ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠤᠷᠴᠢᠨ ᠲᠤᠭᠤᠷᠢᠨ ᠢᠳᠡᠭᠡᠨ ᠡᠮ ᠤᠨ ᠵᠦᠢᠯᠡᠰ ᠤᠨ ᠶᠠᠯᠠᠲᠦ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ︽ᠪᠡᠶ᠎ᠡ ᠲᠠᠮᠢᠷ ᠤᠨ ᠬᠥᠳᠡᠯᠭᠡᠭᠡᠨ ᠢ ᠬᠥᠭᠵᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ︾ ᠪᠢᠴᠢᠭᠡᠰᠦ ᠪᠢᠴᠢᠭᠰᠡᠨ 70 ᠵᠢᠯ ᠤᠨ ᠣᠶ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠤᠤᠯ ᠰᠡᠳᠦᠪᠳᠦ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2022/7/21
      ᠤᠷᠴᠢᠮ ᠤᠨ ᠡᠳᠦᠷ᠂ ᠪᠥᠬᠦ ᠴᠠᠭᠳᠠᠭᠠᠨ ᠤ ᠪᠡᠶ᠎ᠡ ᠮᠠᠬᠠᠪᠣᠳ ᠢ ᠤᠯᠠᠮ ᠨᠢᠭᠡ ᠠᠯᠬᠤᠮ ᠴᠢᠭᠢᠷᠠᠭᠵᠢᠭᠤᠯᠬᠤ᠂ ᠡᠷᠡᠭᠦᠯ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠶᠢᠨ ᠲᠥᠯᠥᠭᠡ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠤᠷᠴᠢᠨ ᠲᠤᠭᠤᠷᠢᠨ ᠢᠳᠡᠭᠡᠨ ᠡᠮ ᠤᠨ ᠵᠦᠢᠯᠡᠰ ᠤᠨ ᠶᠠᠯᠠᠲᠦ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ︽ᠪᠡᠶ᠎ᠡ ᠲᠠᠮᠢᠷ ᠤᠨ ᠬᠥᠳᠡᠯᠭᠡᠭᠡᠨ ᠢ ᠬᠥᠭᠵᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ︾ ᠪᠢᠴᠢᠭᠡᠰᠦ ᠪᠢᠴᠢᠭᠰᠡᠨ 70 ᠵᠢᠯ ᠤᠨ ᠣᠶ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠭᠤᠤᠯ ᠰᠡᠳᠦᠪᠳᠦ ᠠᠵᠢᠯᠯᠠᠭ᠎ᠠ ᠶᠢ ᠥᠷᠨᠢᠭᠦᠯᠵᠦ᠂ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯᠯᠠᠭ᠎ᠠ ᠳᠤ ᠣᠷᠣᠯᠴᠠᠪᠠ᠃
83 (1).jpg  
      ᠵᠠᠯᠠᠶᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠤᠷᠴᠢᠨ ᠲᠤᠭᠤᠷᠢᠨ ᠢᠳᠡᠭᠡᠨ ᠡᠮ ᠤᠨ ᠵᠦᠢᠯᠡᠰ ᠤᠨ ᠶᠠᠯᠠᠲᠦ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠲᠥᠪ ᠵᠤᠭᠰᠤᠬᠤ᠂ ᠰᠤᠯᠠ ᠵᠣᠭᠰᠣᠬᠤ᠂ ᠶᠣᠰᠣᠯᠠᠬᠤ ᠵᠡᠷᠭᠡ ᠪᠣᠯᠪᠠᠰᠤᠷᠠᠯ ᠤᠨ ᠠᠭᠤᠯᠭ᠎ᠠ ᠠᠴᠠ ᠭᠠᠷᠳᠠᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠡᠪ ᠪᠣᠯᠪᠠᠰᠤᠷᠠᠯ ᠢ ᠦᠨᠡᠨ ᠬᠦ ᠴᠢᠩᠭᠠᠳᠬᠠᠪᠠ᠃ ᠪᠣᠯᠪᠠᠰᠤᠷᠠᠯ ᠤᠨ ᠶᠠᠪᠤᠴᠠ ᠳᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠪᠣᠯᠪᠠᠰᠤᠷᠠᠯ ᠤᠨ ᠡᠮᠬᠢ ᠵᠢᠷᠤᠮ ᠢ ᠴᠢᠩᠭ᠎ᠠ ᠵᠢᠷᠤᠮᠯᠠᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠵᠢᠴᠢ ᠨᠠᠷᠢᠨ ᠬᠢᠨᠠᠮᠠᠭᠠᠢ ᠪᠣᠯᠪᠠᠰᠤᠷᠠᠯ ᠤᠨ ᠣᠪᠣᠷ ᠢ ᠢᠯᠡᠷᠡᠭᠦᠯᠵᠦ᠂ ᠪᠦᠬᠦ ᠴᠠᠭᠳᠠᠭ᠎ᠠ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠲᠡᠮᠡᠴᠡᠯ ᠤᠨ ᠵᠣᠷᠢᠭ ᠪᠠᠳᠠᠷᠠᠩᠭᠤᠢ ᠪᠠᠶᠢᠵᠤ᠂ ᠬᠦᠴᠢᠷ ᠠᠴᠠ ᠠᠶᠤᠬᠤ ᠦᠭᠡᠢ᠂ ᠶᠠᠳᠠᠷᠠᠯ ᠵᠦᠳᠡᠷᠡᠯ ᠠᠴᠠ ᠠᠶᠤᠬᠤ ᠦᠭᠡᠢ᠂ ᠨᠤᠭᠤᠷᠠᠰᠢ ᠦᠭᠡᠢ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ︽ᠠᠳᠠᠯᠢᠳᠬᠠᠬᠤ᠂ ᠰᠤᠷᠤᠯᠴᠠᠬᠤ᠂ ᠭᠦᠢᠴᠡᠬᠦ᠂ ᠳᠠᠪᠠᠭ᠋ᠤ︾ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠣᠯᠪᠠᠰᠤᠷᠠᠯ ᠤᠨ ᠬᠠᠷᠠᠯᠲᠠ ᠳᠤ ᠬᠥᠷᠪᠡ᠃
  83 (3).jpg
      ᠲᠣᠰ ᠤᠳᠠᠭᠠᠨ ᠤ ᠪᠡᠶ᠎ᠡ ᠴᠢᠭᠢᠷᠠᠭᠵᠢᠭᠤᠯᠬᠤ ᠭᠤᠤᠯ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠮᠠᠨ ᠤ ᠶᠡᠭᠡ ᠠᠩᠭᠢ ᠶᠢᠨ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠡᠶ᠎ᠡ ᠮᠠᠬᠠᠪᠣᠳ ᠤᠨ ᠨᠥᠭᠡᠴᠡ ᠪᠠ ᠳᠠᠭᠠᠭᠠᠮᠠᠭᠠᠶ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠪᠥᠬᠦ ᠭᠡᠰᠢᠭᠦᠳ ᠤᠨ ᠵᠣᠷᠢᠭ ᠰᠠᠨᠠᠭ᠎ᠠ ᠵᠠᠩ ᠴᠢᠨᠠᠷ ᠢ ᠳᠠᠪᠲᠠᠨ ᠪᠣᠯᠪᠠᠰᠤᠷᠠᠭᠤᠯᠵᠤ᠂ ᠡᠩᠨᠡᠭᠡ ᠶᠢᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠩᠨᠡᠭᠡᠨ ᠤ ᠰᠠᠬᠢᠯᠭ᠎ᠠ ᠪᠠᠲᠤ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠬᠤᠶᠢᠰᠢᠳᠠ ᠶᠢᠨ ᠤᠷᠤᠭᠰᠢᠲᠠᠶ ᠠᠵᠢᠯᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ