ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠪᠦᠷᠢᠶ᠎ᠡ ᠮᠠᠩᠬᠠᠨ ᠤ ᠵᠢᠷᠤᠮ ᠤᠨ ᠴᠠᠭᠳᠠᠭ᠎ᠠ︾ ᠶᠢᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠴᠠᠭᠳᠠᠭ᠎ᠠ ᠠᠵᠤ ᠠᠬᠤᠶᠢᠯᠠᠯ ᠬᠤᠯᠪᠣᠭᠠᠯᠠᠨ ᠰᠡᠷᠭᠡᠶᠢᠯᠡᠬᠦ ᠰᠢᠨ᠎ᠡ ᠵᠠᠭᠪᠤᠷ ᠢ ᠪᠣᠶ ᠪᠣᠯᠭᠠᠵᠤ ᠦᠵᠡᠮᠵᠢ ᠶᠢᠨ ᠣᠷᠣᠨ ᠤ ᠡᠵᠡᠩᠨᠡᠯᠲᠡ ᠶᠢᠨ ︽ᠠᠮᠤᠷ ᠲᠦᠪᠰᠢᠨ ᠤ ᠪᠠᠮᠪᠠᠶ︾ ᠶᠢ ᠰᠢᠯᠢᠳᠡᠭᠵᠢᠭᠦᠯᠦᠨ ᠪᠠᠬᠢᠵᠢᠭᠦᠯᠪᠡ
ᠨᠡᠶᠢᠲᠡᠯᠡᠭᠰᠡᠨ ᠴᠠᠭ᠄
2022/4/6
      ︽ᠲᠠ ᠨᠠᠷ ᠵᠤᠭᠠᠴᠠᠭᠰᠠᠳ ᠤᠨ ᠪᠤᠳᠤᠵᠦ ᠪᠠᠶᠢᠭ᠎ᠠ ᠵᠦᠢᠯ ᠢ ᠪᠤᠳᠤᠵᠤ᠂ ᠵᠤᠭᠠᠴᠠᠭᠰᠠᠳ ᠤᠨ ᠶᠠᠭᠠᠷᠠᠵᠤ ᠪᠠᠶᠢᠭ᠎ᠠ ᠵᠦᠢᠯ ᠳᠤ ᠶᠠᠭᠠᠷᠠᠵᠤ᠂ ᠠᠵᠢᠯ ᠳᠤ ᠪᠠᠨ ᠬᠠᠯᠠᠭᠤᠮᠰᠤᠭ᠂ ᠦᠢᠯᠡᠴᠢᠯᠡᠭᠡ ᠳᠤ ᠪᠠᠨ ᠪᠦᠷᠢᠨ ᠭᠦᠢᠴᠡᠳ᠂ ᠡᠨᠡ ᠬᠦ ᠡᠩᠨᠡᠭᠡ ᠲᠠᠢ ᠪᠣᠯᠤᠭᠰᠠᠨ ᠠᠴᠠ ᠵᠤᠭᠠᠴᠠᠭᠰᠠᠳ ᠠᠵᠠ ᠵᠠᠪᠰᠢᠶᠠᠨ ᠢᠶᠠᠷ ᠲᠠ ᠨᠠᠷ ᠲᠤ ᠬᠦᠨᠳᠦᠳᠬᠡᠯ ᠳᠡᠪᠰᠢᠭᠦᠯᠵᠦ ᠪᠠᠶᠢᠨ᠎ᠠ︾᠃ ᠡᠨᠡ ᠪᠣᠯ ᠳᠠᠯᠠᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠦᠷᠢᠶ᠎ᠡ ᠮᠠᠩᠬᠠᠨ ᠤ ᠵᠢᠷᠤᠮ ᠤᠨ ᠴᠠᠭᠳᠠᠭ᠎ᠠ ᠨᠢᠭᠡ ᠵᠢᠭᠤᠯᠴᠢᠯᠠᠭᠴᠢ ᠳᠤ ᠭᠡᠭᠡᠭᠰᠡᠨ ᠭᠠᠷ ᠤᠲᠠᠰᠤ ᠶᠢ ᠨᠢ ᠡᠷᠢᠵᠦ ᠥᠭᠭᠦᠭᠰᠡᠨ ᠤ ᠳᠠᠷᠠᠭ᠎ᠠ᠂ ᠵᠢᠭᠤᠯᠴᠢᠯᠠᠭᠴᠢ ᠶᠢᠨ ᠢᠷᠡᠭᠦᠯᠦᠭᠰᠡᠨ ᠲᠠᠯᠠᠷᠬᠠᠯ ᠤᠨ ᠴᠢᠮᠡᠭᠡ ᠪᠣᠯᠤᠨ᠎ᠠ᠃  
20220322090926.jpg    
      ᠣᠶᠢᠷ᠎ᠠ ᠶᠢᠨ ᠬᠤᠭᠤᠴᠠᠭᠠᠨ ᠳᠤ ᠨᠢᠭᠡᠨ ᠵᠤᠭᠠᠴᠠᠭᠴᠢ ᠵᠤᠭᠠᠴᠠᠨ ᠨᠠᠭᠠᠳᠬᠤ ᠶᠠᠪᠤᠴᠠ ᠳᠤ ᠪᠠᠨ ᠭᠠᠷ ᠤᠲᠠᠰᠤ ᠪᠠᠨ ᠭᠡᠭᠡᠪᠡ᠃ ᠴᠠᠭᠳᠠᠭ᠎ᠠ ᠳᠤ ᠮᠡᠳᠡᠭᠦᠯᠦᠭᠰᠡᠨ ᠤ ᠳᠠᠷᠠᠭ᠎ᠠ ᠲᠣᠮᠢᠯᠠᠭᠰᠠᠨ ᠰᠠᠯᠪᠤᠷᠢ ᠶᠢᠨ ᠵᠢᠵᠢᠭᠦᠷ ᠤᠨ ᠴᠠᠭᠳᠠᠭ᠎ᠠ ᠲᠡᠷᠡ ᠳᠠᠷᠤᠶ ᠳᠤ ᠨᠢ ᠲᠤᠬᠠᠶ ᠶᠢᠨ ᠲᠠᠯᠠᠪᠠᠶ ᠳᠤ ᠬᠦᠷᠴᠡᠶ᠃ ᠯᠠᠪᠯᠠᠨ ᠠᠰᠠᠭᠤᠭᠰᠠᠨ ᠢᠶᠠᠷ᠂ ᠵᠢᠭᠤᠯᠴᠢᠯᠠᠭᠴᠢᠳ ᠲᠡᠮᠡᠭᠡ ᠤᠨᠤᠬᠤ ᠳᠤ ᠪᠠᠨ ᠭᠠᠷ ᠤᠲᠠᠰᠤ ᠪᠠᠷ ᠥᠪᠡᠷ ᠤᠨ ᠪᠡᠶ᠎ᠡ ᠪᠠᠨ ᠰᠡᠭᠦᠳᠡᠷᠯᠡᠬᠦ ᠶᠠᠪᠤᠴᠠ ᠳᠤ ᠭᠠᠷ ᠤᠲᠠᠰᠤ ᠪᠠᠨ ᠭᠡᠭᠡᠭᠰᠡᠨ ᠢ ᠠᠷᠠᠳ ᠤᠨ ᠴᠠᠭᠳᠠᠭ᠎ᠠ ᠵᠠᠳᠠᠯᠤᠨ ᠰᠢᠨᠵᠢᠯᠡᠬᠦ ᠪᠠᠷ ᠳᠡᠮᠵᠢᠨ᠂ ᠭᠠᠷ ᠤᠲᠠᠰᠤ ᠨᠢ ᠣᠶᠢᠷ᠎ᠠ ᠬᠠᠪᠢ ᠶᠢᠨ 50 ᠮᠧᠲᠷ ᠤᠨ ᠬᠡᠪᠴᠢᠶᠡᠨ ᠳᠤ ᠪᠠᠶᠢᠬᠤ ᠶᠢ ᠨᠤᠲᠠᠯᠠᠪᠠ᠃ ᠬᠡᠪᠴᠢᠶ᠎ᠡ ᠨᠢ ᠪᠠᠭᠠᠰᠤᠭᠰᠠᠨ ᠪᠣᠯᠪᠠᠴᠤ ᠬᠦᠴᠢᠷ ᠨᠢ ᠮᠥᠨ ᠪᠠᠭ᠎ᠠ ᠪᠢᠰᠢ᠂ ᠤᠴᠢᠷ ᠨᠢ ᠵᠤᠭᠠᠴᠠᠭᠰᠠᠳ ᠭᠠᠷ ᠤᠲᠠᠰᠤ ᠪᠠᠨ ᠳᠠᠭᠤ ᠦᠭᠡᠢ ᠪᠣᠯᠭᠠᠬᠤ ᠬᠡᠯᠪᠡᠷᠢ ᠪᠠᠷ ᠲᠣᠬᠢᠷᠠᠭᠤᠯᠵᠤ᠂ 50 ᠮᠧᠲᠷ ᠤᠨ ᠳᠣᠲᠣᠷ᠎ᠠ ᠪᠠᠰᠠ ᠲᠡᠮᠡᠭᠡᠨ ᠤ ᠵᠣᠭᠰᠣᠭᠠᠯ ᠤᠨ ᠴᠡᠭ ᠪᠣᠯᠵᠤ᠂ ᠭᠠᠷ ᠤᠲᠠᠰᠤ ᠨᠢ ᠲᠡᠮᠡᠭᠡ ᠳᠤ ᠬᠢᠰᠬᠢᠭᠳᠡᠨ ᠡᠯᠡᠰᠦᠨ ᠳᠤ ᠣᠷᠤᠭᠰᠠᠨ ᠮᠠᠭᠠᠳ᠃ ᠢᠩᠭᠢᠭᠡᠳ ᠠᠷᠠᠳ ᠤᠨ ᠴᠠᠭᠳᠠᠭ᠎ᠠ ᠬᠤᠯᠪᠣᠭᠠᠯᠠᠨ ᠰᠡᠷᠭᠡᠶᠢᠯᠡᠬᠦ ᠲᠣᠭᠲᠠᠴᠠ ᠶᠢ ᠦᠳᠲᠡᠷ ᠲᠦᠷᠭᠡᠨ ᠡᠬᠢᠯᠡᠨ ᠬᠡᠷᠡᠭᠵᠢᠭᠦᠯᠵᠦ᠂ ︽ᠪᠦᠷᠢᠶ᠎ᠡ ᠮᠠᠩᠬᠠᠨ ᠤ ᠵᠢᠷᠤᠮ ᠤᠨ ᠴᠠᠭᠳᠠᠭ᠎ᠠ ᠶᠢᠨ ᠪᠦᠯᠬᠦᠮ︾ ᠳᠤ ᠨᠠᠷᠢᠨ ᠮᠡᠳᠡᠭᠡ ᠨᠡᠶᠢᠲᠡᠯᠡᠵᠦ᠂ ᠨᠢᠭᠡ ᠤᠳᠠᠭᠠᠨ ᠤ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠭᠠᠷ ᠤᠲᠠᠰᠤ ᠡᠷᠢᠬᠦ ᠪᠣᠤᠬᠢᠶ᠎ᠠ ᠤᠷᠤᠯᠳᠤᠭᠠᠨ ᠠᠳᠡ ᠬᠦᠷᠦᠭᠡᠳ ᠡᠬᠢᠯᠡᠪᠡ᠃ ᠲᠤᠬᠠᠶ ᠶᠢᠨ ᠦᠶ᠎ᠡ ᠳᠤ ᠲᠤᠬᠠᠶ ᠶᠢᠨ ᠲᠠᠯᠠᠪᠤᠷ ᠲᠤ ᠪᠠᠭᠠᠵᠢ ᠬᠡᠷᠡᠭᠰᠡᠯ ᠪᠠᠶᠢᠭᠰᠠᠨ ᠥᠬᠡᠶ ᠪᠣᠯᠬᠤᠷ ᠠᠷᠠᠳ ᠤᠨ ᠴᠠᠭᠳᠠᠭ᠎ᠠ ᠪᠣᠯᠤᠨ ᠵᠢᠷᠤᠮ ᠤᠨ ᠴᠠᠭᠳᠠᠭ᠎ᠠ ᠨᠢᠭᠡ ᠮᠥᠷ ᠮᠥᠷᠯᠡᠨ ᠵᠢᠭᠰᠠᠵᠤ᠂ ᠭᠠᠷ ᠢᠶᠠᠷ ᠢᠶᠠᠨ ᠨᠢᠭᠡ ᠨᠢᠭᠡ ᠢᠮᠠᠬᠤ ᠡᠯᠡᠰᠦ ᠶᠢ ᠮᠠᠯᠲᠠᠵᠤ ᠡᠷᠢᠪᠡ᠃ ᠭᠠᠷ ᠤᠲᠠᠰᠤ ᠶᠢ ᠡᠷᠢᠵᠦ ᠣᠯᠤᠭᠠᠳ ᠵᠢᠭᠤᠯᠴᠢᠯᠠᠭᠴᠢ ᠶᠢᠨ ᠭᠠᠷ ᠲᠤ ᠪᠤᠴᠠᠭᠠᠵᠤ ᠥᠭᠬᠦ ᠦᠶ᠎ᠡ ᠳᠤ᠂ ᠵᠢᠭᠤᠯᠴᠢᠯᠠᠭᠴᠢᠳ ︽ᠵᠢᠷᠤᠮ ᠤᠨ ᠴᠠᠭᠳᠠᠭᠠᠨ ᠤ ᠦᠢᠯᠡᠴᠢᠯᠡᠭᠡᠨ ᠤ ᠲᠣᠭᠲᠠᠴᠠ︾ ᠶᠢᠨ ᠥᠨᠳᠥᠷ ᠪᠦᠲᠦᠮᠵᠢᠲᠡᠶ ᠠᠵᠢᠯ ᠤᠨ ᠦᠷ᠎ᠡ ᠪᠦᠲᠦᠮᠵᠢ ᠳᠤ ᠡᠷᠡᠬᠡᠶ ᠬᠤᠷᠤᠭᠤ ᠪᠠᠨ ᠡᠷᠭᠦᠵᠡᠶ᠃
 20220322090949.jpg    
      ︽ᠪᠦᠷᠢᠶ᠎ᠡ ᠮᠠᠩᠬᠠᠨ ᠤ ᠵᠢᠷᠤᠮ ᠤᠨ ᠴᠠᠭᠳᠠᠭ᠎ᠠ︾ ᠪᠣᠯ ᠪᠥᠬᠦ ᠬᠤᠰᠢᠭᠤᠨ ᠤ ᠠᠩᠬᠠᠳᠠᠭᠴᠢ ᠵᠢᠷᠤᠮ ᠤᠨ ᠴᠠᠭᠳᠠᠭ᠎ᠠ ᠶᠢᠨ ᠡᠩᠨᠡᠭᠡ ᠮᠥᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠨᠢᠭᠡ ᠵᠦᠢᠯ ᠤᠨ ᠰᠢᠨ᠎ᠡ ᠬᠡᠪ ᠵᠠᠭᠪᠤᠷ ᠮᠥᠨ᠂ ᠦᠵᠡᠮᠵᠢ ᠶᠢᠨ ᠣᠷᠣᠨ ᠤ ᠠᠵᠢᠯᠲᠠᠳ ᠢ ᠴᠢᠩᠭ᠎ᠠ ᠬᠢᠨᠠᠨ ᠪᠠᠶᠢᠴᠠᠭᠠᠭᠰᠠᠨ ᠤ ᠳᠠᠷᠠᠭ᠎ᠠ ᠵᠢᠷᠤᠮ ᠤᠨ ᠴᠠᠭᠳᠠᠭ᠎ᠠ ᠶᠢᠨ ᠡᠩᠨᠡᠭᠡ ᠳᠤ ᠣᠷᠣᠭᠤᠯᠵᠤ᠂ ᠦᠵᠡᠮᠵᠢ ᠶᠢᠨ ᠣᠷᠣᠨ ᠤ ᠠᠵᠢᠯᠲᠠᠳ ᠤᠨ ᠦᠵᠡᠮᠵᠢ ᠶᠢᠨ ᠣᠷᠣᠨ ᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠯᠲᠡ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠵᠢᠭᠤᠯᠴᠢᠯᠠᠭᠴᠢᠳ ᠲᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠪᠦᠷᠢᠶ᠎ᠡ ᠮᠠᠩᠬᠠᠨ ᠤ ᠬᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠡᠨᠡ ᠰᠠᠭᠤᠷᠢᠨ ᠳᠡᠭᠡᠷ᠎ᠡ᠂ ᠴᠠᠭᠳᠠᠭ᠎ᠠ ᠶᠢᠨ ᠲᠣᠭᠤᠷᠢᠨ ᠰᠡᠷᠭᠡᠶᠢᠯᠡᠯᠲᠡ ᠶᠢᠨ ᠪᠦᠷᠬᠦᠴᠡ ᠶᠢ ᠪᠦᠬᠦ ᠲᠠᠯ᠎ᠠ ᠪᠠᠷ ᠥᠷᠭᠡᠳᠬᠡᠵᠦ᠂ ᠲᠡᠷᠡᠴᠢᠯᠡᠨ ᠲᠣᠭᠤᠷᠢᠨ ᠰᠡᠷᠭᠡᠶᠢᠯᠡᠬᠦ ᠪᠦᠲᠦᠮᠵᠢᠲᠡᠶ ᠲᠥᠯᠥᠪᠯᠡᠭᠡ ᠲᠣᠭᠲᠠᠭᠠᠵᠤ᠂ ᠠᠷᠠᠳ ᠤᠨ ᠴᠠᠭᠳᠠᠭ᠎ᠠ ᠲᠣᠮᠢᠯᠠᠨ ᠴᠠᠭᠳᠠᠨ ᠲᠣᠭᠤᠷᠢᠬᠤ ᠠᠵᠢᠯ ᠢ ᠵᠢᠯᠣᠭᠤᠳᠣᠭᠤᠯᠵᠤ᠂  ᠲᠣᠮᠢᠯᠠᠭᠰᠠᠨ ᠰᠠᠯᠪᠤᠷᠢ ᠪᠠᠷ ᠭᠤᠣᠯ ᠪᠣᠯᠭᠠᠭᠰᠠᠨ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢᠶᠠᠷ ᠰᠠᠭᠤᠷᠢ ᠪᠣᠯᠭᠠᠭᠰᠠᠨ ᠦᠵᠡᠮᠵᠢ ᠶᠢᠨ ᠣᠷᠣᠨ ᠤ ︽ᠴᠠᠭᠳᠠᠭᠠᠨ ᠤ ᠶᠠᠪᠤᠳᠠᠯ ᠤᠨ ᠠᠵᠢᠯ ᠤᠨ ᠬᠦᠷᠢᠶ᠎ᠡ︾ ᠶᠢ ᠪᠠᠶᠢᠭᠤᠯᠵᠤ᠂ ᠦᠵᠡᠮᠵᠢ ᠶᠢᠨ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠡᠵᠡᠮᠳᠡᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠣᠮᠢᠯᠠᠭᠰᠠᠨ ᠰᠠᠯᠪᠤᠷᠢ ᠶᠢᠨ ᠠᠮᠤᠷ ᠢ ᠬᠠᠮᠠᠭᠠᠯᠠᠬᠤ ᠲᠣᠭᠤᠷᠢᠨ ᠴᠠᠭᠳᠠᠯᠲᠠ ᠶᠢᠨ ᠭᠠᠭᠴᠠᠭᠠᠷ ᠲᠡᠮᠡᠴᠡᠬᠦ ᠰᠠᠨᠠᠭᠠᠴᠢᠯᠠᠭᠠᠲᠤ ᠪᠤᠰᠤ ᠪᠠᠶᠢᠳᠠᠯ ᠢ ᠬᠦᠴᠦᠲᠡᠢ ᠬᠤᠪᠢᠷᠠᠭᠤᠯᠵᠠᠢ᠃    ᠣᠳᠣᠬᠠᠨ ᠳᠤ᠂ ︽ᠪᠦᠷᠢᠶ᠎ᠡ ᠮᠠᠩᠬᠠᠨ ᠤ ᠵᠢᠷᠤᠮ ᠤᠨ ᠴᠠᠭᠳᠠᠭ᠎ᠠ︾ ᠶᠢᠨ ᠡᠩᠨᠡᠭᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠨᠢ ᠠᠮᠤᠷ ᠢ ᠬᠠᠮᠠᠭᠠᠯᠠᠬᠤ ᠲᠣᠭᠤᠷᠢᠨ ᠴᠠᠭᠳᠠᠬᠤ᠂ ᠵᠥᠷᠢᠴᠡᠯ ᠢ ᠨᠠᠮᠳᠠᠭᠤᠯᠬᠤ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ᠂ ᠣᠨᠴᠠᠭᠠᠶ ᠬᠠᠮᠲᠤᠯᠢᠭ ᠢ ᠬᠠᠪᠰᠤᠷᠤᠨ ᠲᠡᠳᠬᠦᠬᠦ ᠵᠡᠷᠭᠡ ᠡᠯ᠎ᠡ ᠲᠠᠯ᠎ᠠ ᠶᠢ  ᠬᠠᠮᠤᠷᠪᠠ᠃ 100 ᠭᠠᠷᠤᠶ ᠬᠥᠮᠦᠨ ᠣᠷᠣᠯᠴᠠᠵᠤ᠂ ᠳᠤᠮᠳᠠᠴᠢ ᠪᠠᠷ 10 ᠬᠥᠮᠦᠨ ᠪᠦᠷᠢ ᠶᠢᠨ ᠳᠣᠲᠣᠷᠠᠬᠢ 1 ᠬᠥᠮᠦᠨ ᠨᠢ ︽ᠪᠦᠷᠢᠶ᠎ᠡ ᠮᠠᠩᠬᠠᠨ ᠤ ᠵᠢᠷᠤᠮ ᠤᠨ ᠴᠠᠭᠳᠠᠭ᠎ᠠ︾ ᠶᠢᠨ ᠠᠮᠤᠷ ᠲᠦᠪᠰᠢᠨ ᠤ ᠰᠠᠶᠢᠨ ᠳᠤᠷ᠎ᠠ ᠶᠢᠨ ᠠᠵᠢᠯᠯᠠᠭᠴᠢ ᠶᠢᠨ ᠵᠣᠬᠢᠶᠠᠨ ᠪᠠᠶᠢᠭᠤᠯᠤᠯᠲᠠ ᠳᠤ ᠣᠷᠣᠯᠴᠠᠵᠤ᠂ ᠲᠣᠮᠢᠯᠠᠭᠰᠠᠨ ᠰᠠᠯᠪᠤᠷᠢ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠂ ᠦᠵᠡᠮᠵᠢ ᠶᠢᠨ ᠣᠷᠣᠨ ᠤ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ︽ᠠᠮᠤᠷ ᠲᠦᠪᠰᠢᠨ ᠤ ᠪᠠᠮᠪᠠᠶ︾ ᠶᠢ ᠪᠠᠲᠤ ᠴᠣᠭᠴᠠᠯᠠᠭᠰᠠᠨ ᠪᠠᠶᠢᠨ᠎ᠠ᠃ ᠪᠦᠷᠢᠶ᠎ᠡ ᠮᠠᠩᠬᠠᠨ ᠤ ᠵᠢᠷᠤᠮ ᠤᠨ ᠴᠠᠭᠳᠠᠭ᠎ᠠ ᠶᠢᠨ ᠡᠩᠨᠡᠭᠡ ᠪᠠᠶᠢᠭᠤᠯᠤᠭᠳᠠᠭᠰᠠᠨ ᠠᠴᠠ ᠨᠠᠭᠠᠰᠢ᠂ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ ᠨᠡᠶᠢᠲᠡ 795 ᠰᠢᠢᠳᠪᠦᠷᠢᠯᠡᠵᠦ᠂ ᠲᠥᠭᠡᠷᠢᠭᠰᠡᠨ 5 ᠵᠤᠭᠠᠴᠠᠭᠴᠢ ᠶᠢ ᠠᠪᠤᠷᠠᠨ ᠲᠤᠰᠠᠯᠠᠵᠤ᠂ 1982  ᠵᠤᠭᠠᠴᠠᠭᠴᠢ ᠳᠤ ᠨᠡᠶᠢᠲᠡ 108 ᠲᠦᠮᠡ ᠭᠠᠷᠤᠶ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠪᠡ᠃      
ᠢᠷᠡᠯᠲᠡ᠄ ᠣᠷᠳᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ