ᠬᠠᠶᠢᠯᠠᠷ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠤᠶᠤᠨᠲᠤ ᠴᠠᠭᠳᠠᠭᠠᠨ ᠤ ᠲᠡᠷᠭᠡ ᠶᠢ ᠨᠢᠭᠡᠲᠤᠯᠲᠠᠢ ᠲᠠᠷᠬᠠᠭᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/7/4
      ᠲᠣᠮᠢᠯᠠᠭᠰᠠᠨ ᠰᠠᠯᠪᠤᠷᠢ ᠶᠢᠨ ︽ᠬᠤᠶᠠᠷ ᠠᠩᠭᠢ ᠨᠢᠭᠡ ᠲᠠᠰᠤᠭ︾ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠥᠭᠬᠦ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠵᠤ᠂ ᠦᠨᠳᠦᠰᠦᠨ ᠱᠠᠲᠤᠨ ᠤ ᠴᠠᠭᠳᠠᠭᠠᠨ ᠤ ᠶᠠᠪᠤᠳᠠᠯ ᠤᠨ ᠠᠵᠢᠯ ᠤᠨ ᠪᠣᠳᠠᠲᠤ ᠪᠠᠶᠢᠯᠳᠤᠭᠠᠨ ᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠠᠶᠢᠯᠠᠷ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠤᠶᠤᠨᠲᠤ ᠴᠠᠭᠳᠠᠭᠠᠨ ᠤ ᠲᠡᠷᠭᠡ ᠶᠢ ᠨᠢᠭᠡᠲᠤᠯᠲᠠᠢ ᠲᠠᠷᠬᠠᠭᠠᠬᠤ ᠶᠣᠰᠣᠯᠠᠯ ᠶᠠᠪᠤᠭᠤᠯᠵᠤ᠂ ᠰᠢᠨ᠎ᠡ ᠪᠠᠷ ᠬᠤᠳᠠᠯᠳᠤᠨ ᠠᠪᠤᠭᠰᠠᠨ 11 ᠤᠶᠤᠨᠲᠤ ᠴᠠᠭᠳᠠᠭᠠᠨ ᠤ ᠲᠡᠷᠭᠡ ᠶᠢ ᠪᠦᠬᠦᠨ ᠢ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠳᠤ ᠲᠠᠷᠬᠠᠭᠠᠪᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠨᠢ ᠷᠦᠩ ᠭᠤᠸᠠᠩ᠂ ᠬᠠᠶᠢᠯᠠᠷ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠮᠢᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠵᠢᠴᠢ ᠬᠠᠶᠢᠯᠠᠷ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠲᠠᠷᠬᠠᠭᠠᠬᠤ ᠶᠣᠰᠣᠯᠠᠯ ᠳᠤ ᠣᠷᠣᠯᠴᠠᠵᠤ᠂ ᠶᠣᠰᠣᠯᠠᠯ ᠢ ᠬᠠᠶᠢᠯᠠᠷ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠲᠧᠩ ᠯᠢ ᠱᠠᠨ ᠡᠷᠭᠢᠯᠡᠪᠡ᠃ 
1.JPG
      ᠲᠣᠪᠴᠢᠶᠠᠨ ᠤ ᠪᠠᠶᠢᠩᠭᠤ ᠶᠢᠨ ᠳᠡᠳ᠋ ᠳᠠᠷᠤᠭ᠎ᠠ ᠨᠢ ᠷᠦᠩ ᠭᠤᠸᠠᠩ ᠦᠭᠡ ᠬᠡᠯᠡᠬᠦ ᠳᠤ ᠪᠠᠨ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠪᠠ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠳᠡᠮᠵᠢᠯᠭᠡ ᠳᠤᠤᠷ᠎ᠠ᠂ ᠬᠠᠶᠢᠯᠠᠷ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠶ ᠠᠵᠢᠯᠯᠠᠵᠤ᠂ ᠡᠯ᠎ᠡ ᠲᠣᠮᠢᠯᠠᠭᠰᠠᠨ ᠰᠠᠯᠪᠤᠷᠢ᠂ ᠡᠷᠡᠭᠦᠦ ᠶᠢᠨ ᠴᠠᠭᠳᠠᠭ᠎ᠠ ᠪᠠ ᠣᠨᠴᠠ ᠲᠥᠷᠥᠯ ᠤᠨ ᠴᠠᠭᠳᠠᠭ᠎ᠠ ᠵᠡᠷᠭᠡ ᠰᠠᠯᠠᠭ᠎ᠠ ᠮᠥᠴᠢᠷ ᠲᠤ ᠴᠠᠭ ᠲᠤᠬᠠᠶ ᠳᠤ ᠨᠢ 20 ᠮᠠᠰᠢᠨ ᠲᠡᠷᠭᠡ ᠬᠤᠳᠠᠯᠳᠤᠨ ᠠᠪᠴᠤ ᠥᠭᠭᠦᠭᠰᠡᠨ ᠪᠥᠭᠡᠳ ᠪᠥᠬᠦ ᠬᠤᠲᠠ ᠶᠢᠨ ᠬᠡᠪᠴᠢᠶᠡᠨ ᠳᠤ ᠬᠠᠮᠤᠭ ᠲᠡᠷᠢᠭᠦᠨ ᠳᠤ 11 ᠤᠶᠤᠨᠲᠤ ᠴᠠᠭᠳᠠᠭᠠᠨ ᠤ ᠲᠡᠷᠭᠡ ᠶᠢ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠳᠤ ᠲᠣᠬᠢᠷᠠᠭᠤᠯᠵᠤ᠂ ︽ᠬᠤᠶᠠᠷ ᠠᠩᠭᠢ ᠨᠢᠭᠡ ᠲᠠᠰᠤᠭ︾ ᠤᠨ ᠪᠥᠲᠥᠭᠡᠨ ᠪᠠᠶᠢᠭᠤᠯᠤᠯᠲᠠ ᠪᠠ ︽ᠮᠡᠳᠡᠭᠡ ᠵᠢᠯᠣᠭᠤᠳᠬᠤ ᠦᠢᠯᠡᠴᠢᠯᠡᠭᠡ ᠶᠠᠷᠢᠶ᠎ᠠ︾ ᠶᠢ ᠨᠢᠭᠡ ᠴᠣᠭᠴᠠᠵᠢᠭᠤᠯᠤᠭᠰᠠᠨ ᠪᠣᠳᠠᠲᠤ ᠪᠠᠶᠢᠯᠳᠤᠭᠠᠨ ᠤ ᠠᠵᠢᠯ ᠤᠨ ᠦᠷ᠎ᠡ ᠪᠦᠲᠦᠮᠵᠢ ᠶᠢ ᠬᠦᠴᠦᠲᠡᠶ ᠳᠡᠭᠡᠭᠰᠢᠯᠡᠭᠦᠯᠪᠡ ᠭᠡᠵᠦ ᠲᠠᠨᠢᠯᠴᠠᠭᠤᠯᠪᠠ᠃ ᠬᠠᠶᠢᠯᠠᠷ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠲᠣᠰ ᠤᠳᠠᠭᠠᠨ ᠤ ᠤᠶᠤᠨᠲᠤ ᠴᠠᠭᠳᠠᠭᠠᠨ ᠤ ᠲᠡᠷᠭᠡ ᠶᠢ ᠲᠠᠷᠬᠠᠭᠠᠬᠤ ᠪᠠᠷ ᠠᠵᠠ ᠲᠣᠬᠢᠶᠠᠯ ᠪᠣᠯᠭᠠᠵᠤ᠂ ᠭᠤᠤᠯ ᠬᠤᠲᠠ ᠲᠣᠭᠤᠷᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠠᠮᠤᠷ ᠠᠮᠤᠭᠤᠯᠠᠩ ᠢ ᠦᠨᠡᠨᠴᠢ ᠪᠠᠷ ᠬᠠᠮᠠᠭᠠᠯᠠᠬᠤ︾ ᠵᠠᠭᠤᠨ ᠡᠳᠦᠷ ᠤᠨ ᠶᠡᠭᠡ ᠴᠡᠷᠢᠭ ᠤᠨ ᠪᠣᠯᠪᠠᠰᠤᠷᠠᠯ ᠤᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ ᠪᠣᠳᠠᠲᠠᠶ ᠴᠣᠬᠢᠯᠲᠠ ᠥᠭᠴᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠥᠷᠥ ᠶᠢᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
7.jpg
      ᠲᠣᠰ ᠤᠳᠠᠭᠠᠨ ᠤ ᠤᠶᠤᠨᠲᠤ ᠴᠠᠭᠳᠠᠭᠠᠨ ᠤ ᠲᠡᠷᠭᠡ ᠶᠢ ᠲᠠᠷᠬᠠᠭᠠᠭᠰᠠᠨ ᠨᠢ ᠬᠤᠪᠢᠶᠠᠷᠢ ᠲᠣᠪᠴᠢᠶ᠎ᠠ ᠶᠢᠨ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢ ᠰᠠᠶᠢᠵᠢᠷᠠᠭᠤᠯᠬᠤ᠂ ᠳᠣᠲᠣᠭᠠᠳᠤ ᠶᠢ ᠬᠠᠮᠠᠭᠠᠯᠠᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ  ᠳᠤ  ᠬᠦᠴᠦᠲᠡᠶ  ᠠᠬᠢᠭᠤᠯᠬᠤ  ᠦᠢᠯᠡᠳᠦᠯ ᠦᠵᠡᠭᠦᠯᠪᠡ᠃ ᠳᠠᠷᠠᠭᠠᠴᠢ ᠶᠢᠨ ᠠᠯᠬᠤᠮ ᠳᠤ᠂ ᠬᠠᠶᠢᠯᠠᠷ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠡᠶᠢᠭᠡᠮ ᠤᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠨᠢᠭᠲᠠᠴᠠ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠡᠳᠦᠷ ᠢᠶᠠᠷ ᠴᠠᠭᠳᠠᠭᠠᠨ ᠲᠡᠷᠭᠡ ᠶᠢ ᠣᠯᠵᠤ ᠦᠵᠡᠬᠦ᠂ ᠰᠥᠨᠢ ᠪᠠᠷ ᠴᠠᠭᠳᠠᠭᠠᠨ ᠳ᠋ᠧᠩ ᠢ ᠣᠯᠵᠤ ᠦᠵᠡᠬᠦ︾ ᠶᠢ ᠦᠨᠡᠨ ᠬᠦ ᠪᠡᠶᠡᠯᠡᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠤ ᠲᠠᠶᠢᠪᠤᠩᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠪᠣᠯᠤᠨ᠎ᠠ᠃
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ