ᠥᠩᠭᠡᠲᠦ ᠪᠡᠶᠡᠲᠦ ᠵᠢᠷᠤᠭᠠᠰᠤ ᠨᠢ ᠬᠤᠲᠠ ᠶᠢᠨ ᠪᠠᠶᠢᠭᠤᠯᠤᠯᠲᠠ ᠳᠤ ︽ᠥᠩᠭᠡᠲᠦ︾ ᠬᠤᠪᠢ ᠨᠡᠮᠡᠷᠢ ᠦᠵᠡᠭᠦᠯᠦᠨ᠎ᠡ
ᠨᠡᠶᠢᠲᠡᠯᠡᠭᠰᠡᠨ ᠴᠠᠭ᠄
2022/7/21
    ᠮᠠᠨ ᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ᠂ ᠪᠣᠯᠪᠠᠰᠤᠨ ᠵᠠᠮ ᠬᠠᠷᠢᠯᠴᠠᠭᠠᠨ ᠤ ᠣᠶᠢᠯᠠᠭᠠᠭᠳᠠᠬᠤᠨ ᠢ ᠤᠯᠠᠮ ᠨᠢᠭᠡ ᠠᠯᠬᠤᠮ ᠤᠯᠠᠮᠵᠢᠯᠠᠬᠤ᠂ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠠᠶᠢᠵᠢᠷᠠᠭᠤᠯᠬᠤ ᠶᠢᠨ ᠲᠥᠯᠥᠭᠡ᠂ ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠬᠠᠶᠢᠯᠠᠷ ᠤᠨ ᠭᠤᠤᠯ ᠬᠤᠲᠠ ᠲᠣᠭᠤᠷᠢᠭ ᠵᠢᠴᠢ ᠰᠢᠨ᠎ᠡ ᠬᠤᠲᠠ ᠲᠣᠭᠤᠷᠢᠭ ᠤᠨ ᠵᠠᠮ ᠳᠤ ᠲᠡᠮᠳᠡᠭ ᠵᠢᠷᠤᠭᠠᠰᠤ ᠵᠢᠷᠤᠵᠤ ᠡᠬᠢᠯᠡᠭᠰᠡᠨ ᠪᠥᠭᠡᠳ ᠬᠡᠰᠡᠭ ᠵᠠᠮ ᠤᠨ ᠠᠭᠤᠯᠵᠠᠷ ᠲᠤ ᠪᠣᠰᠤᠭ᠎ᠠ ᠥᠩᠭᠡᠲᠦ ᠡᠷᠢᠶᠡᠨ ᠱᠤᠭᠤᠮ ᠨᠡᠮᠡᠵᠦ ᠭᠠᠷᠭᠠᠭᠰᠠᠨ ᠪᠠᠶᠢᠨ᠎ᠠ᠃
1.jpg  
      ᠠᠷᠤᠨ ᠵᠠᠮ ᠤᠨ ᠯᠢᠦᠶ ᠰᠢᠶᠠᠩ ᠵᠣᠴᠢᠳ ᠤᠨ ᠪᠠᠭᠤᠳᠠᠯ ᠤᠨ ᠡᠭᠦᠳᠡᠨ ᠡᠮᠦᠨᠡᠬᠢ T ᠬᠡᠯᠪᠡᠷᠢᠲᠦ ᠵᠠᠮ ᠤᠨ ᠠᠭᠤᠯᠵᠠᠷ ᠲᠤ᠂ ᠭᠤᠷᠪᠠᠨ ᠵᠤᠷᠪᠤᠰ ᠥᠩᠭᠡ ᠢᠯᠭᠠᠷᠠᠭᠰᠠᠨ ᠪᠥᠭᠡᠳ ᠪᠡᠶᠡᠲᠦ ᠡᠷᠢᠶᠡᠨ ᠱᠤᠭᠤᠮ ᠨᠢ ᠪᠠᠷᠤᠭᠰᠢᠨ ᠵᠠᠮ ᠲᠠᠢ ᠨᠡᠯᠢᠶᠡᠳ ᠴᠢᠩᠭ᠎ᠠ ᠬᠠᠷᠠᠭᠠᠨ ᠰᠡᠷᠡᠯ ᠤᠨ ᠵᠥᠷᠢᠶ᠎ᠡ ᠲᠠᠢ ᠪᠣᠯᠵᠣ᠂ ᠪᠣᠰᠤᠭ᠎ᠠ ᠵᠤᠷᠪᠤᠰ ︽ᠶᠠᠪᠠᠭᠠᠨ ᠬᠥᠮᠦᠨ ᠳᠤ ᠨᠠᠶᠢᠷ ᠲᠠᠯᠪᠢᠬᠤ︾ ᠥᠰᠥᠭ ᠤᠨ ᠲᠢᠭ ᠨᠢ ᠢᠯᠡᠳᠲᠡ ᠦᠢᠯᠡᠳᠦᠯ ᠲᠠᠢ ᠪᠠᠶᠢᠳᠠᠭ᠃ ᠬᠤᠯᠠ ᠠᠴᠠ ᠬᠠᠷᠠᠬᠤ ᠳᠤ᠂ ᠡᠷᠢᠶᠡᠨ ᠱᠤᠭᠤᠮ ᠨᠢ ᠲᠠᠩ ᠴᠤᠯᠭᠤᠶ ᠴᠠᠭᠠᠨ ᠪᠢᠰᠢ ᠪᠣᠯᠵᠣ᠂ ᠣᠲᠣ ᠥᠩᠭᠡ ᠢᠯᠭᠠᠷᠠᠭᠰᠠᠨ ᠪᠥᠭᠡᠳ ᠦᠵᠡᠮᠵᠢᠲᠡᠶ ᠰᠠᠶᠢᠬᠠᠨ ᠪᠣᠯᠤᠭᠰᠠᠨ ᠪᠠᠶᠢᠨ᠎ᠠ᠃ ᠡᠭᠦᠨ ᠤ ᠬᠠᠮᠲᠤ ᠡᠷᠢᠶᠡᠨ ᠵᠢᠷᠤᠭᠠᠰᠤ ᠶᠢᠨ ᠥᠷᠭᠡᠨ ᠤ ᠬᠡᠮᠵᠢᠶ᠎ᠡ ᠨᠢ ᠴᠦ ᠥᠷᠭᠡᠳᠴᠦ᠂ ᠣᠯᠠᠨ ᠵᠦᠢᠯ ᠤᠨ ᠥᠩᠭᠡ ᠶᠢᠨ ᠳᠡᠭᠡᠷ᠎ᠡ ᠥᠷᠭᠡᠨ ᠤ ᠬᠡᠮᠵᠢᠶ᠎ᠡ ᠶᠢᠨ ᠲᠣᠬᠢᠷᠠᠭᠤᠯᠤᠯᠲᠠ ᠶᠢ ᠨᠡᠮᠡᠭᠰᠡᠨ ᠠᠴᠠ ᠬᠥᠮᠦᠰ ᠡᠷᠢᠶᠡᠨ ᠵᠢᠷᠤᠭᠠᠰᠤ ᠶᠢᠨ ᠵᠠᠰᠠᠮᠠᠯ ᠵᠠᠮ ᠠᠴᠠ ︽ᠭᠦᠳᠦ᠋ᠢᠬᠦ︾ ᠠᠨᠳᠠᠭᠤ ᠰᠡᠷᠡᠯ ᠢ ᠡᠭᠦᠰᠭᠡᠵᠦ᠂ ᠵᠠᠮ ᠤᠨ ᠨᠢᠭᠤᠷ ᠳᠡᠭᠡᠷᠡᠬᠢ ᠡᠷᠢᠶᠡᠨ ᠵᠢᠷᠤᠭᠠᠰᠤ ᠶᠢ ᠪᠣᠰᠤᠭ᠎ᠠ ᠪᠡᠶᠡᠲᠦ ᠪᠣᠯᠭᠠᠭᠰᠠᠨ ᠪᠠᠶᠢᠨ᠎ᠠ᠃ ᠥᠩᠭᠡᠷᠡᠬᠦ ᠵᠢᠯᠣᠭᠤᠴᠢ ᠶᠢᠨ ᠲᠡᠷᠭᠡᠨ ᠤ ᠬᠤᠷᠳᠤᠴᠠ ᠶᠢ ᠤᠬᠠᠮᠰᠠᠷ ᠠᠴᠠ ᠪᠠᠨ ᠤᠳᠠᠭᠠᠰᠢᠷᠠᠭᠤᠯᠵᠤ᠂ ᠶᠠᠪᠠᠭᠠᠨ ᠬᠥᠮᠦᠨ ᠳᠤ ᠨᠠᠶᠢᠷ ᠲᠠᠯᠪᠢᠬᠤ ᠬᠡᠷᠡᠭᠲᠡᠶ︔ ᠬᠥᠮᠦᠰ ᠪᠠᠰᠠ ᠡᠳᠡᠭᠡᠷ ᠢᠯᠭᠠᠨ ᠲᠠᠨᠢᠬᠤ ᠬᠡᠮᠵᠢᠶ᠎ᠡ ᠲᠠᠢ ᠶᠠᠪᠠᠭᠠᠨ ᠬᠥᠮᠦᠨ ᠤ ᠬᠥᠨᠳᠡᠯᠡᠨ ᠱᠤᠭᠤᠮ ᠳᠤ ᠲᠠᠲᠠᠭᠳᠠᠵᠤ᠂ ᠱᠤᠭᠤᠮ ᠤᠨ ᠭᠠᠳᠠᠨ᠎ᠠ ᠠᠯᠬᠤᠬᠤ ᠪᠠ ᠳᠤᠷ᠎ᠠ ᠪᠠᠷ ᠢᠶᠠᠨ ᠵᠢᠰᠢᠭᠦᠦ ᠠᠯᠬᠤᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠶᠢᠨ ᠡᠭᠦᠰᠬᠦ ᠶᠢ ᠪᠠᠭᠠᠰᠬᠠᠪᠠ᠃
5.jpg  
      ᠠᠷᠤᠨ ᠵᠠᠮ ᠤᠨ ᠠᠯᠤᠬᠠᠨ ᠬᠡᠯᠪᠡᠷᠢᠲᠦ ᠵᠠᠮ ᠤᠨ ᠠᠭᠤᠯᠵᠠᠷ ᠠᠴᠠ ᠭᠠᠳᠠᠨ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠨᠢ ᠵᠠᠬᠢᠷᠭ᠎ᠠ ᠶᠢᠨ ᠵᠠᠮ ᠤᠨ ᠠᠭᠤᠯᠵᠠᠷ᠂ ᠲᠢᠶᠠᠨ ᠡᠸ᠋ ᠸᠠᠨ ᠵᠠᠮ ᠤᠨ ᠠᠭᠤᠯᠵᠠᠷ ᠵᠡᠷᠭᠡ 10 ᠭᠠᠵᠠᠷ ᠲᠤ ᠥᠩᠭᠡᠲᠦ ᠪᠡᠶᠡᠲᠦ ᠡᠷᠢᠶᠡᠨ ᠱᠤᠭᠤᠮ ᠵᠢᠷᠤᠵᠤ᠂ ᠣᠯᠠᠩᠬᠢ ᠨᠢ ᠬᠥᠮᠦᠨ ᠤ ᠤᠷᠤᠰᠬᠠᠯ᠂ ᠲᠡᠷᠭᠡᠨ ᠤ ᠤᠷᠤᠰᠬᠠᠯ ᠨᠡᠯᠢᠶᠡᠳ ᠣᠯᠠᠨ ᠬᠤᠳᠠᠯᠳᠤᠭᠠᠨ ᠤ ᠲᠣᠭᠤᠷᠢᠭ ᠪᠠ ᠰᠡᠯᠡᠭᠦᠴᠡᠯ ᠤᠨ ᠲᠣᠭᠤᠷᠢᠭ ᠪᠣᠯᠤᠨ᠎ᠠ᠃ ᠥᠩᠭᠡ ᠢᠯᠭᠠᠷᠠᠭᠰᠠᠨ ᠡᠷᠢᠶᠡᠨ ᠱᠤᠭᠤᠮ ᠨᠢ ᠵᠠᠮ ᠬᠠᠷᠢᠯᠴᠠᠭᠠᠨ ᠤ ᠬᠡᠷᠡᠭᠴᠡᠭᠡ ᠶᠢ ᠬᠠᠩᠭᠠᠬᠤ ᠪᠠ ᠬᠥᠮᠦᠰ ᠤᠨ ᠡᠳᠦᠷ ᠲᠤᠲᠤᠮ ᠤᠨ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠶᠢ ᠬᠠᠩᠭᠠᠭᠰᠠᠨ ᠤᠷᠢᠲᠠᠯ ᠳᠣᠤᠷ᠎ᠠ᠂ ᠡᠶᠢᠮᠦᠷᠬᠦ ᠪᠦᠲᠦᠭᠡᠯᠴᠢ ᠰᠡᠳᠬᠢᠮᠵᠢ ᠪᠠᠷ ᠲᠡᠭᠦᠯᠳᠡᠷ ᠡᠷᠢᠶᠡᠨ ᠱᠤᠭᠤᠮ ᠨᠢ ᠴᠦ ᠠᠮᠢᠳᠤᠷᠠᠯ ᠤᠨ ᠥᠩᠭᠡ ᠪᠤᠳᠤᠭ ᠢ ᠪᠠᠭ᠎ᠠ ᠪᠤᠰᠤ ᠨᠡᠮᠡᠭᠳᠡᠭᠦᠯᠵᠦ᠂ ᠨᠢᠭᠡ ᠯᠡ ᠠᠳᠠᠯᠢ ᠬᠠᠷ᠎ᠠ ᠴᠠᠭᠠᠨ ᠵᠢᠷᠤᠭᠠᠰᠤ ᠶᠢ ᠰᠢᠪᠲᠤᠯᠤᠨ᠂ ᠬᠤᠲᠠ ᠶᠢᠨ ᠣᠶᠤᠨ ᠤ ᠪᠣᠯᠪᠠᠰᠤᠨ ᠤ ᠪᠡᠯᠭᠡ ᠲᠡᠮᠳᠡᠭ ᠪᠣᠯᠵᠣ᠂ ᠥᠪᠡᠷᠮᠢᠴᠡ ᠣᠨᠴᠠᠯᠢᠭ ᠲᠠᠢ ᠬᠥᠯᠥᠨ ᠪᠤᠶᠢᠷ ᠬᠤᠲᠠ ᠶᠢᠨ ᠪᠣᠯᠪᠠᠰᠤᠨ ᠤ ᠱᠤᠭᠤᠮ ᠲᠠᠢ ᠪᠣᠯᠤᠭᠰᠠᠨ ᠪᠠᠶᠢᠨ᠎ᠠ︕ ᠭᠡᠬᠦ ᠮᠡᠲᠦ ᠶᠢᠨ ᠥᠩᠭᠡ ᠪᠤᠳᠤᠭ ᠰᠣᠯᠣᠩᠭᠠᠷᠠᠭᠰᠠᠨ ᠡᠷᠢᠶᠡᠨ ᠱᠤᠭᠤᠮ ᠨᠢ ᠵᠠᠮ ᠬᠠᠷᠢᠯᠴᠠᠭᠠᠨ ᠤ ᠬᠡᠷᠡᠭᠴᠡᠭᠡ ᠶᠢ ᠬᠠᠩᠭᠠᠬᠤ ᠪᠠ ᠬᠥᠮᠦᠰ ᠤᠨ ᠡᠳᠦᠷ ᠲᠤᠲᠤᠮ ᠤᠨ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠶᠢ ᠬᠠᠩᠭᠠᠭᠰᠠᠨ ᠤᠷᠢᠲᠠᠯ ᠳᠣᠤᠷ᠎ᠠ᠂ ᠥᠪᠡᠷᠮᠢᠴᠡ ᠣᠨᠴᠠᠯᠢᠭ ᠲᠠᠢ ᠡᠷᠢᠶᠡᠨ ᠱᠤᠭᠤᠮ ᠨᠢ ᠴᠦ ᠠᠮᠢᠳᠤᠷᠠᠯ ᠤᠨ ᠥᠩᠭᠡ ᠪᠤᠳᠤᠭ ᠢ ᠪᠠᠭ᠎ᠠ ᠪᠤᠰᠤ ᠨᠡᠮᠡᠭᠳᠡᠭᠦᠯᠵᠦ ᠪᠠᠶᠢᠨ᠎ᠠ᠃ 
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ