ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ | ᠣᠷᠳᠣᠰ ᠬᠤᠲᠠ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠡᠲᠡᠭᠡᠷ ᠠᠭᠤᠯᠭ᠎ᠠ ᠶᠢ ᠮᠡᠳᠡᠭᠳᠡᠪᠡ | | ᠤᠶᠢᠷ᠎ᠠ ᠶᠢᠨ ᠡᠳᠦᠷ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠣᠷᠳᠣᠰ ᠲᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠵᠢᠴᠢ ᠲᠣᠮᠣ ᠳ᠋ᠠᠶᠢᠲ᠋ᠠ ᠶᠢᠨ ᠪᠥᠲᠥᠭᠡᠨ ᠪᠠᠶᠢᠭᠤᠯᠤᠯᠲᠠ᠂ ᠦᠨᠳᠦᠰᠦᠨ ᠱᠠᠲᠤᠨ ᠤ ᠰᠠᠭᠤᠷᠢ ᠪᠠᠷᠢᠮᠵᠢᠶᠠᠵᠢᠭᠤᠯᠤᠯᠲᠠ ᠶᠢᠨ ᠠᠵᠢᠯ ᠢ ᠠᠬᠢᠭᠤᠯᠬᠤ | ᠲᠤᠬᠠᠶ ᠶᠢᠨ ᠲᠠᠯᠠᠪᠤᠷ ᠤᠨ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠲᠤᠬᠠᠶ ᠶᠢᠨ ᠲᠠᠯᠠᠪᠤᠷ ᠤᠨ ᠬᠤᠷᠠᠯ ᠤᠨ ᠪᠦᠬᠦᠯᠢ ᠴᠣᠭᠴᠠ ᠶᠢᠨ | ᠪᠠᠶᠢᠳᠠᠯ ᠵᠢᠴᠢ ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠨᠳᠦᠰᠦᠨ ᠱᠠᠲᠤᠨ ᠤ ᠰᠠᠭᠤᠷᠢ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠳᠤᠮᠳᠠ ᠣᠯᠤᠭᠰᠠᠨ ᠦᠷ᠎ᠡ ᠪᠦᠲᠦᠮᠵᠢ ᠶᠢ ᠵᠠᠷᠯᠠᠨ ᠮᠡᠳᠡᠭᠳᠡᠪᠡ᠃ | ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ ᠲᠣᠮᠣ ᠳ᠋ᠠᠶᠢᠲ᠋ᠠ ᠶᠢᠨ ᠪᠥᠲᠥᠭᠡᠨ ᠪᠠᠶᠢᠭᠤᠯᠤᠯᠲᠠ᠂ | ᠦᠨᠳᠦᠰᠦᠨ ᠱᠠᠲᠤᠨ ᠤ ᠰᠠᠭᠤᠷᠢ ᠪᠠᠷᠢᠮᠵᠢᠶᠠᠵᠢᠭᠤᠯᠤᠯᠲᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠤᠨ ᠬᠠᠮᠢᠶ᠎ᠠ ᠪᠥᠬᠦᠶ ᠪᠠᠶᠢᠳᠠᠯ ᠢ ᠲᠠᠨᠢᠯᠴᠠᠭᠤᠯᠪᠠ᠃ | ᠬᠤᠷᠠᠯ ᠨᠢ ︽ᠲᠠᠯᠪᠢᠬᠤ ᠬᠠᠮᠢᠶᠠᠷᠬᠤ ᠦᠢᠯᠡᠴᠢᠯᠡᠬᠦ︾᠂ ᠲᠣᠮᠣ ᠳ᠋ᠠᠶᠢᠲ᠋ᠠ᠂ ᠦᠨᠳᠦᠰᠦᠨ ᠱᠠᠲᠤᠨ ᠤ ᠰᠠᠭᠤᠷᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ | ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠨᠠᠩ ᠥᠨᠳᠥᠷ ᠲᠠᠰ ᠳᠠᠪᠬᠤᠷᠭ᠎ᠠ᠂ ᠨᠠᠩ ᠭᠦᠨ ᠲᠠᠰ ᠳᠠᠪᠬᠤᠷᠭ᠎ᠠ᠂ ᠨᠠᠩ | ᠥᠷᠭᠡᠨ ᠬᠠᠷᠠᠭᠠᠰᠤ ᠶᠢᠨ ᠲᠥᠯᠥᠪᠵᠢᠭᠦᠯᠭᠡ ᠪᠣᠯᠤᠨ᠎ᠠ᠂ ᠭᠤᠷᠪᠠᠨ ᠵᠦᠢᠯ ᠤᠨ ᠠᠵᠢᠯ ᠨᠢ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ | ᠰᠠᠶᠢᠲᠠᠶ ᠬᠥᠭᠵᠢᠯᠲᠡ ᠶᠢᠨ ᠴᠢᠬᠤᠯᠠ ᠰᠠᠭᠤᠷᠢ ᠶᠢ ᠬᠠᠮᠲᠤ ᠪᠠᠷ ᠪᠦᠷᠢᠯᠳᠦᠭᠦᠯᠪᠡ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠮᠤ | ᠳ᠋ᠠᠶᠢᠲ᠋ᠠ᠂ ᠦᠨᠳᠦᠰᠦᠨ ᠱᠠᠲᠤᠨ ᠤ ᠰᠠᠭᠤᠷᠢ ᠵᠡᠷᠭᠡ ᠴᠢᠬᠤᠯᠠ ᠬᠦᠷᠢᠶ᠎ᠡ ᠴᠠᠷ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠨᠢᠭᠡ ᠪᠦᠯᠦᠭ ︽ᠬᠠᠭᠤᠴᠢᠨ ᠬᠦᠴᠢᠷ︾ | ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠠᠢ᠃ ᠬᠦᠴᠢᠷ ᠢ ᠲᠤᠭᠤᠯᠤᠨ ᠨᠢᠭᠡ ᠪᠦᠯᠦᠭ ︽ᠪᠡᠷᠬᠡ ᠠᠰᠠᠭᠤᠳᠠᠯ︾ ᠤᠨ ᠵᠠᠩᠭᠢᠯᠠᠭ᠎ᠠ ᠶᠢᠨ ᠡᠭᠦᠷᠭᠡ ᠶᠢ | ᠪᠡᠶᠡᠯᠡᠭᠦᠯᠵᠦ᠂ ᠨᠢᠭᠡ ᠪᠦᠯᠦᠭ ︽ᠤᠯᠠᠨ ᠲᠦᠮᠡᠨ ᠲᠠᠢ ᠤᠢᠢᠷᠠᠳᠤᠭᠰᠠᠨ ᠪᠠᠶᠢᠳᠠᠯ︾ ᠤᠨ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠵᠦ᠂ ᠤᠯᠠᠨ ᠲᠦᠮᠡᠨ ᠤ | ᠰᠠᠶᠢᠨ ᠦᠨᠡᠯᠡᠯᠲᠡ ᠶᠢ ᠣᠯᠤᠭᠰᠠᠨ ᠪᠣᠯᠪᠠᠴᠤ ᠪᠠᠰᠠ ᠠᠳᠠᠯᠢ ᠪᠤᠰᠤ ᠬᠡᠮᠵᠢᠶᠡᠨ ᠤ ᠠᠰᠠᠭᠤᠳᠠᠯ ᠪᠠ ᠳᠤᠲᠠᠭᠤᠳᠠᠯ ᠣᠷᠣᠰᠢᠵᠤ ᠪᠠᠶᠢᠨ᠎ᠠ᠂ ᠬᠤᠷᠠᠯ ᠠᠴᠠ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠰᠢᠵᠦ᠂ ᠲᠢᠩᠬᠢᠮ ᠨᠠᠮ ᠤᠨ ᠬᠤᠷᠢᠶ᠎ᠠ ᠶᠢᠨ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠥᠭᠡᠷᠡᠴᠢᠯᠡᠯᠲᠡ ᠶᠢᠨ ᠠᠯᠪᠠᠨ ᠭᠡᠷ ᠤᠨ ᠳᠡᠳ᠋ ᠡᠷᠬᠢᠯᠡᠭᠴᠢ ᠳ᠋ᠦᠩ ᠶᠦᠩ ᠭᠠᠩ ᠠᠴᠠ᠂ ᠡᠨᠡ ᠵᠢᠯ ᠠᠴᠠ ᠨᠠᠭᠠᠰᠢ᠂ | ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠲᠠᠯ᠎ᠠ ᠪᠠᠷ | ᠣᠯᠠᠨ ᠵᠦᠢᠯ ᠤᠨ ᠰᠢᠪᠲᠤᠯᠤᠯᠲᠠ ᠲᠠᠢ ᠪᠣᠯᠵᠣ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠲᠠᠯ᠎ᠠ ᠪᠠᠷ᠂ ᠪᠥᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ 306 ᠵᠦᠢᠯ ᠤᠨ ᠰᠢᠨ᠎ᠡ ᠭᠠᠷᠴᠠᠭ᠂ ᠬᠡᠷᠡᠭ ᠭᠦᠢᠴᠡᠳᠭᠡᠬᠦ ᠵᠦᠭᠯᠡᠭᠦᠷ ᠪᠠ | ᠠᠵᠢᠯ ᠤᠨ ᠴᠤᠪᠤᠷᠠᠯ ᠢ ᠨᠠᠶᠢᠷᠠᠭᠤᠯᠤᠨ ᠵᠣᠬᠢᠶᠠᠵᠤ᠂ 5 ᠲᠥᠷᠥᠯ ᠤᠨ ᠡᠷᠦᠬᠡ ᠠᠮᠠ ᠰᠢᠯᠵᠢᠭᠦᠯᠬᠦ᠂ ᠡᠷᠦᠬᠡ ᠠᠮᠠ ᠶᠢᠨ ᠭᠡᠷᠡᠴᠢ ᠶᠢ ᠪᠢᠴᠢᠵᠦ ᠥᠭᠬᠦ᠂ ᠶᠠᠯ᠎ᠠ ᠬᠢᠭᠰᠡᠨ | ᠲᠡᠮᠳᠡᠭᠯᠡᠯ ᠥᠬᠡᠶ ᠭᠡᠷᠡᠴᠢ ᠶᠢ ᠪᠢᠴᠢᠵᠦ ᠥᠭᠬᠦ ᠳᠤ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠵᠦ᠂ ᠡᠯ᠎ᠡ ᠠᠶᠢᠮᠠᠭ ᠬᠤᠲᠠ ᠶᠢᠨ ᠣᠯᠠᠨ | ᠵᠦᠢᠯ ᠤᠨ ᠬᠡᠷᠡᠭ ᠶᠠᠪᠤᠳᠠᠯ ᠢ ᠪᠥᠬᠦ ᠬᠤᠲᠠ ᠳᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠪᠡ︔ ᠰᠦᠯᠵᠢᠶᠡᠨ ᠳᠡᠭᠡᠷᠡᠬᠢ ᠦᠢᠯᠡᠴᠢᠯᠡᠭᠡ ᠶᠢᠨ ᠶᠠᠰᠤ ᠴᠢᠨᠠᠷ ᠦᠷ᠎ᠡ | ᠪᠦᠲᠦᠮᠵᠢ ᠶᠢᠨ ᠲᠠᠯ᠎ᠠ ᠪᠠᠷ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠢᠴᠢ 12 ᠠᠶᠢᠮᠠᠭ ᠬᠤᠲᠠ ᠳᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠲᠠᠪᠴᠠᠩ ᠪᠠᠶᠢᠭᠤᠯᠵᠤ᠂ ︽ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ︾ APP ᠶᠢ ᠰᠦᠯᠵᠢᠶᠡᠨ ᠳᠤ ᠣᠷᠣᠭᠤᠯᠤᠨ | ᠠᠵᠢᠯᠯᠠᠭᠤᠯᠵᠤ᠂ 287 ᠵᠦᠢᠯ ᠤᠨ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠭᠡᠬᠦ︾ ᠶᠢ ᠪᠡᠶᠡᠯᠡᠭᠦᠯᠵᠦ᠂ ᠬᠢᠯᠢ ᠪᠠᠷ ᠣᠷᠤᠬᠤ ᠭᠠᠷᠬᠤ᠂ ᠵᠠᠮ ᠬᠠᠷᠢᠯᠴᠠᠭᠠᠨ ᠤ | ᠬᠠᠮᠢᠶᠠᠷᠤᠯᠲᠠ ᠪᠠ ᠡᠷᠦᠬᠡ ᠠᠮᠠ ᠶᠢᠨ ᠬᠠᠷᠢᠶ᠎ᠠ ᠶᠢᠨ ᠪᠡᠶ᠎ᠡ ᠶᠢᠨ ᠦᠨᠡᠮᠯᠡᠯ ᠢ ᠭᠦᠢᠴᠡᠳᠭᠡᠬᠦ ᠳᠤ ᠣᠯᠠᠨ ᠵᠦᠢᠯ ᠤᠨ ᠠᠷᠭ᠎ᠠ ᠮᠠᠶ᠋ᠢᠭ ᠢᠶᠠᠷ ᠡᠯᠧᠺᠲᠷᠣᠨ ᠢᠶᠠᠷ | ᠰᠦᠢᠳᠭᠡᠯ ᠲᠤᠰᠢᠶᠠᠬᠤ ᠶᠢ ᠪᠡᠶᠡᠯᠡᠭᠦᠯᠪᠡ︔ ᠰᠦᠯᠵᠢᠶᠡᠨ ᠠᠴᠠ ᠭᠠᠳᠠᠨᠠᠬᠢ ᠦᠢᠯᠡᠴᠢᠯᠡᠭᠡᠨ ᠤ ᠲᠠᠯ᠎ᠠ ᠪᠠᠷ᠂ ᠲᠢᠩᠬᠢᠮ ᠤᠨ ᠲᠣᠰ ᠱᠠᠲᠤᠨ ᠤ 100% ᠶᠢᠨ ᠵᠦᠢᠯᠡᠰ | ᠵᠢᠴᠢ ᠠᠶᠢᠮᠠᠭ ᠬᠤᠲᠠ᠂ ᠬᠤᠰᠢᠭᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 99% ᠶᠢᠨ ᠵᠦᠢᠯᠡᠰ ᠢ ᠠᠳᠠᠯᠢ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠳᠤ ᠣᠷᠣᠭᠤᠯᠤᠨ ᠰᠠᠭᠤᠯᠭᠠᠵᠤ᠂ ᠬᠡᠰᠡᠭ ᠵᠦᠢᠯᠡᠰ ᠢ ︽ᠨᠢᠭᠡ ᠴᠣᠩᠬᠤ ᠪᠠᠷ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠵᠦ᠂ 237 | ᠵᠦᠢᠯᠡᠰ ᠢ ︽ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠵᠦ᠂ ︽ᠨᠢᠭᠡ ᠯᠡ ᠥᠷᠲᠡᠭᠡᠨ ᠤ ᠮᠠᠶ᠋ᠢᠭ︾ ᠤᠨ ᠲᠣᠮᠢᠯᠠᠭᠰᠠᠨ ᠰᠠᠯᠪᠤᠷᠢ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠡᠮᠬᠢ ᠵᠢᠷᠤᠮ ᠲᠠᠢ ᠠᠬᠢᠭᠤᠯᠵᠤ᠂ ᠣᠯᠠᠨ ᠲᠦᠮᠡᠨ ᠳᠤ ᠪᠦᠬᠦᠯᠢ ᠡᠳᠦᠷ ᠤᠨ 7 × 24 ᠴᠠᠭ ᠤᠨ ︽ᠡᠭᠦᠳᠡ ᠪᠠᠨ | ᠬᠠᠭᠠᠬᠤ ᠥᠬᠡᠶ ᠦᠢᠯᠡᠴᠢᠯᠡᠭᠡ︾ ᠬᠠᠩᠭᠠᠪᠠ︔ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠡᠶᠢᠲᠡᠯᠡᠬᠦ | ᠲᠠᠯ᠎ᠠ ᠪᠠᠷ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ 28 | ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠦᠭᠰᠡᠨ ᠤ ᠬᠠᠮᠲᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠳᠠᠶᠢᠴᠢᠯᠠᠵᠤ | ᠪᠠᠶᠢᠭᠠᠳ ᠨᠡᠶᠢᠲᠡ 726 ᠵᠤᠷᠪᠤᠰ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ | ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠪᠡ︔ ᠠᠵᠢᠯ ᠤᠨ ᠲᠣᠭᠲᠠᠴᠠ ᠪᠠ ᠦᠢᠯᠡᠴᠢᠯᠡᠭᠡᠨ ᠤ ᠠᠴᠢᠶᠠᠯᠠᠪᠤᠷᠢ ᠶᠢᠨ ᠲᠠᠯ᠎ᠠ ᠪᠠᠷ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠮᠣ ᠳ᠋ᠠᠶᠢᠲ᠋ᠠ ᠶᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠬᠠᠮᠵᠢᠯᠴᠠᠭᠠᠨ ᠤ ᠰᠢᠨ᠎ᠡ ᠲᠣᠭᠲᠠᠴᠠ᠂ ︽ᠲᠢᠩᠬᠢᠮ | ᠲᠣᠪᠴᠢᠶ᠎ᠠ ᠶᠢ ᠬᠠᠮᠲᠤ ᠪᠠᠷ ᠪᠠᠶᠢᠭᠤᠯᠬᠤ︾ ᠲᠣᠭᠲᠠᠴᠠ ᠵᠢᠴᠢ ︽24 ᠴᠠᠭ ᠤᠨ ᠴᠠᠭᠳᠠᠭᠠᠨ ᠤ ᠲᠣᠪᠴᠢᠶ᠎ᠠ︾ ᠶᠢᠨ ᠰᠢᠨ᠎ᠡ ᠶᠢ ᠡᠭᠦᠳᠪᠡ᠃ ᠠᠯᠢ ᠣᠯᠠᠨ | ᠪᠣᠳᠠᠲᠠᠶ ᠠᠵᠢᠯ ᠤᠨ ᠠᠷᠭ᠎ᠠ ᠬᠡᠮᠵᠢᠶ᠎ᠡ ᠨᠢ ᠣᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢᠨ ᠪᠡᠷᠬᠡ ᠠᠰᠠᠭᠤᠳᠠᠯ᠂ | ᠬᠦᠴᠢᠷ ᠠᠰᠠᠭᠤᠳᠠᠯ᠂ ᠡᠪᠡᠷᠰᠢᠶᠡᠯ ᠢ ᠦᠨᠡᠨ ᠬᠦ ᠨᠡᠪᠲᠡᠷᠡᠭᠦᠯᠵᠦ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ ᠭᠡᠵᠦ ᠨᠡᠶᠢᠳᠡᠯᠡᠪᠡ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠤᠯᠤᠰ ᠲᠥᠷᠦ ᠶᠢᠨ ᠬᠡᠰᠢᠭᠦᠨ ᠵᠠᠩ ᠸᠧᠨ ᠭᠧ | ᠠᠴᠠ᠂ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠲᠣᠮᠢᠯᠠᠭᠰᠠᠨ ᠰᠠᠯᠪᠤᠷᠢ ᠪᠠᠷ ᠭᠤᠣᠯᠳᠠᠯᠭ᠎ᠠ | ᠪᠣᠯᠭᠠᠭᠰᠠᠨ ᠦᠨᠳᠦᠰᠦᠨ ᠱᠠᠲᠤᠨ ᠤ ᠰᠠᠭᠤᠷᠢ ᠠᠵᠢᠯ ᠢ ᠲᠠᠰᠤᠷᠠᠯᠲᠠ ᠦᠭᠡᠶ ᠴᠢᠩᠭᠠᠳᠬᠠᠨ ᠰᠠᠶᠢᠵᠢᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠪᠦᠬᠦᠯᠢ | ᠴᠣᠭᠴᠠ ᠶᠢᠨ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠬᠦᠴᠦᠲᠡᠶ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠵᠤ᠂ ᠢᠯᠠᠩᠭᠤᠶ᠎ᠠ ᠦᠨᠳᠦᠰᠦᠨ ᠱᠠᠲᠤᠨ ᠤ ᠪᠣᠳᠠᠲᠤ ᠬᠦᠴᠦᠨ ᠢ | ᠪᠦᠬᠦ ᠲᠠᠯ᠎ᠠ ᠪᠠᠷ ᠴᠢᠩᠭᠠᠳᠬᠠᠵᠤ᠂ ᠰᠠᠭᠤᠷᠢ ᠠᠵᠢᠯ ᠤᠨ ᠰᠠᠭᠤᠷᠢ ᠶᠢ ᠪᠠᠬᠢᠵᠢᠭᠦᠯᠵᠦ᠂ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠴᠠᠭᠳᠠᠭᠠᠨ ᠤ ᠬᠦᠴᠦᠨ ᠢ | ᠳᠣᠷᠣᠭᠰᠢ ᠪᠠᠭᠤᠯᠭᠠᠬᠤ᠂ ᠪᠠᠲᠤᠯᠠᠭ᠎ᠠ ᠶᠢ ᠳᠣᠷᠣᠭᠰᠢ ᠬᠡᠯᠪᠠᠶᠢᠯᠭᠡᠬᠦ ᠶᠢ ᠪᠠᠷᠢᠮᠲᠠᠯᠠᠨ᠂ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠭᠤᠷᠪᠠᠨ | ᠵᠢᠯ ᠤᠨ ᠠᠬᠢᠭᠤᠯᠬᠤ ᠢᠨᠵᠧᠨᠧᠷᠢᠩ ᠪᠠ ᠪᠠᠶᠢᠭᠤᠯᠭ᠎ᠠ ᠶᠢᠨ ᠴᠠᠭᠳᠠᠭᠠᠨ ᠤ ᠬᠦᠴᠦᠨ ᠢᠶᠠᠷ ᠦᠨᠳᠦᠰᠦᠨ ᠱᠠᠲᠤ ᠶᠢ ᠳᠡᠮᠵᠢᠬᠦ ︽ᠲᠠᠪᠤᠨ ᠵᠢᠯ ᠳᠤ ᠭᠤᠷᠪᠠᠨ ᠪᠦᠯᠦᠭ | ᠨᠢᠭᠡ ᠲᠦᠮᠡᠨ ᠬᠥᠮᠦᠨ︾ ᠤ ᠢᠨᠵᠧᠨᠧᠷᠢᠩ ᠢ ᠬᠡᠷᠡᠭᠵᠢᠭᠦᠯᠵᠦ᠂ ᠪᠥᠬᠦ ᠣᠷᠣᠨ ᠤ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠬᠦᠴᠦᠨ᠂ ᠲᠤᠰᠬᠠᠶ ᠲᠤᠰᠢᠶᠠᠯᠲᠤ | ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠶᠢᠨ ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ᠂ ᠴᠠᠭᠳᠠᠭᠠᠨ ᠤ ᠶᠠᠪᠤᠳᠠᠯ ᠤᠨ ᠲᠣᠨᠤᠭ ᠲᠥᠬᠦᠭᠡᠷᠦᠮᠵᠢ᠂ ᠰᠠᠭᠤᠷᠢ | ᠲᠥᠬᠦᠭᠡᠷᠦᠮᠵᠢ ᠪᠠ ᠨᠡᠶᠢᠲᠡ ᠶᠢᠨ ᠬᠡᠷᠡᠭᠯᠡᠭᠡᠨ ᠤ ᠵᠠᠷᠤᠳᠠᠯ ᠵᠡᠷᠭᠡ ᠭᠦᠢᠴᠡᠳᠭᠡᠯ ᠲᠤᠭ᠎ᠠ ᠶᠢ ᠴᠥᠮ ᠶᠡᠭᠡ ᠪᠠᠷ ᠰᠠᠶᠢᠵᠢᠷᠠᠭᠤᠯᠤᠨ ᠳᠡᠭᠡᠭᠰᠢᠯᠡᠭᠦᠯᠪᠡ︔ ᠴᠠᠭᠳᠠᠭᠠᠨ ᠤ | ᠶᠠᠪᠤᠳᠠᠯ ᠤᠨ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠲᠣᠭᠲᠠᠴᠠ ᠶᠢ ᠳᠠᠬᠢᠨ ᠪᠠᠶᠢᠭᠤᠯᠵᠤ᠂ | ︽ᠲᠣᠮᠣ ᠳ᠋ᠠᠶᠢᠲ᠋ᠠ + ᠲᠣᠤᠷᠵᠢᠭᠤᠯᠬᠤ︾ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠵᠤ᠂ | ᠲᠣᠮᠢᠯᠠᠭᠰᠠᠨ ᠰᠠᠯᠪᠤᠷᠢ ᠶᠢᠨ ︽ᠬᠤᠶᠠᠷ ᠠᠩᠭᠢ ᠨᠢᠭᠡ ᠥᠷᠥᠭᠡ︾ ᠶᠢᠨ ᠴᠠᠭᠳᠠᠭᠠᠨ ᠤ ᠶᠠᠪᠤᠳᠠᠯ ᠤᠨ ᠵᠠᠭᠪᠤᠷ ᠤᠨ ᠥᠭᠡᠷᠡᠴᠢᠯᠡᠯᠲᠡ ᠵᠢᠴᠢ ᠬᠠᠤᠯᠢ ᠬᠡᠷᠡᠭᠵᠢᠭᠦᠯᠵᠦ | ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠲᠣᠮᠢᠯᠠᠭᠰᠠᠨ ᠰᠠᠯᠪᠤᠷᠢ ᠶᠢᠨ ᠬᠠᠤᠯᠢ | ᠬᠡᠷᠡᠭᠵᠢᠭᠦᠯᠵᠦ ᠡᠭᠦᠷᠭᠡ ᠭᠦᠢᠴᠡᠳᠭᠡᠬᠦ ᠶᠢ ᠨᠠᠩ ᠵᠢᠷᠤᠮᠵᠢᠭᠤᠯᠤᠨ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠨᠠᠩ ᠲᠣᠳᠣᠷᠬᠠᠶ ᠪᠣᠯᠭᠠᠵᠤ᠂ ᠦᠢᠯᠡᠴᠢᠯᠡᠭᠡᠨ ᠤ | ᠠᠵᠢᠯᠯᠠᠭᠠᠨ ᠢ ᠨᠠᠩ ᠥᠨᠳᠥᠷ ᠪᠦᠲᠦᠮᠵᠢᠲᠡᠶ ᠪᠣᠯᠭᠠᠵᠤ᠂ ᠪᠥᠬᠦ ᠣᠷᠣᠨ ᠤ ᠡᠷᠡᠭᠦᠤ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠢ ᠵᠢᠯ ᠳᠠᠷᠠᠭᠠᠯᠠᠨ ᠪᠠᠭᠠᠰᠬᠠᠪᠠ︔ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭᠳᠠᠭᠠᠨ ᠤ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠣᠮᠢᠯᠠᠭᠰᠠᠨ ᠰᠠᠯᠪᠤᠷᠢ ᠳᠤ ︽ᠨᠢᠭᠡ ᠴᠠᠭᠳᠠᠭ᠎ᠠ ᠣᠯᠠᠨ ᠴᠢᠳᠠᠪᠤᠷᠢ ᠲᠠᠢ︾ ᠴᠠᠭᠳᠠᠭᠠᠨ ᠤ ᠶᠠᠪᠤᠳᠠᠯ ᠤᠨ | ᠵᠠᠭᠪᠤᠷ ᠢ ᠬᠡᠷᠡᠭᠵᠢᠭᠦᠯᠵᠦ᠂ ᠬᠢᠯᠢ ᠬᠢᠵᠠᠭᠠᠷ ᠤᠨ ᠮᠠᠯᠵᠢᠬᠤ ᠲᠠᠷᠢᠶᠠᠯᠠᠬᠤ ᠣᠷᠣᠨ ᠤ ᠲᠣᠮᠢᠯᠠᠭᠰᠠᠨ ᠰᠠᠯᠪᠤᠷᠢ ᠳᠤ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ | ᠴᠠᠭᠳᠠᠭ᠎ᠠ ᠶᠢᠨ ᠳᠤᠮᠳᠠ ᠠᠩᠭᠢ ᠶᠢᠨ ︽ᠬᠤᠶᠠᠷ ᠴᠠᠭᠳᠠᠭ᠎ᠠ ᠶᠢ ᠨᠢᠭᠡᠳᠬᠡᠬᠦ︾ ᠴᠠᠭᠳᠠᠭᠠᠨ ᠤ ᠶᠠᠪᠤᠳᠠᠯ ᠤᠨ ᠵᠠᠭᠪᠤᠷ ᠢ ᠬᠡᠷᠡᠭᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠴᠠᠭᠳᠠᠭᠠᠨ ᠤ ᠶᠠᠪᠤᠳᠠᠯ ᠤᠨ ᠠᠵᠢᠯ ᠢ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤ ᠶᠢ ᠬᠥᠲᠥᠯᠦᠨ ᠳᠠᠭᠠᠭᠤᠯᠬᠤ | ᠲᠣᠤᠷᠵᠢᠭᠤᠯᠤᠨ ᠵᠠᠰᠠᠬᠤ ᠠᠵᠢᠯ ᠳᠤ ᠠᠭᠤᠰᠤᠯᠴᠠᠭᠤᠯᠤᠨ᠂ ︽ᠨᠢᠭᠡ ᠲᠣᠰᠬᠤᠨ ᠳᠤ ᠨᠢᠭᠡ ᠬᠠᠪᠰᠤᠷᠤᠭᠴᠢ ᠴᠠᠭᠳᠠᠭ᠎ᠠ︾ ᠶᠢᠨ ᠪᠠᠶᠢᠭᠤᠯᠤᠯᠲᠠ ᠶᠢ ᠶᠡᠬᠡᠪᠡᠷ | ᠠᠬᠢᠭᠤᠯᠵᠤ᠂ ᠪᠥᠬᠦ ᠣᠷᠣᠨ ᠤ ︽ᠨᠢᠭᠡ ᠲᠣᠰᠬᠤᠨ ᠳᠤ ᠨᠢᠭᠡ ᠬᠠᠪᠰᠤᠷᠤᠭᠴᠢ ᠴᠠᠭᠳᠠᠭ᠎ᠠ︾ ᠶᠢᠨ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠦᠭᠰᠡᠨ | ᠭᠡᠵᠦ ᠨᠡᠶᠢᠳᠡᠯᠡᠪᠡ᠃ | ᠰᠣᠨᠢᠨ ᠮᠡᠳᠡᠭᠡ ᠨᠡᠶᠢᠲᠡᠯᠡᠬᠦ ᠬᠤᠷᠠᠯ ᠢ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ ᠰᠣᠨᠢᠨ ᠮᠡᠳᠡᠭᠡ ᠤᠬᠠᠭᠤᠯᠬᠤ | ᠭᠠᠵᠠᠷ ᠤᠨ ᠳᠠᠷᠤᠭ᠎ᠠ ᠶᠠᠨ ᡁᠢ ᠵᠥᠩ ᠡᠷᠭᠢᠯᠡᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ | ᠶᠡᠷᠦᠩᠬᠡᠶ ᠠᠩᠭᠢ ᠶᠢᠨ ᠳᠠᠷᠤᠭ᠎ᠠ ᠴᠢ ᠹᠧᠩ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ | ᠳᠠᠷᠤᠭ᠎ᠠ ᠳ᠋ᠠᠶ ᠯᠸᠢ ᠯᠸᠢ ᠲᠤᠬᠠᠶ ᠶᠢᠨ ᠲᠠᠯᠠᠪᠠᠶ ᠳᠤ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |