ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭᠠᠨ ᠤ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠤᠯᠲᠠ ᠪᠠᠷ ᠪᠥᠬᠦ ᠬᠤᠲᠠ  ᠶᠢᠨ  ᠳᠣᠲᠣᠭᠠᠳᠤ  ᠶᠢ  ᠬᠠᠮᠠᠭᠠᠯᠠᠬᠤ  ᠪᠠᠶᠢᠭᠤᠯᠭ᠎ᠠ  ᠶᠢᠨ ︽ᠭᠠᠷᠠᠭ ᠤᠨ ᠰᠡᠭᠦᠯᠴᠢ ᠶᠢᠨ ᠬᠢᠴᠢᠶᠡᠯ ᠤᠨ ᠲᠠᠩᠬᠢᠮ︾ ᠤᠨ ᠠᠩᠬᠠᠨ ᠤ ᠬᠢᠴᠢᠶᠡᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2022/4/28
      4 ᠰᠠᠷ᠎ᠠ ᠶᠢᠨ 8 ᠤ ᠦᠳᠡ ᠶᠢᠨ ᠬᠤᠶᠢᠨ᠎ᠠ᠂ ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠦᠬᠦ ᠤᠯᠤᠰ ᠤᠨ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠲᠠᠶᠢᠯᠪᠤᠷᠢᠯᠠᠬᠤ ᠤᠯᠤᠰ ᠲᠦᠷᠦ ᠶᠢᠨ ᠡᠭᠡᠯᠵᠢᠯᠡᠨ ᠪᠣᠯᠪᠠᠰᠤᠷᠠᠯ ᠵᠢᠴᠢ ︽ᠭᠠᠷᠠᠭ ᠤᠨ ᠰᠡᠭᠦᠯᠴᠢ ᠶᠢᠨ ᠬᠢᠴᠢᠶᠡᠯ ᠤᠨ ᠲᠠᠩᠬᠢᠮ︾ ᠠᠩᠬ᠎ᠠ ᠡᠬᠢᠯᠡᠵᠦ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠦᠨᠡᠨᠴᠢ ᠰᠢᠳᠤᠷᠭᠤ ᠪᠠᠷ ᠠᠮᠤᠷ ᠠᠮᠤᠭᠤᠯᠠᠩ ᠢ ᠬᠠᠮᠠᠭᠠᠯᠠᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠬᠤᠳᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠨᠡᠷᠡᠳᠦ ᠪᠠᠭᠰᠢ ᠳᠡᠳ᠋ ᠫᠷᠣᠹᠧᠰᠰᠣᠷ ᠵᠠᠩ ᠢ ᠶᠢ ᠲᠤᠰᠬᠠᠶᠢᠯᠠᠨ ᠤᠷᠢᠵᠤ ᠪᠦᠬᠦ ᠤᠯᠤᠰ ᠤᠨ ︽ᠬᠤᠶᠠᠷ ᠬᠤᠷᠠᠯ︾  ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠠᠶᠢᠯᠪᠤᠷᠢᠯᠠᠵᠤ᠂ ᠪᠦᠬᠦ ᠬᠤᠳᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠤᠯᠤᠰ ᠲᠦᠷᠦ ᠤᠨᠤᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠲᠡᠭᠡᠭᠰᠢᠯᠡᠭᠦᠯᠪᠡ᠃
2.jpg
     ᠳᠡᠳ᠋ ᠫᠷᠣᠹᠧᠰᠰᠣᠷ ᠵᠠᠩ ᠢ ︽ᠡᠷᠴᠢ ᠵᠣᠷᠢᠭ ᠢᠶᠠᠨ ᠬᠥᠪᠴᠢᠯᠡᠨ ᠰᠢᠨ᠎ᠡ ᠪᠠᠶᠢᠳᠠᠯ ᠢ ᠨᠡᠭᠡᠭᠡᠵᠦ᠂ ᠲᠣᠭᠲᠠᠭᠤᠨ ᠤ ᠳᠤᠮᠳᠠ ᠤᠷᠤᠭᠰᠢᠯᠠᠨ ᠰᠢᠨ᠎ᠡ ᠬᠠᠭᠤᠳᠠᠰᠤ ᠶᠢ   ᠪᠢᠴᠢᠭᠯᠡᠶ᠎ᠡ︱ 2022 ᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ︾ ᠭᠡᠬᠦ ᠰᠡᠳᠦᠪ ᠢᠶᠠᠷ ︽ᠲᠠᠪᠤᠨ ᠵᠠᠪᠠᠯ ᠶᠠᠪᠤᠬᠤ ᠵᠠᠮ︾ ︽ᠲᠠᠪᠤᠨ ᠠᠰᠢᠭᠲᠠᠢ ᠨᠥᠬᠦᠴᠡᠯ︾ ᠤᠨ ᠲᠣᠭᠤᠷᠢᠨ ᠳᠤ ︽ᠶᠡᠷᠦᠩᠬᠡᠢ ᠱᠦᠵᠢ ᠰᠢ ᠶᠢᠨ ᠫᠢᠩ ᠶᠠᠭᠤ ᠭᠡᠵᠦ ᠬᠡᠯᠡᠭᠰᠡᠨ ᠪᠤᠶ︾ ᠭᠡᠳᠡᠭ ᠢ ᠭᠦᠨᠵᠡᠭᠡᠢ ᠲᠠᠶᠢᠯᠪᠤᠷᠢᠯᠠᠵᠤ᠂ 2021 ᠣᠨ ᠤ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢ ᠡᠷᠭᠢᠴᠡᠭᠦᠯᠬᠦ ᠪᠠ 2022 ᠣᠨ ᠤ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠣᠳᠣᠷᠬᠠᠶᠢᠯᠠᠨ ᠥᠭᠦᠯᠡᠬᠦ ᠲᠠᠢ ᠤᠶᠠᠯᠳᠤᠭᠤᠯᠤᠨ ︽ᠪᠦᠷᠢᠳᠬᠡᠯ ᠤᠨ ᠲᠤᠭ᠎ᠠ ᠪᠠᠷᠢᠮᠲᠠ ᠶᠢ ᠬᠡᠷᠬᠢᠨ ᠦᠵᠡᠬᠦ ᠪᠤᠢ︾ ᠭᠡᠳᠡᠭ ᠢ ᠭᠦᠨᠵᠡᠭᠡᠢ  ᠲᠠᠶᠢᠯᠠᠪᠦᠷᠢᠯᠡᠨ᠂ ᠮᠠᠨ ᠤ ᠤᠯᠤᠰ ᠤᠨ ᠣᠳᠣᠬᠠᠨ ᠤ ᠠᠵᠤ ᠠᠬᠤᠢ ᠶᠢᠨ ᠪᠠᠶᠢᠳᠠᠯ᠂ ᠬᠠᠷᠠᠯᠲᠠ ᠡᠭᠦᠷᠭᠡ᠂ ᠲᠦᠷᠦ ᠶᠢᠨ ᠪᠣᠳᠣᠯᠭ᠎ᠠ ᠶᠢᠨ ᠬᠠᠨᠳᠤᠰᠢ ᠶᠢ ᠨᠠᠷᠢᠨ ᠨᠢᠭᠲᠠ ᠵᠠᠳᠠᠯᠬᠤ ᠲᠠᠢ ᠤᠶᠠᠯᠳᠤᠭᠤᠯᠤᠨ ︽ᠠᠵᠤ ᠠᠬᠤᠢ ᠶᠢ ᠶᠠᠭᠠᠬᠢᠵᠤ ᠬᠥᠭᠵᠢᠭᠦᠯᠬᠦ ᠪᠤᠢ︾ ᠭᠡᠳᠡᠭ ᠢ ᠭᠦᠨᠵᠡᠭᠡᠢ ᠲᠠᠶᠢᠯᠪᠤᠷᠢᠯᠠᠵᠤ᠂ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠲᠠᠢ ᠤᠶᠠᠯᠳᠤᠭᠤᠯᠤᠨ ︽ᠠᠷᠠᠳ ᠤᠨ ᠠᠮᠢᠳᠤᠷᠠᠯ ᠢ ᠪᠠᠲᠤᠯᠠᠬᠤ ᠳᠤ ᠬᠡᠷᠬᠢᠨ ᠬᠢᠬᠦ ᠪᠤᠢ︾ ᠭᠡᠳᠡᠭ ᠢ ᠭᠦᠨᠵᠡᠭᠡᠢ ᠲᠠᠶᠢᠯᠪᠤᠷᠢᠯᠠᠵᠠᠢ᠃ ᠳᠡᠳ᠋ ᠫᠷᠤᠹᠧᠰᠰᠤᠷ ᠵᠠᠩ ᠢ ᠨᠠᠷᠢᠨ ᠲᠣᠳᠣᠷᠬᠠᠢ ᠥᠭᠦᠯᠡᠯᠲᠡ᠂ ᠨᠠᠷᠢᠨ ᠨᠢᠮᠪᠠᠢ ᠲᠤᠰᠬᠠᠢ ᠮᠡᠷᠭᠡᠵᠢᠯ ᠤᠨ ᠮᠡᠳᠡᠯᠭᠡ ᠪᠠᠷ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠵᠤ᠂ ᠪᠥᠬᠦ ᠬᠤᠲᠠ ᠶᠢᠨ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ᠂ ᠣᠨᠣᠪᠴᠢᠲᠠᠶ ᠡᠵᠡᠮᠳᠡᠬᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠲᠥᠯᠥᠪᠵᠢᠭᠦᠯᠬᠦ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ᠂ ᠨᠠᠩ ᠥᠨᠳᠥᠷ ᠬᠢᠷᠢ ᠲᠦᠪᠰᠢᠨ ᠪᠦᠬᠦᠢ ᠠᠮᠤᠷ ᠠᠮᠤᠭᠤᠯᠠᠩ ᠦᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃
4.jpg
     ᠬᠤᠷᠠᠯ ᠠᠴᠠ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠶᠢᠰᠢᠳᠠ ᠶᠢᠨ ᠰᠤᠷᠤᠯᠴᠠᠨ ᠲᠤᠭᠤᠰᠢᠯᠠᠭᠤᠯᠬᠤ ᠶᠠᠪᠤᠴᠠ ᠳᠤ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠵᠡᠯ ᠰᠠᠨᠠᠭᠠᠨ ᠤ ᠠᠤᠭ᠎ᠠ ᠬᠦᠴᠦᠨ ᠢ ᠦᠢᠯᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ  ᠶᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ︽ᠲᠠᠪᠤᠨ ᠵᠠᠪᠠᠯ ᠶᠠᠪᠤᠬᠤ ᠵᠠᠮ︾᠂ ︽ᠲᠠᠪᠤᠨ ᠠᠰᠢᠭᠲᠠᠢ ᠨᠥᠬᠦᠴᠡᠯ︾᠂ ︽ᠨᠠᠢᠮᠠ ᠶᠢ ᠪᠠᠷᠢᠮᠲᠠᠯᠠᠬᠤ︾ ᠶᠢᠨ ᠪᠠᠶᠠᠯᠢᠭ ᠠᠭᠤᠯᠬᠤᠨ ᠢ ᠭᠦᠨᠵᠡᠭᠡᠢ ᠦᠢᠯᠠᠭᠠᠨ᠂ 2022 ᠣᠨ ᠤ ᠵᠠᠰᠠᠭ ᠤᠨ ᠣᠷᠳᠣᠨ ᠤ ᠠᠵᠢᠯ ᠤᠨ ᠶᠢᠰᠦᠨ ᠶᠡᠭᠡ ᠡᠭᠦᠷᠭᠡ ᠶᠢ ᠭᠦᠨᠵᠡᠭᠡᠢ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠪᠠᠷ ᠭᠤᠣᠯ ᠰᠢᠵᠢᠮ ᠪᠣᠯᠭᠠᠨ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠠᠮᠤᠷ ᠠᠮᠤᠭᠤᠯᠠᠩ ᠢ ᠦᠨᠡᠨᠴᠢ ᠪᠠᠷ ᠬᠠᠮᠠᠭᠠᠯᠠᠬᠤ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠠ  ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠦᠨ᠂ ᠳᠣᠲᠣᠭᠠᠳᠤ ᠶᠢᠨ ᠬᠠᠮᠢᠶᠠᠷᠤᠯᠲᠠ ᠶᠢᠨ ᠶᠡᠭᠡ ᠪᠠᠶᠢᠴᠠᠭᠠᠯᠲᠠ᠂ ᠶᠡᠭᠡ ᠴᠡᠭᠴᠡᠯᠡᠯᠲᠡ ᠶᠢᠨ ᠲᠤᠰᠬᠠᠢ ᠲᠦᠷᠦᠯ ᠤᠨ ᠠᠵᠢᠯ ᠪᠠ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠶᠠᠷᠢᠯᠴᠠᠭᠠᠨ ᠤ ᠠᠵᠢᠯᠯᠠᠭ᠎ᠠ ᠵᠡᠷᠭᠡ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠨᠠᠷᠢᠯᠢᠭ ᠠᠴᠠ ᠨᠠᠷᠢᠯᠢᠭ︾ ᠠᠵᠢᠯ ᠤᠨ ᠰᠤᠷᠲᠠᠯ ᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠳᠣᠲᠣᠭᠠᠳᠤ ᠶᠢ ᠬᠠᠮᠠᠭᠠᠯᠠᠬᠤ ᠠᠵᠢᠯ ᠤᠨ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠬᠤ ᠬᠡᠷᠡᠭᠲᠡᠢ ᠭᠡᠵᠦ ᠱᠠᠭᠠᠷᠳᠠᠪᠠ᠃
5.jpg
     ᠣᠳᠣᠬᠠᠨ ᠳᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ ᠪᠠᠶᠢᠨ᠎ᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ