ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠠᠤᠯᠢ ᠪᠠᠷ ᠵᠠᠰᠠᠬᠤ ᠡᠵᠡᠩᠨᠡᠯᠲᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ︾ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ | | 2 ᠳ᠋ᠤᠭᠠᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ︽ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠡᠭᠡ ᠶᠠᠷᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠨᠡᠩ ᠰᠢᠯᠢᠳᠡᠭᠵᠢᠭᠦᠯᠬᠦ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠭᠤᠣᠯᠳᠠᠭᠤ ᠪᠦᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠪᠦᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ | ᠰᠠᠨᠠᠭ᠎ᠠ ᠶᠢ ᠬᠡᠷᠬᠢᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢᠵᠢᠯ ᠤᠨ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ ᠲᠤᠬᠠᠢ ᠶᠠᠷᠢᠯᠴᠠᠬᠤ ᠶᠡᠭᠡ ᠠᠵᠢᠯᠯᠠᠭ᠎ᠠ ᠶᠢ | ᠥᠷᠨᠢᠭᠦᠯᠪᠡ᠃ ᠡᠭᠦᠨ ᠤ ᠳᠠᠭᠠᠤ ᠨᠡᠶᠢᠭᠡᠮ ᠳᠠᠶᠠᠭᠠᠷ ᠲᠤ ᠬᠠᠨᠳᠤᠭᠤᠯᠤᠨ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ︾ | ᠰᠠᠨᠠᠯ ᠰᠠᠨᠠᠭᠤᠯᠭ᠎ᠠ ᠶᠢᠨ ᠲᠠᠪᠴᠠᠩ ᠪᠠ ᠠᠷᠭ᠎ᠠ ᠵᠠᠮ ᠵᠡᠷᠭᠡ ᠠᠭᠤᠯᠭ᠎ᠠ ᠶᠢ ᠢᠯᠡ ᠪᠠᠷ ᠬᠤᠷᠢᠶᠠᠵᠤ᠂ ᠵᠠᠭᠤᠴᠢᠯᠠᠭᠤᠷ ᠪᠠ ᠥᠷᠭᠡᠨ ᠣᠯᠠᠨ ᠲᠦᠮᠡᠨ ᠳᠤ ᠵᠠᠷᠯᠠᠨ | ᠮᠡᠳᠡᠭᠳᠡᠬᠦ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠥᠭᠡᠷᠡᠴᠢᠯᠡᠯᠲᠡ ᠶᠢᠨ ᠠᠯᠪᠠᠨ ᠬᠡᠷ ᠤᠨ ᠳᠡᠳ᠋ ᠡᠷᠬᠢᠯᠡᠭᠴᠢ ᠳ᠋ᠦᠩ ᠶᠦᠩ ᠭᠠᠩ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠲᠣᠭᠲᠠᠭᠠᠨ ᠬᠡᠷᠡᠭᠵᠢᠭᠦᠯᠦᠭᠰᠡᠨ ︽︿ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠵᠠᠬ᠎ᠠ | ᠳᠡᠯᠭᠡᠭᠦᠷ ᠤᠨ ᠭᠤᠤᠯ ᠴᠣᠭᠴᠠ ᠳᠤ ᠦᠢᠯᠡᠴᠢᠯᠡᠬᠦ ᠠᠵᠢᠯᠯᠠᠭᠠᠨ ᠤ ᠲᠥᠰᠦᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠨᠠᠷᠢᠯᠢᠬᠵᠢᠭᠤᠯᠬᠤ | ᠡᠭᠦᠷᠭᠡ ᠶᠢᠨ ᠲᠥᠰᠦᠯ︾ ︵ᠳᠣᠷᠣᠭᠰᠢ ︽ᠨᠠᠷᠢᠯᠢᠬᠵᠢᠭᠤᠯᠬᠤ ᠲᠥᠰᠦᠯ︾ ᠭᠡᠵᠦ ᠲᠣᠪᠴᠢᠯᠠᠨ᠎ᠠ︶ ᠤᠨ ᠪᠠᠶᠢᠳᠠᠯ ᠢ ᠮᠡᠳᠡᠭᠳᠡᠪᠡ᠃ ︽ᠨᠠᠷᠢᠯᠢᠬᠵᠢᠭᠤᠯᠬᠤ ᠲᠥᠰᠦᠯ︾ | ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠭᠤᠴᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠪᠦᠬᠦ | ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠲᠣᠭᠠᠴᠢᠯᠠᠭᠰᠠᠨ ᠮᠡᠳᠡᠭᠡ ᠵᠠᠩᠭᠢᠵᠢᠯᠲᠠ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ᠂ ᠪᠥᠬᠦ ᠴᠤᠪᠤᠷᠠᠯ ᠤᠨ ᠰᠦᠯᠵᠢᠶᠡᠨ ᠳᠡᠭᠡᠷᠡᠬᠢ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ ᠪᠥᠬᠦ ᠬᠠᠭᠤᠳᠠᠰᠤ ᠶᠢ ᠶᠡᠷᠦᠩᠬᠡᠶᠢᠯᠡᠨ ᠵᠠᠬᠢᠷᠴᠤ᠂ ᠭᠤᠤᠯᠳᠠᠯᠭ᠎ᠠ ᠲᠠᠢ ᠰᠢᠪᠲᠤᠯᠤᠯᠲᠠ ᠶᠢᠨ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠳᠣᠪᠤᠶᠢᠯᠭᠠᠵᠤ᠂ | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠶᠤᠨᠴᠢ ᠪᠠᠷ ᠬᠢᠨᠠᠨ ᠵᠥᠪᠰᠢᠶᠡᠷᠡᠬᠦ᠂ ᠣᠶᠤᠨᠴᠢ ᠪᠠᠷ ᠬᠢᠨᠠᠨ ᠬᠠᠮᠢᠶᠠᠷᠬᠤ᠂ | ᠣᠶᠤᠨᠴᠢ ᠪᠠᠷ ᠦᠢᠯᠡᠴᠢᠯᠡᠬᠦ ᠶᠢ ᠬᠦᠴᠦᠯᠡᠨ ᠠᠬᠢᠭᠤᠯᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠲᠥᠬᠦᠮ᠂ ᠨᠠᠩ | ᠲᠥᠪ ᠭᠤᠤᠯᠴᠢ ᠪᠣᠯᠭᠠᠪᠠ᠃ ︽ᠨᠠᠷᠢᠯᠢᠬᠵᠢᠭᠤᠯᠬᠤ ᠲᠥᠰᠦᠯ︾ ᠳᠤ 32 ᠵᠦᠢᠯ ᠤᠨ ᠪᠣᠳᠠᠳᠠᠢ ᠬᠠᠷᠭᠤᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠶᠢᠨ ᠲᠥᠯᠥᠭᠡ᠂ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠴᠢᠨᠠᠷ ᠰᠠᠶᠢᠲᠠᠶ ᠪᠠᠷ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ | ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠰᠢᠯᠢᠳᠡᠭᠵᠢᠭᠦᠯᠬᠦ︾ ᠶᠡᠭᠡ ᠶᠠᠷᠢᠯᠴᠠᠭ᠎ᠠ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠂ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠬᠠᠤᠯᠢ ᠴᠠᠭᠠᠵᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠤᠨ ᠪᠣᠭᠤᠮᠲᠠ ᠰᠢᠪᠲᠤᠯᠬᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠤᠬᠠᠭᠤᠯᠭ᠎ᠠ ᠬᠢᠬᠦ ᠵᠡᠷᠭᠡ 7 ᠠᠵᠢᠯᠯᠠᠬᠤ | ᠳᠤᠭᠤᠶᠢᠯᠠᠩ ᠢ ᠪᠠᠶᠢᠭᠤᠯᠵᠠᠢ᠃ ᠡᠯ᠎ᠡ ᠠᠵᠢᠯᠯᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠲᠦᠷᠢᠮ ᠢ ᠲᠣᠭᠲᠠᠭᠠᠵᠤ᠂ | ᠪᠠᠶᠢᠭᠤᠯᠤᠮᠵᠢ ᠶᠢᠨ ᠪᠦᠲᠦᠴᠡ ᠲᠣᠳᠣᠷᠬᠠᠢ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠨᠢᠭᠲᠠ᠂ ᠡᠭᠦᠷᠭᠡ ᠶᠢᠨ ᠬᠤᠪᠢᠶᠠᠷᠢᠯᠠᠯ ᠲᠣᠳᠣᠷᠬᠠᠢ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠰᠢᠰᠲ᠋ᠧᠮ ᠢ ᠪᠦᠷᠢᠯᠳᠦᠭᠦᠯᠵᠡᠢ᠃ ᠡᠭᠦᠨ ᠤ ᠵᠡᠷᠭᠡ ᠳᠤ᠂ ᠬᠢᠨᠠᠨ ᠵᠢᠯᠣᠭᠤᠳᠴᠤ ᠪᠠᠶᠢᠴᠠᠭᠠᠬᠤ᠂ ᠤᠯᠤᠰ ᠲᠥᠷᠥ ᠶᠢᠨ | ᠰᠢᠪᠠᠳᠠᠨ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠳᠣᠭᠢᠷᠠᠭᠤᠯᠤᠨ ᠮᠡᠳᠡᠭᠳᠡᠬᠦ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠬᠤ ᠪᠠᠷ | ᠳᠠᠮᠵᠢᠭᠤᠯᠤᠨ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠨᠡᠬᠡᠮᠵᠢᠯᠡᠬᠦ ᠶᠢ ᠴᠢᠩᠭᠠᠳᠬᠠᠵᠤ᠂ ᠠᠵᠢᠯ ᠢᠶᠠᠨ ᠬᠦᠴᠦᠲᠡᠶ ᠠᠬᠢᠭᠤᠯᠤᠭᠰᠠᠨ ᠥᠬᠡᠶ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠪᠡ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠦᠷᠦ ᠶᠢᠨ ᠬᠡᠯᠲᠡᠰ ᠤᠨ ᠠᠵᠢᠯᠳᠠᠨ ᠤ ᠶᠠᠪᠤᠳᠠᠯ ᠤᠨ ᠪᠣᠯᠪᠠᠰᠤᠷᠠᠯ ᠤᠨ ᠭᠠᠵᠠᠷ ᠤᠨ ᠳᠠᠷᠤᠭ᠎ᠠ ᠳ᠋ᠧᠩ | ᠵᠦᠩ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠤᠷᠢᠳᠤᠭᠠᠷ ᠶᠡᠭᠡ ᠬᠤᠷᠠᠯ ᠢ ᠤᠭᠳᠤᠬᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠠᠮᠢᠶ᠎ᠠ ᠪᠦᠬᠦᠢ ᠪᠠᠶᠢᠳᠠᠯ ᠢ | ᠮᠡᠳᠡᠭᠳᠡᠪᠡ᠃ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠬᠠᠷᠠᠯᠲᠠ ᠡᠭᠦᠷᠭᠡ᠂ ᠠᠵᠢᠯᠯᠠᠭ᠎ᠠ ᠶᠢᠨ ᠬᠡᠪᠴᠢᠶ᠎ᠡ ᠪᠠ ᠴᠠᠭ᠂ ᠠᠵᠢᠯᠯᠠᠭ᠎ᠠ ᠶᠢᠨ ᠭᠤᠣᠯ ᠭᠤᠭᠴᠤᠭ᠎ᠠ ᠪᠠ | ᠡᠭᠦᠷᠭᠡ ᠵᠢᠴᠢ ᠠᠵᠢᠯᠯᠠᠭ᠎ᠠ ᠶᠢᠨ ᠭᠤᠣᠯ ᠱᠠᠭᠠᠷᠳᠠᠯᠭ᠎ᠠ ᠳᠤ ᠬᠠᠷᠢᠭᠤᠯᠲᠠ ᠥᠭᠪᠡ᠃ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ | ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠶᠢᠨ ᠱᠠᠭᠠᠷᠳᠠᠯᠭ᠎ᠠ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠤᠨ | ᠤᠯᠤᠰ ᠲᠥᠷᠥ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠵᠣᠷᠢᠯᠲᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠬᠢᠨᠠᠯᠲᠠ ᠬᠦᠯᠢᠶᠡᠬᠦ ᠤᠬᠠᠮᠰᠠᠷ ᠢ | ᠦᠨᠡᠨ ᠬᠦ ᠴᠢᠩᠭᠠᠳᠬᠠᠵᠤ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠵᠡᠯ ᠰᠠᠨᠠᠭ᠎ᠠ ᠪᠠᠨ | ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠪᠠᠶᠢᠷᠢ ᠰᠣᠯᠢᠵᠤ ᠰᠡᠳᠬᠢᠬᠦ᠂ ᠥᠪᠡᠷ ᠤᠨ ᠪᠡᠶ᠎ᠡ ᠲᠠᠢ ᠪᠠᠨ ᠬᠠᠷᠢᠯᠴᠠᠬᠤ ᠶᠢ ᠬᠥᠮᠦᠵᠢᠭᠦᠯᠦᠨ ᠵᠢᠯᠤᠭᠤᠳᠪᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠠᠵᠤ ᠠᠬᠤᠶ ᠶᠢᠨ ᠠᠮᠤᠷ | ᠲᠣᠭᠲᠠᠭᠤᠨ ᠢ ᠪᠠᠲᠤᠯᠠᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠤᠯᠢᠵᠢᠭᠤᠯᠬᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠡᠨ ᠤ ᠲᠥᠯᠥᠭᠡ ᠬᠠᠤᠯᠢ ᠬᠡᠷᠡᠭᠵᠢᠭᠦᠯᠬᠦ᠂ ᠬᠡᠨ ᠤ ᠲᠥᠯᠥᠭᠡ ᠡᠷᠬᠡ ᠬᠡᠷᠡᠭᠯᠡᠬᠦ᠂ | ᠬᠡᠨ ᠳᠤ ᠠᠰᠢᠭ ᠣᠯᠭᠤᠬᠤ ᠦᠨᠳᠦᠰᠦᠨ ᠠᠰᠠᠭᠤᠳᠠᠯ ᠢ ᠲᠣᠳᠣᠷᠬᠠᠶᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ | ᠣᠯᠭᠤᠬᠤ︾ ᠠᠵᠢᠯ ᠤᠨ ᠡᠷᠴᠢᠮ ᠢ ᠴᠢᠩᠭᠠᠷᠠᠭᠤᠯᠵᠤ᠂ ᠨᠢᠭᠡ ᠪᠦᠯᠦᠭ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠨᠢᠭᠡ ᠪᠦᠯᠦᠭ | ᠲᠤᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠨᠢᠭᠡ ᠪᠦᠯᠦᠭ ᠲᠦᠷᠢᠮ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠣᠭᠲᠠᠭᠤᠨ ᠪᠥᠭᠡᠳ ᠭᠤᠣᠯᠴᠢ ᠪᠥᠭᠡᠳ ᠢᠯᠡ | ᠲᠣᠳᠣ᠂ ᠵᠢᠱᠢᠵᠦ ᠪᠣᠯᠬᠤᠶᠢᠴᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠤᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠪᠠᠶᠢᠴᠠᠭᠠᠨ ᠦᠵᠡᠬᠦ᠂ | ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠭᠤᠷᠪᠠᠨ ᠵᠠᠩᠭᠢᠯᠠᠭ᠎ᠠ ᠶᠢᠨ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠤᠷᠤᠯᠴᠠᠨ | ᠣᠶᠢᠯᠠᠭᠠᠬᠤ ᠪᠠᠷ ᠡᠬᠢᠯᠡᠯᠲᠡ ᠪᠠ ᠰᠠᠭᠤᠷᠢ ᠪᠣᠯᠭᠠᠵᠤ᠂ ᠬᠠᠷᠢᠴᠠᠭᠤᠯᠤᠨ ᠪᠠᠶᠢᠴᠠᠭᠠᠨ ᠦᠵᠡᠬᠦ ᠪᠠᠷ ᠭᠤᠤᠯᠳᠠᠯᠭ᠎ᠠ ᠪᠣᠯᠭᠠᠵᠤ᠂ ᠳ᠋ᠦᠩᠨᠡᠨ ᠳᠡᠭᠡᠭᠰᠢᠯᠡᠭᠦᠯᠬᠦ ᠪᠠᠷ | ᠦᠨᠳᠦᠰᠦ ᠪᠠ ᠬᠠᠷᠠᠯᠲᠠ ᠪᠠᠨ ᠪᠣᠯᠭᠠᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠪᠣᠯᠤᠨ᠎ᠠ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ ᠰᠣᠨᠢᠨ ᠮᠡᠳᠡᠭᠡ ᠤᠬᠠᠭᠤᠯᠬᠤ ᠭᠠᠵᠠᠷ ᠤᠨ ᠳᠡᠳ᠋ ᠳᠠᠷᠤᠭ᠎ᠠ ᠯᠢ ᠶᠦᠩ ᠪᠥᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠰᠠᠨᠠᠯ | ᠰᠠᠨᠠᠭᠤᠯᠭ᠎ᠠ ᠶᠢ ᠢᠯᠡ ᠪᠠᠷ ᠬᠤᠷᠢᠶᠠᠬᠤ ᠲᠠᠪᠴᠠᠩ ᠪᠠ ᠠᠷᠭ᠎ᠠ ᠵᠠᠮ ᠤᠨ ᠪᠠᠶᠢᠳᠠᠯ ᠢ ᠲᠠᠨᠢᠯᠴᠠᠭᠤᠯᠪᠠ᠃ ᠨᠢᠭᠡ ᠳᠤ ᠰᠦᠯᠵᠢᠶᠡᠨ ᠳᠡᠭᠡᠷ᠎ᠡ ᠰᠠᠨᠠᠯ ᠰᠠᠨᠠᠭᠤᠯᠭ᠎ᠠ | ᠴᠤᠭᠯᠠᠭᠤᠯᠬᠤ ᠠᠵᠢᠯ ᠢ ᠥᠷᠨᠢᠭᠦᠯᠦᠨ᠎ᠡ᠃ 2 ᠳ᠋ᠤᠭᠠᠷ ᠰᠠᠷ᠎ᠠ ᠶᠢᠨ 25 ᠤ ᠡᠳᠦᠷ ᠠᠴᠠ 12 ᠳ᠋ᠤᠭᠠᠷ ᠰᠠᠷ᠎ᠠ ᠶᠢᠨ 31 ᠪᠣᠯᠲᠠᠯ᠎ᠠ᠂ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠵᠠᠰᠠᠭ ᠤᠨ ᠶᠠᠪᠤᠳᠠᠯ ᠤᠨ ᠰᠦᠯᠵᠢᠶ᠎ᠡ᠂ ︽ᠠᠮᠤᠭᠤᠯᠠᠩᠳᠤ ᠥᠪᠥᠷ ᠮᠣᠩᠭᠤᠯ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠡᠯ᠎ᠡ | ᠵᠠᠭᠤᠴᠢᠯᠠᠭᠤᠷ ᠤᠨ ᠲᠠᠪᠴᠠᠩ ᠵᠡᠷᠭᠡ ᠪᠠᠷ ᠳᠠᠮᠵᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠰᠠᠨᠠᠯ ᠰᠠᠨᠠᠭᠤᠯᠭ᠎ᠠ ᠶᠢᠨ ᠠᠯᠪᠠᠨ ᠵᠠᠷ︾ ᠢ ᠭᠠᠳᠠᠭᠰᠢ | ᠨᠡᠶᠢᠲᠡᠯᠡᠵᠦ᠂ ᠪᠥᠬᠦ ᠨᠡᠶᠢᠭᠡᠮ ᠳᠤ ᠬᠠᠨᠳᠤᠭᠤᠯᠤᠨ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠡᠵᠡᠩᠨᠡᠯᠲᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠬᠦᠷᠦᠯᠴᠡᠬᠦ ᠥᠬᠡᠶ ᠲᠠᠯ᠎ᠠ ᠪᠠ ᠰᠠᠨᠠᠯ ᠰᠠᠨᠠᠭᠤᠯᠭ᠎ᠠ ᠶᠢ ᠥᠷᠭᠡᠨ ᠢᠶᠠᠷ | ᠴᠤᠭᠯᠠᠭᠤᠯᠵᠤ᠂ ᠥᠷᠭᠡᠨ ᠣᠯᠠᠨ ᠰᠦᠯᠵᠢᠶᠡᠨ ᠠᠨᠳᠠ ᠨᠠᠷ ᠠᠯᠪᠠᠨ ᠵᠠᠷ ᠲᠠᠬᠢ ᠮᠡᠷᠭᠡᠨ ᠴᠣᠬᠤᠷ ᠢ ᠰᠢᠷᠪᠢᠬᠦ ᠪᠠᠷ ᠳᠠᠮᠵᠢᠭᠤᠯᠤᠨ᠂ ᠪᠡᠶ᠎ᠡ ᠶᠢᠨ ᠬᠡᠮ᠂ ᠭᠠᠵᠠᠷ | ᠣᠷᠣᠨ ᠪᠠ ᠠᠰᠠᠭᠤᠳᠠᠯ ᠤᠨ ᠰᠠᠨᠠᠭᠤᠯᠭ᠎ᠠ ᠳᠤᠷᠠᠳᠬᠤ ᠲᠥᠷᠥᠯ ᠢᠯᠭᠠᠯ ᠢ ᠲᠣᠳᠣᠷᠬᠠᠶᠢᠯᠠᠭᠰᠠᠨ ᠤ ᠳᠠᠷᠠᠭ᠎ᠠ ᠳᠠᠷᠤᠶ ᠠᠵᠢᠯᠯᠠᠭ᠎ᠠ ᠳᠤ ᠣᠷᠣᠯᠴᠠᠵᠤ ᠪᠣᠯᠤᠨ᠎ᠠ᠃ | ᠬᠤᠶᠠᠷ ᠲᠤ ᠴᠠᠭᠳᠠᠭ᠎ᠠ ᠠᠷᠠᠳ ᠤᠨ ᠲᠤᠰᠬᠠᠶ ᠰᠡᠳᠦᠪᠲᠦ ᠶᠠᠷᠢᠯᠴᠠᠬᠤ ᠬᠤᠷᠠᠯ ᠢ ᠬᠤᠷᠠᠯᠳᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ ᠠᠴᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠠᠭᠳᠠᠭ᠎ᠠ ᠠᠷᠠᠳ ᠤᠨ ᠶᠠᠷᠢᠯᠴᠠᠬᠤ ᠬᠤᠷᠠᠯ ᠢ | ᠴᠠᠭ ᠲᠤ ᠨᠢ ᠲᠣᠬᠢᠷᠠᠭᠤᠯᠤᠨ ᠡᠷᠬᠢᠯᠡᠵᠦ᠂ ᠠᠵᠤ ᠠᠬᠤᠶᠢᠯᠠᠯᠲᠠᠨ ᠤ ᠲᠥᠯᠥᠭᠡᠯᠡᠭᠴᠢ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠪᠣᠯᠤᠨ ᠭᠤᠤᠯ | ᠵᠠᠭᠤᠴᠢᠯᠠᠭᠤᠷ ᠤᠨ ᠲᠥᠯᠥᠭᠡᠯᠡᠭᠴᠢ ᠶᠢ ᠤᠷᠢᠨ ᠣᠷᠣᠯᠴᠠᠭᠤᠯᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠠᠤᠯᠢ ᠪᠠᠷ ᠵᠠᠰᠠᠬᠤ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠡᠲᠡᠭᠡᠳ ᠤᠨ ᠲᠥᠯᠥᠭᠡᠯᠡᠭᠴᠢᠳ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠠᠯᠪᠢᠵᠤ ᠪᠠᠶᠢᠭ᠎ᠠ ᠬᠦᠰᠡᠯ ᠱᠠᠭᠠᠷᠳᠠᠯᠭ᠎ᠠ ᠪᠣᠯᠤᠨ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ | ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠨᠠᠭᠤᠯᠭ᠎ᠠ ᠶᠢ ᠥᠷᠭᠡᠨ ᠢᠶᠠᠷ ᠰᠣᠨᠣᠰᠤᠨ᠎ᠠ᠃ ᠭᠤᠷᠪᠠ ᠳᠤ ᠬᠠᠮᠲᠤᠷᠠᠨ ᠬᠥᠳᠡᠯᠦᠯᠴᠡᠵᠦ ᠰᠠᠨᠠᠯ | ᠬᠤᠷᠢᠶᠠᠬᠤ ᠠᠵᠢᠯ ᠢ ᠪᠠᠶᠢᠷᠢᠯᠠᠭᠤᠯᠤᠨ ᠥᠷᠨᠢᠭᠦᠯᠪᠡ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠲᠥᠷᠥ ᠶᠢᠨ ᠵᠣᠭᠰᠣᠴᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠵᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠣᠷᠣᠨ ᠤ ᠪᠠᠨ ᠰᠠᠨᠠᠯ ᠰᠠᠨᠠᠭᠤᠯᠭ᠎ᠠ ᠶᠢ ᠬᠤᠷᠢᠶᠠᠵᠤ ᠡᠮᠬᠢᠯᠡᠬᠦ ᠠᠵᠢᠯ ᠢ ᠰᠠᠶᠢᠲᠤᠷ ᠬᠢᠵᠦ᠂ | ᠡᠭᠦᠨ ᠤ ᠬᠠᠮᠲᠤ ᠡᠯ᠎ᠡ ᠴᠠᠭᠳᠠᠭᠠᠨ ᠤ ᠲᠥᠷᠥᠯ ᠤᠨ ᠬᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠤ ᠪᠠᠨ ᠰᠠᠭᠤᠷᠢᠯᠠᠵᠤ᠂ | ᠰᠠᠨᠠᠭᠠᠴᠢᠯᠠᠭ᠎ᠠ ᠠᠴᠠ ᠪᠠᠨ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ ᠬᠤᠳᠠᠯᠳᠤᠭ᠎ᠠ ᠠᠴᠠ ᠠᠷᠭ᠎ᠠ ᠪᠣᠳᠣᠯᠭ᠎ᠠ ᠡᠷᠢᠯᠬᠢᠯᠡᠵᠦ᠂ ᠬᠡᠷᠡᠭᠴᠡᠭᠡ ᠱᠠᠭᠠᠷᠳᠠᠯᠭ᠎ᠠ ᠶᠢ | ᠠᠵᠤ ᠠᠬᠤᠶᠢᠯᠠᠯ ᠠᠴᠠ ᠠᠰᠠᠭᠤᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠠᠯᠪᠤᠷᠢ ᠠᠩᠭᠢ ᠳᠥᠷᠪᠡᠨ ᠱᠠᠲᠤ ᠪᠠᠷ ᠢᠶᠠᠨ | ᠬᠤᠯᠪᠣᠭᠠᠯᠠᠨ ᠬᠥᠳᠡᠯᠦᠯᠴᠡᠬᠦ᠂ ᠭᠤᠯᠳᠤ ᠪᠠᠷ ᠡᠴᠦᠰ ᠲᠤ ᠨᠢ ᠲᠤᠯᠲᠠᠯ᠎ᠠ ᠬᠥᠳᠡᠯᠦᠯᠴᠡᠬᠦ᠂ ᠳᠣᠲᠣᠭᠠᠳᠤ ᠶᠢ ᠬᠠᠮᠠᠭᠠᠯᠠᠬᠤ᠂ ᠬᠤᠳᠠᠯᠳᠤᠭ᠎ᠠ ᠠᠵᠤ ᠠᠬᠤᠶᠢᠯᠠᠯ᠂ | ᠪᠤᠰᠤᠳ ᠠᠵᠢᠯ ᠲᠥᠷᠥᠯ ᠢ ᠪᠥᠬᠦ ᠴᠠᠷᠠᠭ᠎ᠠ ᠪᠠᠷ ᠬᠠᠮᠤᠷᠬᠤ᠂ ᠬᠥᠨᠳᠡᠯᠡᠨ ᠢᠶᠠᠷ ᠪᠥᠬᠦ ᠲᠠᠯ᠎ᠠ ᠶᠢᠨ᠂ ᠪᠣᠰᠤᠭ᠎ᠠ ᠴᠣᠭᠴᠠᠲᠤ ᠰᠠᠨᠠᠯ ᠰᠠᠨᠠᠭᠤᠯᠭ᠎ᠠ ᠶᠢ ᠴᠤᠭᠯᠠᠭᠤᠯᠬᠤ | ᠠᠷᠭ᠎ᠠ ᠵᠠᠮ ᠢ ᠪᠣᠶ ᠪᠣᠯᠭᠠᠵᠤ᠂ ︽ᠡᠭᠦᠳᠡ︾ ᠶᠢ ᠦᠨᠡᠨ ᠬᠦ ᠨᠡᠭᠡᠭᠡᠵᠦ᠂ ︽ᠢᠳᠬᠠᠯ︾ ᠢ ᠭᠥᠯᠢᠶᠡᠨ ᠠᠪᠴᠤ᠂ ᠪᠤᠰᠤᠳᠴᠢ ᠦᠨᠡᠨ ᠪᠣᠳᠠᠲᠠᠶ ᠰᠠᠨᠠᠯ | ᠰᠠᠨᠠᠭᠤᠯᠭ᠎ᠠ ᠪᠠᠷ ᠠᠵᠢᠯ ᠢᠶᠠᠨ ᠰᠠᠶᠢᠵᠢᠷᠠᠭᠤᠯᠬᠤ ᠶᠢ ᠠᠬᠢᠭᠤᠯᠬᠤ ᠴᠢᠭᠯᠡᠯ ᠪᠣᠯᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠩ ᠰᠠᠶᠢᠲᠤᠷ ᠳᠠᠭᠠᠵᠤ᠂ | ᠨᠡᠶᠢᠭᠡᠮ ᠤᠨ ᠠᠩᠬᠠᠷᠤᠯ ᠳᠤ ᠨᠠᠩ ᠰᠠᠶᠢᠨ ᠬᠠᠷᠢᠭᠤᠯᠲᠠ ᠥᠭᠭᠦᠨ᠎ᠡ᠃ |