠢᠨ 2 ᠤᠨ ᠡᠳᠦᠷ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤ ᠶᠢᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠲᠥᠪ ᠬᠤᠷᠢᠶᠠᠨ ᠤ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠡᠷᠡᠰ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠠᠵᠢᠯ ᠢ ᠪᠠᠶᠢᠷᠢᠯᠠᠭᠤᠯᠪᠠ᠃      ᠳᠣᠲᠣᠭᠠᠳᠤ ᠶᠢ ᠬᠠᠮᠠᠭᠠᠯᠠᠬᠤ ᠶᠠᠮᠤᠨ ᠠᠴᠠ᠂ ᠣᠳᠣᠬᠠᠨ ᠤ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠢ ᠭᠦᠨᠵᠡᠭᠡᠶ ᠲᠠᠨᠢᠵᠤ᠂ ᠬᠦᠴᠦᠲᠡᠶ ᠴᠣᠬᠢᠯᠲᠠ ᠥᠭᠴᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤ ᠨᠢ ᠠᠪᠴᠤ᠂ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠪᠣᠯᠭᠠᠨ ᠠᠳᠬᠤᠵᠤ᠂ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠰᠢᠨ᠎ᠡ ᠥᠷᠨᠢᠯᠲᠡ ᠶᠢ ᠦᠳᠲᠡᠷ ᠲᠦᠷᠭᠡᠨ ᠪᠣᠢ ᠪᠣᠯᠭᠠᠵᠤ᠂ ᠮᠡᠬᠡᠯᠡᠨ ᠬᠤᠳᠠᠯᠳᠤᠭᠰᠠᠨ ᠬᠡᠷᠡᠭ ᠢ ᠲᠦᠷᠭᠡᠨ ᠲᠠᠩᠨᠠᠨ ᠲᠦᠷᠭᠡᠨ ᠢᠯᠡᠷᠡᠭᠦᠯᠵᠦ᠂ ᠮᠡᠬᠡᠯᠡᠨ ᠬᠤᠳᠠᠯᠳᠤᠭᠰᠠᠨ ᠳᠠᠷᠤᠭᠳᠠᠮᠠᠯ ᠬᠡᠷᠡᠭ ᠢ ᠪᠦᠬᠦ ᠬᠦᠴᠦᠨ ᠢᠶᠠᠷ ᠢᠶᠠᠨ ᠲᠠᠩᠨᠠᠨ ᠢᠯᠡᠷᠡᠭᠦᠯᠵᠦ᠂ ᠨᠢᠭᠡ ᠪᠦᠯᠦᠭ ᠮᠡᠬᠡᠯᠡᠨ ᠬᠤᠳᠠᠯᠳᠤᠭᠰᠠᠨ ᠶᠠᠯᠠᠲᠤ ᠡᠲᠡᠭᠡᠳ ᠢ ᠴᠢᠩᠭ᠎ᠠ ᠰᠢᠳᠬᠡᠵᠦ᠂ ᠨᠢᠭᠡ ᠪᠦᠯᠦᠭ ᠮᠡᠬᠡᠯᠡᠭᠳᠡᠭᠰᠡᠨ ᠡᠮᠡᠭᠲᠡᠶᠢᠴᠦᠳ ᠬᠡᠦᠬᠡᠳ ᠢ ᠠᠪᠤᠷᠠᠨ ᠭᠠᠷᠭᠠᠵᠤ᠂ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠶᠢᠨ ᠡᠭᠦᠰᠬᠦ ᠬᠥᠷᠥᠰᠥ ᠰᠢᠷᠣᠶ ᠶᠢ ᠡᠷᠡᠰ ᠠᠷᠢᠯᠭᠠᠵᠤ᠂ ᠰᠡᠷᠭᠡᠶᠢᠯᠡᠬᠦ᠂ ᠴᠣᠬᠢᠯᠲᠠ ᠥᠭᠬᠦ᠂ ᠠᠪᠤᠷᠠᠨ ᠲᠤᠰᠠᠯᠠᠬᠤ᠂ ᠲᠥᠪᠬᠢᠨᠡᠭᠦᠯᠬᠦ ᠶᠢ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭᠠᠷᠳᠠᠪᠠ᠃      ᠳᠣᠲᠣᠭᠠᠳᠤ ᠶᠢ ᠬᠠᠮᠠᠭᠠᠯᠠᠬᠤ ᠶᠠᠮᠤᠨ ᠠᠴᠠ᠂ ᠨᠢᠭᠡ ᠪᠦᠯᠦᠭ ᠰᠦᠪᠡᠭᠴᠢ ᠶᠢ ᠲᠥᠪᠯᠡᠷᠡᠭᠦᠯᠦᠨ ᠪᠠᠶᠢᠴᠠᠭᠠᠨ ᠵᠢᠭᠰᠠᠭᠠᠬᠤ ᠬᠡᠷᠡᠭᠲᠡᠶ᠂ ᠢᠯᠠᠩᠭᠤᠶ᠎ᠠ ᠢᠷᠡᠯᠲᠡ ᠨᠢ ᠲᠣᠳᠣᠷᠬᠠᠶ ᠥᠬᠡᠶ ᠲᠡᠨᠦᠭᠦᠯ ᠭᠤᠶᠢᠷᠠᠨᠴᠢ᠂ ᠣᠶᠤᠨ ᠤ ᠰᠠᠭᠠᠳ᠂ ᠮᠡᠳᠡᠷᠡᠯ ᠤᠨ ᠡᠪᠡᠳᠴᠢᠨ᠂ ᠳᠦᠯᠡᠶ ᠶᠠᠪᠠ ᠵᠡᠮᠳᠡᠭ ᠵᠡᠷᠭᠡ ᠡᠮᠡᠭᠲᠡᠶᠢᠴᠦᠳ ᠬᠡᠦᠬᠡᠳ ᠢ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠵᠤ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠦᠢ ᠲᠦᠮᠡᠨ ᠴᠠᠭᠳᠠᠭ᠎ᠠ ᠡᠷᠦᠬᠡ ᠳᠤ ᠣᠷᠣᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ᠂ ᠵᠡᠭᠡᠯᠢ ᠭᠤᠳᠤᠮᠵᠢ ᠪᠣᠯᠤᠨ ᠲᠣᠰᠬᠤᠨ ᠤ ᠳᠤᠭᠤᠶᠢᠯᠠᠩ ᠲᠠᠢ ᠬᠠᠮᠲᠤᠷᠠᠨ ᠣᠯᠠᠨ ᠲᠦᠮᠡᠨ ᠤ ᠬᠡᠷ ᠪᠦᠯᠢ ᠳᠤ ᠭᠦᠨᠵᠡᠭᠡᠶᠢᠷᠡᠵᠦ᠂ ᠠᠰᠠᠷᠠᠮᠵᠢ ᠶᠢᠨ ᠬᠦᠷᠢᠶᠡᠯᠡᠩ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠶᠢ ᠡᠷᠬᠢᠨ ᠦᠵᠡᠵᠦ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠲᠤ  ᠬᠠᠯᠳᠠᠭᠰᠠᠨ  ᠰᠦᠪᠡᠭᠴᠢ  ᠶᠢ  ᠪᠥᠬᠦ  ᠲᠠᠯ᠎ᠠ  ᠪᠠᠷ  ᠡᠮᠬᠢᠯᠡᠨ ᠪᠠᠶᠢᠴᠠᠭᠠᠵᠤ᠂ ᠮᠡᠬᠡᠯᠡᠭᠳᠡᠭᠰᠡᠨ ᠰᠡᠵᠢᠭᠯᠡᠯᠲᠡᠶ ᠬᠥᠮᠦᠰ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠰᠠᠷᠠᠮᠵᠢ ᠲᠤᠰᠠᠯᠠᠮᠵᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ᠂ ᠰᠤᠷᠪᠤᠯᠵᠢᠯᠠᠨ ᠲᠣᠬᠤᠨᠢᠭᠤᠯᠬᠤ ᠵᠡᠷᠭᠡ ᠠᠵᠢᠯ ᠤᠨ ᠳᠤᠮᠳᠠ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠶ ᠳᠤ ᠨᠢ ᠢᠯᠡᠷᠡᠭᠦᠯᠬᠦ ᠬᠡᠷᠡᠭᠲᠡᠶ᠃ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠮᠡᠬᠡᠯᠡᠨ ᠬᠤᠳᠠᠯᠳᠤᠬᠤ ᠳᠤ ᠬᠤᠯᠪᠣᠭᠳᠠᠭᠰᠠᠨ ᠰᠦᠪᠡᠭᠴᠢ ᠶᠢ ᠢᠯᠡᠴᠢᠯᠡᠨ ᠮᠡᠳᠡᠭᠦᠯᠬᠦ ᠬᠡᠷᠡᠭᠲᠡᠶ᠃ ᠮᠡᠬᠡᠯᠡᠭᠳᠡᠭᠰᠡᠨ ᠰᠡᠵᠢᠭᠯᠡᠯᠲᠡᠶ ᠬᠥᠮᠦᠰ ᠪᠠ ᠲᠥᠷᠥᠯ ᠰᠠᠳᠤᠨ ᠢᠶᠠᠨ ᠡᠷᠢᠬᠦ ᠬᠥᠮᠦᠰ ᠲᠤ ᠲᠡᠷᠡ ᠳᠠᠷᠤᠶ ᠳᠤ ᠨᠢ DNA ᠵᠡᠷᠭᠡ ᠮᠡᠳᠡᠭᠡ ᠵᠠᠩᠭᠢ ᠴᠤᠭᠯᠠᠭᠤᠯᠵᠤ᠂ ᠮᠡᠳᠡᠭᠡ ᠵᠠᠩᠭᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠲᠤᠰᠬᠠᠶ ᠠᠵᠢᠯᠯᠠᠭ᠎ᠠ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃      ᠳᠣᠲᠣᠭᠠᠳᠤ ᠶᠢ ᠬᠠᠮᠠᠭᠠᠯᠠᠬᠤ ᠶᠠᠮᠤᠨ ᠠᠴᠠ᠂ ᠵᠠᠮ ᠨᠡᠭᠡᠭᠡᠵᠦ᠂ ᠪᠦᠬᠦ ᠴᠠᠭᠳᠠᠭ᠎ᠠ ᠶᠢ ᠳᠠᠶᠢᠴᠢᠯᠠᠨ᠂ ᠨᠢᠭᠡ ᠪᠦᠯᠦᠭ ᠬᠡᠷᠡᠭ ᠢ ᠲᠥᠪᠯᠡᠷᠡᠭᠦᠯᠦᠨ ᠳᠡᠩᠨᠡᠨ ᠢᠯᠡᠷᠡᠭᠦᠯᠬᠦ ᠬᠡᠷᠡᠭᠲᠡᠶ᠃ ᠬᠡᠷᠡᠭ ᠢ ᠲᠦᠷᠭᠡᠨ ᠢᠯᠡᠷᠡᠭᠦᠯᠵᠦ᠂ ᠠᠯᠠᠭ᠎ᠠ ᠪᠣᠯᠤᠭᠰᠠᠨ ᠨᠠᠰᠤᠨ ᠳᠤ ᠦᠯᠦ ᠬᠦᠷᠦᠭᠰᠡᠳ᠂ ᠮᠡᠬᠡᠯᠡᠭᠳᠡᠨ ᠬᠤᠳᠠᠯᠳᠤᠭᠳᠠᠭᠰᠠᠨ ᠬᠤᠣᠷ ᠬᠥᠨᠥᠭᠡᠯ ᠳᠤ ᠤᠴᠠᠷᠠᠭᠰᠠᠨ ᠰᠡᠵᠢᠭᠯᠡᠯᠲᠡᠢ ᠡᠮᠡᠭᠲᠡᠶᠢᠴᠦᠳ ᠲᠤ ᠲᠦᠷᠭᠡᠨ ᠪᠠᠶᠢᠴᠠᠭᠠᠨ ᠡᠷᠢᠬᠦ ᠲᠣᠭᠲᠠᠴᠠ ᠶᠢ ᠳᠠᠷᠤᠢ ᠲᠦᠷᠭᠡᠨ ᠡᠬᠢᠯᠡᠭᠦᠯᠵᠦ᠂ ᠮᠡᠬᠡᠯᠡᠨ ᠬᠤᠳᠠᠯᠳᠤᠭᠰᠠᠨ ᠬᠡᠷᠡᠭ ᠢᠶᠠᠷ ᠨᠤᠲᠠᠯᠠᠭᠳᠠᠭᠰᠠᠨ ᠪᠠᠶᠢᠪᠠᠯ ︽ᠨᠢᠭᠡ ᠤᠷᠲᠤ ᠬᠤᠭᠤᠴᠠᠭ᠎ᠠ ᠭᠤᠷᠪᠠᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠡᠷᠡᠭ ᠢ ᠪᠦᠬᠦᠨ ᠢ ᠢᠯᠡᠷᠡᠭᠦᠯᠵᠦ᠂ ᠬᠡᠦᠬᠡᠳ ᠢ ᠬᠤᠯᠠᠭᠠᠶᠢᠯᠠᠨ ᠳᠡᠭᠡᠷᠡᠮᠳᠡᠭᠰᠡᠨ ᠬᠡᠷᠡᠭ ᠢ ᠵᠠᠪᠠᠯ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠳᠠᠷᠤᠭᠳᠠᠮᠠᠯ ᠬᠡᠷᠡᠭ ᠢ ᠤᠯᠠᠨ ᠢᠯᠡᠷᠡᠭᠦᠯᠵᠦ᠂ ᠬᠡᠦᠬᠡᠳ ᠢ ᠮᠡᠬᠡᠯᠡᠨ ᠬᠤᠳᠠᠯᠳᠤᠬᠤ ᠳᠠᠷᠤᠭᠳᠠᠮᠠᠯ ᠬᠡᠷᠡᠭ ᠢ ᠪᠠᠶᠢᠩᠭᠤ ᠳᠡᠩᠨᠡᠨ ᠢᠯᠡᠷᠡᠭᠦᠯᠬᠦ ᠶᠢᠨ ᠬᠠᠮᠲᠤ ᠡᠮᠡᠭᠲᠡᠶᠢᠴᠦᠳ ᠢ ᠮᠡᠬᠡᠯᠡᠨ ᠬᠤᠳᠠᠯᠳᠤᠬᠤ ᠳᠠᠷᠤᠭᠳᠠᠮᠠᠯ ᠬᠡᠷᠡᠭ ᠢ ᠭᠤᠣᠯᠳᠠᠯᠭ᠎ᠠ ᠲᠠᠢ ᠪᠠᠷ ᠰᠢᠪᠲᠤᠯᠵᠤ᠂ ᠪᠦᠬᠦ ᠬᠦᠴᠦᠨ ᠢᠶᠠᠷ ᠵᠣᠬᠢᠶᠠᠨ ᠪᠠᠶᠢᠭᠤᠯᠤᠨ ᠪᠣᠭᠤᠮᠲᠠ ᠰᠢᠪᠲᠤᠯᠬᠤ ᠬᠡᠷᠡᠭᠲᠡᠢ᠃ ᠶᠡᠭᠡ ᠬᠡᠷᠡᠭ ᠢ ᠰᠢᠪᠠᠳᠠᠨ ᠰᠢᠢᠳᠪᠦᠷᠢᠯᠡᠭᠦᠯᠬᠦ ᠬᠡᠷᠡᠭᠲᠡᠢ᠂ ᠳᠣᠲᠣᠭᠠᠳᠤ ᠶᠢ ᠬᠠᠮᠠᠭᠠᠯᠠᠬᠤ ᠶᠠᠮᠤᠨ ᠨᠢᠭᠡ ᠪᠦᠯᠦᠭ ᠤᠳᠠᠲᠠᠯ᠎ᠠ ᠢᠯᠡᠷᠡᠭᠦᠯᠦᠭᠡᠳᠦᠢ᠂ ᠨᠥᠯᠥᠭᠡ ᠮᠠᠭᠤᠲᠠᠢ ᠬᠦᠨᠳᠦ ᠶᠡᠭᠡ ᠬᠡᠷᠡᠭ ᠢ ᠫᠠᠶᠢᠰᠠ ᠡᠯᠭᠦᠨ ᠰᠢᠪᠠᠳᠠᠨ ᠰᠢᠢᠳᠪᠦᠷᠢᠯᠡᠭᠦᠯᠬᠦ ᠬᠡᠷᠡᠭᠲᠡᠢ᠃ ᠣᠷᠭᠤᠳᠤᠤᠯ ᠬᠡᠷᠡᠭᠲᠡᠨ ᠢ ᠨᠡᠬᠡᠮᠵᠢᠯᠡᠨ ᠪᠠᠷᠢᠪᠴᠢᠯᠠᠵᠤ᠂ ᠨᠡᠬᠡᠮᠵᠢᠯᠡᠨ ᠪᠠᠷᠢᠪᠴᠢᠯᠠᠬᠤ ᠵᠠᠷᠯᠠᠯ ᠢ ᠲᠥᠪᠯᠡᠷᠡᠭᠦᠯᠦᠨ ᠨᠡᠶᠢᠲᠡᠯᠡᠵᠦ᠂ ᠨᠡᠬᠡᠮᠵᠢᠯᠡᠨ ᠪᠠᠷᠢᠪᠴᠢᠯᠠᠬᠤ ᠶᠢ ᠪᠥᠬᠦ ᠬᠦᠴᠦᠨ ᠢᠶᠠᠷ ᠥᠷᠨᠢᠭᠦᠯᠦᠨ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ ᠲᠠᠢ ᠬᠠᠮᠲᠤᠷᠠᠨ ᠵᠠᠷᠯᠠᠯ ᠨᠡᠶᠢᠲᠡᠯᠡᠵᠦ᠂ ᠶᠠᠯ᠎ᠠ ᠬᠢᠭᠰᠡᠨ ᠰᠡᠵᠢᠭᠳᠡᠨ ᠢ ᠮᠡᠬᠡᠯᠡᠨ ᠬᠤᠳᠠᠯᠳᠤᠵᠤ ᠬᠡᠷᠡᠭ ᠢᠶᠠᠨ ᠮᠡᠳᠡᠷᠡᠵᠦ ᠪᠡᠶ᠎ᠡ ᠪᠠᠨ ᠲᠤᠰᠢᠶᠠᠬᠤ ᠶᠢ ᠰᠢᠪᠠᠳᠠᠬᠤ ᠬᠡᠷᠡᠭᠲᠡᠶ᠃ ᠡᠷᠡᠭᠦᠦ ᠶᠢᠨ ᠬᠡᠷᠡᠭ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠠᠶᠢᠭᠠᠳ ᠬᠠᠮᠲᠤᠷᠠᠭᠰᠠᠨ ᠳᠠᠶᠢᠯᠠᠯᠳᠤᠭᠠᠨ ᠢ ᠥᠷᠨᠢᠭᠦᠯᠵᠦ᠂ ᠨᠢᠭᠡ ᠪᠦᠯᠦᠭ ᠮᠡᠬᠡᠯᠡᠭᠳᠡᠨ ᠬᠤᠳᠠᠯᠳᠤᠭᠳᠠᠭᠰᠠᠨ ᠡᠮᠡᠭᠲᠡᠶᠢᠴᠦᠳ ᠬᠡᠦᠬᠡᠳ ᠢ ᠲᠥᠪᠯᠡᠷᠡᠭᠦᠯᠦᠨ ᠡᠷᠢᠵᠦ ᠠᠪᠤᠷᠠᠬᠤ ᠬᠡᠷᠡᠭᠲᠡᠢ᠃ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠡᠬᠡᠯᠡᠭᠳᠡᠨ ᠬᠤᠳᠠᠯᠳᠤᠭᠳᠠᠭᠰᠠᠨ ᠡᠮᠡᠭᠲᠡᠶᠢᠴᠦᠳ ᠬᠡᠦᠬᠡᠳ ᠢ  ᠡᠷᠡᠭᠦᠯᠵᠢᠭᠦᠯᠦᠨ  ᠲᠥᠪᠬᠢᠨᠡᠭᠦᠯᠬᠦ  ᠂  ᠬᠠᠯᠠᠮᠵᠢᠯᠠᠨ  ᠬᠠᠶᠢᠷᠠᠯᠠᠵᠤ  ᠬᠠᠪᠰᠤᠷᠤᠨ ᠲᠡᠳᠬᠦᠬᠦ᠂ ᠬᠤᠪᠢ ᠶᠢᠨ ᠨᠢᠭᠤᠴᠠ ᠶᠢ ᠨᠢ ᠬᠠᠮᠠᠭᠠᠯᠠᠬᠤ ᠪᠠᠨ ᠴᠢᠩᠭᠠᠳᠬᠠᠵᠤ᠂ ᠲᠡᠳᠡᠨ ᠢ ᠬᠠᠪᠰᠤᠷᠤᠨ ᠭᠡᠷ ᠪᠦᠯᠢ ᠳᠤ ᠨᠢ ᠤᠷᠤᠭᠰᠢᠲᠠᠶ ᠡᠭᠡᠭᠦᠯᠵᠦ᠂ ᠨᠡᠶᠢᠭᠡᠮ ᠳᠤ ᠠᠭᠤᠰᠤᠯᠴᠠᠭᠤᠯᠬᠤ ᠬᠡᠷᠡᠭᠲᠡᠶ ᠭᠡᠵᠦ ᠱᠠᠭᠠᠷᠳᠠᠪᠠ᠃      ᠳᠣᠲᠣᠭᠠᠳᠤ ᠶᠢ ᠬᠠᠮᠠᠭᠠᠯᠠᠬᠤ ᠶᠠᠮᠤᠨ ᠠᠴᠠ᠂ ᠵᠣᠬᠢᠶᠠᠨ ᠪᠠᠶᠢᠭᠤᠯᠵᠤ ᠤᠳᠤᠷᠢᠳᠬᠤ  ᠪᠠᠨ  ᠴᠢᠩᠭᠠᠳᠬᠠᠵᠤ  ᠂  ᠬᠠᠮᠵᠢᠯᠴᠠᠨ  ᠬᠠᠮᠲᠤᠷᠠᠯᠴᠠᠬᠤ  ᠪᠠᠨ ᠴᠢᠩᠭᠠᠳᠬᠠᠵᠤ᠂ ᠠᠵᠢᠯ ᠤᠨ ᠪᠦᠬᠦ ᠬᠦᠴᠦᠨ ᠢ ᠪᠦᠷᠢᠯᠳᠦᠭᠦᠯᠵᠦ᠂ ᠲᠤᠰᠬᠠᠢ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠶᠢᠨ ᠡᠭᠦᠰᠦᠨ ᠳᠡᠯᠭᠡᠷᠡᠬᠦ ᠬᠥᠷᠥᠰᠥ ᠰᠢᠷᠣᠢ ᠶᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠢ᠃ ᠤᠬᠠᠭᠤᠯᠤᠨ ᠳᠠᠶᠢᠴᠢᠯᠠᠬᠤ ᠪᠠᠨ ᠴᠢᠩᠭᠠᠳᠬᠠᠵᠤ᠂ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠤᠬᠠᠭᠤᠯᠭ᠎ᠠ ᠶᠢ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠭᠡᠷ ᠪᠦᠯᠢ ᠳᠤ ᠣᠷᠣᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠠᠷᠠᠳ ᠤᠨ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠮᠤᠷ ᠲᠦᠪᠰᠢᠨ ᠤ ᠦᠵᠡᠯ ᠤᠬᠠᠮᠰᠠᠷ ᠢ ᠦᠨᠡᠨ ᠬᠦ ᠨᠡᠮᠡᠭᠳᠡᠭᠦᠯᠵᠦ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠮᠡᠬᠡᠯᠡᠨ ᠬᠤᠳᠠᠯᠳᠤᠬᠤ ᠳᠤ ᠬᠤᠤᠷ  ᠠᠮᠰᠠᠭᠴᠢ  ᠶᠢ  ᠠᠪᠤᠷᠠᠨ  ᠲᠤᠰᠠᠯᠠᠬᠤ ᠂ ᠲᠥᠪᠬᠢᠨᠡᠭᠦᠯᠬᠦ᠂ ᠬᠠᠯᠠᠮᠵᠢᠯᠠᠨ ᠬᠠᠶᠢᠷᠠᠯᠠᠬᠤ ᠵᠡᠷᠭᠡ ᠠᠵᠢᠯ ᠤᠨ ᠱᠠᠭᠠᠷᠳᠠᠯᠭ᠎ᠠ ᠳᠤᠷᠠᠳᠪᠠ᠃      ᠳᠣᠲᠣᠭᠠᠳᠤ ᠶᠢ ᠬᠠᠮᠠᠭᠠᠯᠠᠬᠤ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠣᠶᠢᠷ᠎ᠠ ᠶᠢᠨ ᠵᠢᠯ ᠳᠤ᠂ ᠳᠣᠲᠣᠭᠠᠳᠤ ᠶᠢ ᠬᠠᠮᠠᠭᠠᠯᠠᠬᠤ ᠶᠠᠮᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠶᠠᠮᠤᠨ ᠤ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠪᠠ᠃ 2021 ᠣᠨ ᠳᠤ᠂ ᠪᠥᠬᠦ ᠤᠯᠤᠰ ᠤᠨ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠭᠰᠠᠨ ᠬᠡᠷᠡᠭ ᠢ 2013 ᠣᠨ ᠤ ᠬᠢ ᠲᠠᠢ ᠬᠠᠷᠢᠴᠠᠭᠤᠯᠪᠠᠯ᠂ ᠪᠠᠭᠤᠷᠠᠯᠲᠠ ᠶᠢᠨ ᠬᠡᠮᠵᠢᠶ᠎ᠡ ᠨᠢ 88 . 3 % ᠳᠤ ᠬᠦᠷᠴᠡᠶ᠂ ᠡᠭᠦᠨ ᠳᠤ ᠣᠯᠠᠨ ᠲᠦᠮᠡᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠬᠡᠦᠬᠡᠳ ᠬᠤᠯᠠᠭᠠᠶᠢᠯᠠᠭᠰᠠᠨ ᠬᠡᠷᠡᠭ ᠢ ᠣᠳᠣᠬᠠᠨ ᠳᠤ ᠬᠡᠷᠡᠭ ᠪᠣᠯᠭᠠᠨ ᠳᠠᠩᠰᠠᠯᠠᠭᠰᠠᠨ ᠲᠤᠭ᠎ᠠ ᠨᠢ 20 ᠬᠥᠷᠬᠦ ᠥᠬᠡᠶ᠃ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠶᠢᠨ ᠣᠷᠭᠢᠯ ᠤᠨ ᠬᠤᠭᠤᠴᠠᠭ᠎ᠠ ᠨᠢ ᠳᠡᠭᠡᠷ᠎ᠡ ᠵᠠᠭᠤᠨ ᠤ ᠨᠠᠶᠠ ᠶᠡᠷᠡᠭᠡᠳ ᠣᠨ ᠳᠤ ᠲᠥᠪᠯᠡᠷᠡᠵᠦ᠂ ᠣᠯᠠᠨ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠣᠳᠣᠬᠠᠨ ᠳᠤ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠡᠭᠦᠰᠬᠦ ᠬᠥᠷᠥᠰᠥ ᠰᠢᠷᠣᠶ ᠶᠢ ᠬᠠᠷᠠᠬᠠᠨ ᠪᠦᠷᠢᠮᠦᠰᠦᠨ ᠠᠷᠢᠯᠭᠠᠭᠠᠳᠤᠶ᠂ ᠪᠠᠰᠠ ᠨᠢᠭᠡ ᠪᠦᠯᠦᠭ ᠳᠠᠷᠤᠭᠳᠠᠮᠠᠯ ᠬᠡᠷᠡᠭ ᠢ ᠲᠠᠩᠨᠠᠨ ᠢᠯᠡᠷᠡᠭᠦᠯᠦᠭᠡᠳᠦᠶ᠂ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠶᠢᠨ ᠪᠠᠶᠢᠳᠠᠯ ᠮᠥᠨ ᠬᠦ ᠲᠡᠶᠢᠮᠦ ᠰᠠᠶᠢᠨ ᠪᠢᠰᠢ ᠪᠠᠶᠢᠵᠤ᠂ ᠰᠡᠷᠭᠡᠶᠢᠯᠡᠬᠦ᠂ ᠢᠯᠡᠷᠡᠭᠦᠯᠬᠦ᠂ ᠴᠣᠬᠢᠯᠲᠠ ᠥᠭᠬᠦ᠂ ᠠᠪᠤᠷᠠᠬᠤ᠂ ᠲᠥᠪᠬᠢᠨᠡᠭᠦᠯᠬᠦ ᠵᠡᠷᠭᠡ ᠠᠵᠢᠯ ᠤᠨ ᠲᠣᠭᠲᠠᠴᠠ ᠬᠠᠷᠠᠬᠠᠨ ᠲᠡᠭᠦᠯᠳᠡᠷᠵᠢᠭᠡᠳᠦᠶ᠂ ᠴᠣᠬᠢᠯᠲᠠ ᠥᠭᠴᠦ ᠵᠠᠰᠠᠬᠤ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠳᠣᠲᠣᠭᠠᠳᠤ ᠶᠢ ᠬᠠᠮᠠᠭᠠᠯᠠᠬᠤ ᠶᠠᠮᠤᠨ ᠨᠢᠭᠡᠨᠲᠡ ᠡᠮᠡᠭᠲᠡᠶᠢᠴᠦᠳ ᠬᠡᠦᠬᠡᠳ ᠢ ᠮᠡᠬᠡᠯᠡᠨ ᠬᠤᠳᠠᠯᠳᠤᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠲᠦᠷᠦᠭᠦᠯᠡᠨ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠤᠰᠬᠠᠢ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠠᠵᠢᠯᠯᠠᠭ᠎ᠠ ᠶᠢᠨ ᠨᠡᠷ᠎ᠡ ᠬᠦᠨᠳᠦ ᠲᠠᠢ᠂ ᠪᠣᠳᠠᠲᠤ ᠦᠷ᠎ᠡ ᠪᠦᠲᠦᠮᠵᠢᠲᠡᠢ ᠪᠠᠶᠢᠬᠤ ᠶᠢ ᠪᠠᠲᠤᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠨ᠎ᠠ᠃ 
ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ