ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ ᠴᠠᠭᠳᠠᠭᠠᠨ ᠤ ᠲᠠᠯ᠎ᠠ ᠶᠢᠨ ᠬᠢᠨ ᠨᠢᠭᠡᠨ ᠮᠥᠩᠬᠦ ᠤᠬᠢᠶᠠᠬᠤ ᠪᠦᠯᠬᠦᠮ ᠢ ᠠᠮᠵᠢᠯᠲᠠᠲᠠᠶ ᠰᠦᠢᠷᠡᠭᠦᠯᠪᠡ
ᠨᠡᠶᠢᠲᠡᠯᠡᠭᠰᠡᠨ ᠴᠠᠭ᠄
2022/8/16
      ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ᠂ ᠲᠦᠩᠯᠢᠶᠣᠤ ᠬᠤᠲᠠ ᠶᠢᠨ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠦᠳᠲᠡᠷ ᠲᠦᠷᠭᠡᠨ ᠰᠢᠷᠦᠭᠦᠨ ᠲᠠᠭᠠᠷᠢᠯᠲᠠ ᠶᠠᠪᠤᠭᠤᠯᠵᠤ᠂ ᠣᠶᠢᠷ᠎ᠠ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ︽ᠮᠦᠩᠬᠦ ᠤᠬᠢᠶᠠᠬᠤ︾ ᠪᠦᠯᠬᠦᠮ ᠢ ᠠᠮᠵᠢᠯᠲᠠᠲᠠᠶ ᠰᠦᠢᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ 13 ᠬᠥᠮᠦᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 5000 ᠭᠠᠷᠤᠶ ᠲᠦᠮᠡ ᠳᠤ ᠬᠥᠷᠪᠡ᠃
扎旗.jpg
      6 ᠰᠠᠷ᠎ᠠ ᠶᠢᠨ 29 ᠤ ᠡᠳᠦᠷ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠯᠦᠪᠸᠢ ᠪᠠᠯᠭᠠᠰᠤᠨ ᠤ ᠰᠠᠭᠤᠭᠠᠯᠢ ᠠᠷᠠᠳ ᠸᠠᠩ ᠣᠪᠣᠭᠲᠤ ᠬᠡᠷᠡᠭ ᠮᠡᠳᠡᠭᠦᠯᠪᠡ᠃ ᠲᠡᠷᠡ᠂ 6 ᠰᠠᠷ᠎ᠠ ᠶᠢᠨ 4 ᠤ ᠡᠳᠦᠷ᠂ ᠨᠢᠭᠡᠨ ᠲᠠᠨᠢᠯ ᠪᠤᠰᠤ ᠬᠥᠮᠥᠨ ᠤ ᠢᠷᠡᠭᠦᠯᠦᠭᠰᠡᠨ ᠸᠢᠴᠠᠲ ᠤᠨ ᠨᠠᠶᠢᠵᠠᠯᠠᠬᠤ ᠭᠤᠶᠤᠴᠢᠯᠠᠯ ᠢ ᠲᠣᠰᠴᠤ ᠣᠯᠵᠠᠶ᠂ ᠨᠠᠶᠢᠵᠠᠯᠠᠭᠰᠠᠨ ᠤ ᠳᠠᠷᠠᠭ᠎ᠠ ᠨᠥᠭᠦᠭᠡ ᠡᠲᠡᠭᠡᠳ ᠨᠢ ᠦᠷᠭᠦᠯᠵᠢ ᠸᠠᠩ ᠣᠪᠣᠭᠲᠤ ᠳᠤ ᠲᠡᠭᠦᠨ ᠤ ᠺᠣᠮᠫᠠᠨᠢ ᠳᠤ ᠣᠴᠢᠵᠤ ᠠᠵᠢᠯ ᠪᠠᠶᠢᠴᠠᠭᠠᠬᠤ᠂ ᠳᠡᠭᠡᠳᠦ ᠲᠠᠰ ᠤᠨ ᠬᠤᠷᠠᠯ ᠬᠤᠷᠠᠯᠳᠤᠭᠤᠯᠬᠤ ᠮᠡᠳᠡᠭᠡ ᠵᠠᠩᠭᠢ ᠶᠢ ᠶᠠᠪᠤᠭᠤᠯᠵᠤ᠂ ᠠᠮᠵᠢᠯᠲᠠ ᠣᠯᠣᠭᠰᠠᠳ ᠤᠨ ᠳᠦᠷᠢ ᠶᠢᠨ ᠰᠠᠭᠤᠭᠳᠠᠯ ᠥᠭᠴᠦ᠂ ᠳᠠᠷᠠᠭ᠎ᠠ ᠨᠢ ᠸᠠᠩ ᠣᠪᠣᠭᠲᠤ ᠲᠠᠢ ᠡᠬᠢᠯᠡᠨ ᠵᠣᠭᠤᠭᠳᠠᠵᠤ᠂ ᠪᠠᠶᠠᠵᠢᠬᠤ ᠵᠠᠮ ᠢ ᠰᠦᠪᠡᠭᠴᠢᠯᠡᠭᠰᠡᠨ ᠪᠥᠭᠡᠳ ᠸᠠᠩ ᠣᠪᠣᠭᠲᠤ ᠳᠤ ︽GQEX︾ ᠭᠡᠬᠦ ᠬᠤᠳᠠᠯ ᠬᠠᠭᠤᠷᠮᠠᠭ ᠪᠠᠯᠠ ᠣᠷᠣᠭᠤᠯᠤᠯᠲᠠ ᠶᠢᠨ APP ᠶᠢ ᠲᠠᠨᠢᠯᠴᠠᠭᠤᠯᠵᠤ᠂ ᠡᠨᠡ ᠬᠦ APP ᠳᠡᠭᠡᠷ᠎ᠡ ᠶᠢᠨ ᠵᠣᠭᠤᠰᠣᠨ ᠤ ᠠᠷᠠᠯᠵᠢᠶᠠᠨ ᠤ ᠢᠯᠡᠳᠬᠡᠭᠴᠢ ᠲᠣᠭᠠᠨ ᠤ ᠪᠠᠯᠠ ᠣᠷᠣᠭᠤᠯᠤᠯᠲᠠ ᠪᠠᠷ ᠳᠡᠮᠵᠢᠨ ᠠᠰᠢᠭ ᠣᠯᠵᠤ ᠴᠢᠳᠠᠨ᠎ᠠ ᠭᠡᠪᠡ᠃      ᠸᠠᠩ ᠣᠪᠣᠭᠲᠤ ᠡᠬᠢᠯᠡᠵᠦ ᠲᠤᠷᠰᠢᠵᠤ ᠦᠵᠡᠭᠡᠳ 5000 ᠲᠥᠭᠦᠷᠢᠭ ᠤᠨ ᠪᠡᠯᠡ ᠣᠷᠣᠭᠤᠯᠵᠤ᠂ APP ᠳᠡᠭᠡᠷ᠎ᠡ ᠠᠰᠢᠭ ᠣᠯᠤᠭᠰᠠᠨ ᠢ ᠮᠡᠳᠡᠭᠰᠡᠨ ᠤ ᠳᠠᠷᠠᠭ᠎ᠠ᠂ ᠪᠡᠯᠡ ᠣᠷᠣᠭᠤᠯᠤᠯᠲᠠ ᠶᠢᠨ ᠵᠣᠭᠤᠰ ᠤᠨ ᠲᠤᠭ᠎ᠠ ᠪᠠᠨ ᠦᠷᠭᠦᠯᠵᠢᠯᠡᠨ ᠨᠡᠮᠡᠭᠳᠡᠭᠦᠯᠵᠡᠶ᠂ ᠭᠡᠪᠡᠴᠦ ᠪᠡᠯᠡᠨ ᠵᠣᠭᠤᠰ ᠭᠠᠷᠭᠠᠵᠤ ᠠᠪᠬᠤ ᠦᠶ᠎ᠡ ᠳᠤ ᠦᠢᠯᠡᠴᠢᠯᠡᠭᠡᠨ ᠤ ᠬᠥᠮᠦᠰ ᠬᠠᠷᠢᠨ ᠭᠠᠶᠢᠯᠢ ᠶᠢᠨ ᠮᠥᠩᠭᠦ ᠲᠤᠰᠢᠶᠠᠬᠤ ᠶᠢ ᠱᠠᠭᠠᠷᠳᠠᠵᠤ᠂ ᠪᠠᠰᠠ ᠸᠠᠩ ᠣᠪᠣᠭᠲᠤ ᠪᠠᠷ ᠦᠷᠭᠦᠯᠵᠢᠯᠡᠨ ᠲᠠᠪᠴᠠᠩ ᠳᠡᠭᠡᠷ᠎ᠡ ᠵᠣᠭᠤᠰ ᠭᠤᠪᠢᠭᠤᠯᠤᠭᠤᠯᠵᠤ᠂ 220 ᠭᠠᠷᠤᠶ ᠲᠦᠮᠡᠨ ᠲᠥᠭᠦᠷᠢᠭ ᠪᠡᠯᠡ ᠣᠷᠣᠭᠤᠯᠤᠭᠰᠠᠨ ᠤ ᠳᠠᠷᠠᠭ᠎ᠠ ᠪᠠᠰᠠ ᠪᠡᠯᠡᠨ ᠵᠣᠭᠤᠰ ᠭᠠᠷᠭᠠᠵᠤ ᠠᠪᠴᠤ ᠳᠡᠶᠢᠯᠬᠦ ᠦᠭᠡᠶ ᠪᠠᠶᠢᠵᠤ᠂ ᠥᠪᠡᠷ ᠢᠶᠠᠨ ᠮᠡᠬᠡᠯᠡᠭᠳᠡᠭᠰᠡᠨ ᠢᠶᠠᠨ ᠮᠡᠳᠡᠭᠡᠳ ᠴᠠᠭᠳᠠᠭ᠎ᠠ ᠳᠤ ᠬᠡᠷᠡᠭ ᠮᠡᠳᠡᠭᠦᠯᠵᠡᠶ᠃       ᠬᠡᠷᠡᠭ ᠤᠨ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ︽6·29︾ ᠤ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠵᠤ᠂ ᠮᠡᠬᠡᠯᠡᠭᠳᠡᠭᠴᠢ ᠶᠢᠨ ᠬᠠᠩᠭᠠᠭᠰᠠᠨ ᠰᠦᠪᠡᠭᠴᠢ ᠶᠢᠨ ᠲᠣᠭᠤᠷᠢᠨ ᠳᠤ ᠦᠳᠲᠡᠷ ᠲᠦᠷᠭᠡᠨ ᠪᠠᠶᠢᠴᠠᠭᠠᠯᠲᠠ ᠬᠢᠪᠠ᠃ ᠨᠠᠷᠢᠨ ᠨᠢᠮᠪᠠᠶ ᠰᠤᠳᠤᠯᠤᠨ ᠮᠠᠭᠠᠳᠯᠠᠬᠤ ᠪᠠᠷ ᠳᠡᠮᠵᠢᠨ᠂ ᠲᠣᠰ ᠬᠡᠷᠡᠭ ᠤᠨ ᠠᠷᠤ ᠳᠤ ᠨᠢᠭᠡᠨ ᠣᠨᠴᠠ ᠶᠡᠭᠡ ︽ᠮᠦᠩᠬᠦ ᠤᠬᠢᠶᠠᠬᠤ︾ ᠪᠦᠯᠬᠦᠮ ᠨᠢᠭᠤᠭᠳᠠᠵᠤ ᠪᠠᠶᠢᠬᠤ ᠶᠢ ᠣᠯᠵᠤ ᠮᠡᠳᠡᠵᠡᠶ᠃ ᠲᠤᠰᠬᠠᠶ ᠬᠡᠷᠡᠭ ᠤᠨ ᠳᠤᠭᠤᠶᠢᠯᠠᠩ ᠱᠠᠨᠳᠦ᠋ᠩ᠂ ᠾᠧᠨᠠᠨ᠂ ᠹᠦᠵᠢᠶᠠᠨ᠂ ᠰᠧᠴᠦᠸᠠᠨ᠂ ᠯᠢᠶᠣᠤᠨᠢᠩ ᠵᠡᠷᠭᠡ ᠮᠤᠵᠢ ᠳᠤ ᠬᠦᠷᠴᠦ ᠪᠠᠶᠢᠴᠠᠭᠠᠨ ᠭᠡᠷᠡᠴᠢ ᠠᠪᠬᠤ ᠠᠵᠢᠯ ᠥᠷᠨᠢᠭᠦᠯᠦᠭᠡᠳ᠂ ᠲᠤᠷᠰᠢᠨ ᠪᠠᠶᠢᠴᠠᠭᠠᠬᠤ ᠠᠵᠢᠯᠲᠠᠨ ᠨᠢᠭᠡ ᠰᠠᠷ᠎ᠠ ᠶᠢᠨ  ᠴᠠᠭ ᠢ ᠵᠠᠷᠤᠴᠠᠭᠤᠯᠤᠨ ᠡᠴᠦᠰ ᠲᠡᠭᠡᠨ ᠶᠠᠯ᠎ᠠ ᠬᠢᠭᠰᠡᠨ ᠰᠡᠵᠢᠭᠳᠡᠨ ᠤ ᠣᠨᠣᠪᠴᠢᠲᠠᠶ ᠪᠠᠶᠢᠷᠢ ᠶᠢ ᠣᠯᠤᠭᠰᠠᠨ ᠪᠠᠶᠢᠨ᠎ᠠ᠃ 7 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 25 ᠤ ᠡᠳᠦᠷ ᠪᠣᠯᠲᠠᠯ᠎ᠠ᠂ ᠬᠤᠸᠠᠩ ᠣᠪᠣᠭᠲᠤ᠂ ᠯᠦ ᠣᠪᠣᠭᠲᠤ ᠵᠡᠷᠭᠡ ᠵᠣᠭᠤᠰ ᠤᠬᠢᠶᠠᠭᠰᠠᠨ ᠶᠠᠯ᠎ᠠ ᠬᠢᠭᠰᠡᠨ ᠰᠡᠵᠢᠭᠯᠡᠯᠲᠡᠢ 3 ᠰᠡᠵᠢᠭᠳᠡᠨ ᠢ ᠤᠷᠢᠳ ᠬᠤᠵᠢᠳ ᠪᠠᠷᠢᠪᠴᠢᠯᠠᠪᠠ᠃ 7 ᠰᠠᠷ᠎ᠠ ᠶᠢᠨ 25 ᠤ ᠡᠳᠦᠷ ᠤᠨ ᠣᠷᠣᠶ᠂ ᠳᠡᠩᠨᠡᠨ ᠪᠠᠶᠢᠴᠠᠭᠠᠬᠤ ᠠᠵᠢᠯᠲᠠᠳ ᠬᠤᠶᠠᠷ ᠵᠠᠮ ᠬᠤᠪᠢᠶᠠᠨ᠂ ᠴᠠᠭ ᠲᠣᠬᠢᠶᠠᠯ ᠢ ᠠᠮᠵᠢᠨ᠂ ᠵᠡᠷᠭᠡ ᠪᠠᠷ ᠰᠡᠭᠦᠯ ᠬᠤᠷᠢᠶᠠᠵᠤ᠂ ᠾᠧᠨᠠᠨ ᠮᠤᠵᠢ ᠶᠢᠨ ᠰᠢᠨ ᠰᠢᠶᠠᠩ ᠬᠤᠲᠠ ᠪᠠ ᠾᠦᠢ ᠰᠢᠶᠠᠨ ᠬᠤᠲᠠ ᠳᠤ ᠪᠤᠰᠤᠳ ᠰᠡᠵᠢᠭᠳᠡᠨ ᠢ ᠪᠦᠬᠦᠨ ᠢ ᠪᠠᠷᠢᠪᠴᠢᠯᠠᠪᠠ᠃ ᠢᠩᠭᠢᠭᠡᠳ ︽6·29︾ ᠤ ᠲᠤᠰᠬᠠᠶ ᠬᠡᠷᠡᠭ ᠤᠨ ︽ᠮᠦᠩᠬᠦ ᠤᠬᠢᠶᠠᠬᠤ︾  ᠪᠦᠯᠬᠦᠮ ᠢ ᠠᠮᠵᠢᠯᠲᠠ ᠲᠠᠢ ᠪᠠᠷ ᠰᠦᠢᠷᠡᠭᠦᠯᠵᠦ᠂  10 ᠭᠠᠷᠤᠶ ᠰᠡᠵᠢᠭᠳᠡᠨ ᠢ ᠪᠠᠷᠢᠵᠤ ᠠᠪᠴᠠᠢ᠃       ᠣᠳᠣᠬᠠᠨ ᠳᠤ ᠬᠡᠷᠡᠭ ᠢ ᠤᠯᠠᠮ ᠨᠢᠭᠡ ᠠᠯᠬᠤᠮ ᠳᠡᠩᠨᠡᠨ ᠪᠠᠶᠢᠴᠠᠭᠠᠵᠤ ᠪᠠᠶᠢᠨ᠎ᠠ᠃
ᠢᠷᠡᠯᠲᠡ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ