2022 ᠣᠨ ᠤ 7 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠪᠠᠶᠠᠨᠲᠠᠯ᠎ᠠ ᠲᠣᠮᠢᠯᠠᠭᠰᠠᠨ ᠰᠠᠯᠪᠤᠷᠢ ᠶᠢᠨ ᠠᠷᠠᠳ ᠤᠨ | ᠴᠠᠭᠳᠠᠭ᠎ᠠ ᠰᠦᠯᠵᠢᠶᠡᠨ ᠤ ᠵᠢᠭᠡᠯᠡᠯᠭᠡ ᠬᠠᠩᠭᠠᠬᠤ ᠠᠷᠭ᠎ᠠ ᠬᠡᠯᠪᠡᠷᠢ ᠶᠢ ᠠᠰᠢᠭᠯᠠᠨ ᠮᠡᠬᠡᠯᠡᠭᠰᠡᠨ ᠬᠡᠷᠡᠭ ᠢ ᠠᠮᠵᠢᠯᠲᠠᠲᠠᠶ ᠬᠤᠷᠢᠭᠯᠠᠵᠠᠶ᠃ ᠬᠤ᠋ ᠣᠪᠣᠭᠲᠤ᠂ ᠡᠷᠡᠭᠲᠡᠶ᠂ | ᠣᠩᠨᠢᠭᠤᠳ ᠬᠤᠰᠢᠭᠤᠨ ᠤ ᠪᠠᠶᠠᠨᠲᠠᠯ᠎ᠠ ᠰᠤᠮᠤ ᠶᠢᠨ ᠪᠠᠶᠠᠨ᠋ᠦ᠌ᠨᠳᠦᠷ ᠭᠠᠴᠠᠭᠠᠨ ᠤ ᠨᠢᠭᠡᠨ ᠣᠮᠤᠭ ᠵᠣᠷᠢᠭ ᠲᠡᠭᠦᠯᠳᠡᠷ ᠮᠣᠩᠭᠤᠯ ᠡᠷ᠎ᠡ᠃ ᠴᠢᠯᠥᠭᠡ ᠵᠠᠪ ᠢᠶᠠᠷ ᠢᠶᠠᠨ ᠬᠤ᠋ | ᠣᠪᠣᠭᠲᠤ ᠶᠡᠷᠦ ᠨᠢ ᠵᠢᠭᠠᠬᠠᠨ ᠵᠣᠭᠤᠰ ᠴᠤᠭᠯᠠᠭᠤᠯᠵᠤ ᠮᠠᠶᠢᠮᠠᠶ ᠬᠢᠬᠦ ᠰᠠᠨᠠᠭ᠎ᠠ ᠲᠠᠢ ᠪᠠᠶᠢᠪᠠ᠃ | | | | ᠡᠮᠦᠨ᠎ᠡ ᠨᠢᠭᠡ ᠬᠡᠰᠡᠭ ᠬᠤᠭᠤᠴᠠᠭᠠᠨ ᠳᠤ᠂ ᠬᠤ᠋ ᠣᠪᠣᠭᠲᠤ ᠨᠢᠭᠡᠨ ᠲᠠᠨᠢᠯ ᠪᠤᠰᠤ ᠤᠲᠠᠰᠤ ᠲᠤᠰᠴᠤ᠂ ᠨᠥᠭᠦᠭᠡ ᠡᠲᠡᠭᠡᠳ ᠨᠢ ᠥᠪᠡᠷ ᠢ ᠪᠠᠨ ᠨᠢᠭᠡᠨ | ᠵᠢᠭᠡᠯᠡᠯᠭᠡ ᠶᠢᠨ ᠺᠣᠮᠫᠠᠨᠢ ᠶᠢᠨ ᠠᠵᠢᠯᠲᠠᠨ ᠭᠡᠵᠦ᠂ ᠪᠠᠭ᠎ᠠ ᠲᠣᠭᠠᠨ ᠤ ᠵᠢᠭᠡᠯᠡᠯᠭᠡ ᠵᠢᠭᠡᠯᠡᠬᠦ ᠰᠠᠨᠠᠭ᠎ᠠ ᠲᠠᠢ᠂ ᠲᠡᠭᠦᠨ ᠢ ᠡᠷᠢᠵᠦ ᠪᠣᠯᠤᠨ᠎ᠠ ᠭᠡᠪᠡ᠃ ᠵᠢᠭᠡᠯᠡᠯᠭᠡ ᠶᠢᠨ ᠬᠦᠦ | ᠮᠥᠩᠭᠦ ᠥᠨᠳᠥᠷ ᠪᠢᠰᠢ᠂ ᠦᠨᠳᠦᠰᠦᠨ ᠳᠤ ᠪᠠᠨ ᠪᠠᠩᠬᠢ ᠲᠠᠢ ᠠᠳᠠᠯᠢ᠂ ᠪᠠᠷᠢᠴᠠᠭ᠎ᠠ ᠠᠪᠬᠤ ᠦᠭᠡᠢ᠂ ᠪᠠᠰᠠ ᠳᠣᠣᠷ᠎ᠠ ᠪᠠᠨ ᠵᠢᠭᠡᠯᠡᠵᠦ ᠳᠣᠣᠷ᠎ᠠ ᠪᠠᠨ ᠪᠤᠴᠠᠭᠠᠵᠤ | ᠪᠣᠯᠤᠨ᠎ᠠ ᠭᠡᠪᠡ᠃ ᠬᠤ᠋ ᠣᠪᠣᠭᠲᠤ ᠡᠭᠦᠨ ᠢ ᠰᠣᠨᠣᠰᠤᠭᠠᠳ ᠡᠨᠡ ᠬᠦ ᠵᠢᠭᠡᠯᠡᠯᠭᠡ ᠶᠢᠨ ᠺᠣᠮᠫᠠᠨᠢ ᠨᠢ ᠨᠠᠳᠠ ᠳᠤ ᠲᠣᠩ ᠳᠣᠭᠢᠷᠠᠨ᠎ᠠ᠂ ᠬᠤ᠋ ᠣᠪᠣᠭᠲᠤ ᠪᠠᠭ᠎ᠠ ᠲᠣᠭᠠᠨ ᠤ | ᠵᠢᠭᠡᠯᠡᠯᠭᠡ ᠵᠢᠭᠡᠯᠡᠬᠦ ᠰᠠᠨᠠᠭ᠎ᠠ ᠲᠠᠢ ᠭᠡᠵᠡᠶ᠃ ᠢᠩᠭᠢᠭᠡᠳ ᠨᠥᠭᠦᠭᠡ ᠡᠲᠡᠭᠡᠳ ᠲᠠᠢ ᠪᠠᠨ ᠸᠢᠴᠠᠲ ᠨᠡᠮᠡᠪᠡ᠃ ᠨᠥᠭᠦᠭᠡ ᠡᠲᠡᠭᠡᠳ ᠨᠢ ᠲᠡᠭᠦᠨ ᠳᠤ ᠰᠦᠯᠵᠢᠶᠡᠨ ᠤ | ᠵᠢᠭᠡᠯᠡᠯᠭᠡ ᠶᠢᠨ ᠬᠡᠷᠡᠭᠵᠢᠭᠦᠯᠬᠦ ᠠᠷᠭ᠎ᠠ ᠶᠢ ᠳᠠᠮᠵᠢᠭᠤᠯᠵᠤ ᠥᠭᠭᠦᠭᠰᠡᠨ ᠪᠥᠭᠡᠳ ᠬᠤ᠋ ᠣᠪᠣᠭᠲᠤ ᠶᠢ ︽ᠬᠤᠣ ᠴᠢ ᠳ᠋ᠠᠢ︾ APP ᠵᠢᠭᠡᠯᠡᠯᠭᠡ ᠶᠢᠨ ᠲᠠᠪᠴᠠᠩ ᠢ | ᠪᠠᠭᠤᠯᠭᠠᠭᠤᠯᠪᠠ᠃ ᠬᠤ᠋ ᠣᠪᠣᠭᠲᠤ ᠨᠥᠭᠦᠭᠡ ᠡᠲᠡᠭᠡᠳ ᠤᠨ ᠢᠶᠠᠨ ᠵᠢᠭᠠᠯᠲᠠ ᠪᠠᠷ ᠲᠠᠪᠴᠠᠩ ᠳᠡᠭᠡᠷ᠎ᠡ ᠵᠢᠭᠡᠯᠡᠭᠰᠡᠨ ᠵᠣᠭᠤᠰ᠂ ᠪᠡᠶ᠎ᠡ ᠶᠢᠨ ᠦᠨᠡᠮᠯᠡᠯ ᠤᠨ ᠨᠣᠮᠧᠷ᠂ | ᠪᠠᠩᠬᠢ ᠶᠢᠨ ᠺᠠᠷᠲ ᠤᠨ ᠨᠣᠮᠧᠷ ᠵᠡᠷᠭᠡ ᠬᠤᠯᠪᠣᠭᠳᠠᠯ ᠪᠦᠬᠦᠢ ᠮᠡᠳᠡᠭᠡ ᠵᠠᠩᠭᠢ ᠪᠠᠨ ᠲᠠᠭᠯᠠᠪᠠ᠃ | ᠬᠤ᠋ ᠣᠪᠣᠭᠲᠤ ᠤᠷᠢᠳ ᠢᠶᠠᠷ 20000 ᠲᠥᠭᠦᠷᠢᠭ ᠵᠢᠭᠡᠯᠡᠬᠦ ᠰᠠᠨᠠᠭᠠᠲᠠᠶ᠂ ᠠᠯᠢ ᠣᠯᠠᠨ ᠠᠵᠢᠯᠯᠠᠭ᠎ᠠ ᠪᠠᠷ ᠳᠠᠮᠵᠢᠨ᠂ ᠲᠠᠪᠴᠠᠩ ᠨᠢ ᠵᠣᠭᠤᠰ ᠵᠢᠭᠡᠯᠡᠬᠦ | ᠠᠵᠢᠯᠯᠠᠭ᠎ᠠ ᠠᠮᠵᠢᠯᠲᠠ ᠣᠯᠤᠭᠰᠠᠨ ᠭᠡᠵᠦ ᠢᠯᠡᠷᠡᠪᠡ᠃ ᠬᠤ᠋ ᠣᠪᠣᠭᠲᠤ ᠨᠥᠭᠦᠭᠡ ᠡᠲᠡᠭᠡᠳ ᠲᠤ ᠪᠠᠨ ᠤᠲᠠᠰᠤᠳᠠᠵᠤ᠂ ᠨᠥᠭᠦᠭᠡ ᠡᠲᠡᠭᠡᠳ ᠢᠶᠠᠷ ᠢᠶᠠᠨ | ᠵᠢᠭᠡᠯᠡᠯᠭᠡ ᠶᠢᠨ ᠵᠣᠭᠤᠰ ᠢᠶᠠᠨ ᠶᠠᠪᠤᠭᠤᠯᠬᠤᠯᠠᠷ ᠱᠠᠭᠠᠷᠳᠠᠪᠠ᠃ ᠨᠥᠭᠦᠭᠡ ᠡᠲᠡᠭᠡᠳ ᠨᠢ ᠪᠠᠰᠠ ᠬᠤ᠋ ᠣᠪᠣᠭᠲᠤ ᠳᠤ ᠬᠤᠶᠠᠷ ᠵᠣᠭᠤᠰ ᠵᠢᠭᠡᠯᠡᠬᠦ ᠱᠠᠭᠠᠷᠳᠠᠯᠭ᠎ᠠ | ᠳᠤᠷᠠᠳᠪᠠ᠃ ᠨᠢᠭᠡ ᠳᠤ᠂ ᠨᠥᠭᠦᠭᠡ ᠡᠲᠡᠭᠡᠳ ᠲᠤ ᠪᠠᠨ 1288 ᠲᠥᠭᠦᠷᠢᠭ ᠤᠨ ᠵᠣᠭᠤᠰ ᠥᠭᠪᠡᠯ᠂ 3 ᠰᠠᠷ᠎ᠠ ᠶᠢᠨ ᠵᠢᠭᠡᠯᠡᠯᠭᠡ ᠶᠢᠨ ᠬᠦᠦ ᠮᠥᠩᠭᠦ ᠶᠢ | ᠬᠡᠯᠲᠦᠷᠢᠭᠦᠯᠵᠦ ᠪᠣᠯᠤᠨ᠎ᠠ᠂ ᠨᠢᠭᠡ ᠤᠳᠠᠭ᠎ᠠ ᠵᠢᠭᠡᠯᠡᠯᠭᠡ ᠶᠢᠨ ᠲᠠᠪᠴᠠᠩ ᠠᠴᠠ ᠵᠣᠭᠤᠰ ᠭᠠᠷᠭᠠᠵᠤ ᠠᠪᠬᠤ ᠲᠣᠬᠢᠶᠠᠯ ᠲᠠᠢ᠃ ᠬᠤᠶᠠᠷ ᠲᠤ᠂ 1888 ᠲᠥᠭᠦᠷᠢᠭ | ᠵᠣᠭᠤᠰ ᠥᠭᠴᠦ᠂ 6 ᠰᠠᠷ᠎ᠠ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠵᠦ᠂ ᠭᠤᠷᠪᠠ ᠤᠳᠠᠭ᠎ᠠ ᠵᠢᠭᠡᠯᠡᠯᠭᠡ ᠶᠢᠨ ᠲᠠᠪᠴᠠᠩ ᠠᠴᠠ ᠵᠣᠭᠤᠰ ᠭᠠᠷᠭᠠᠵᠤ | ᠠᠪᠬᠤ ᠵᠠᠪᠰᠢᠶᠠᠨ ᠲᠠᠢ᠃ ᠬᠡᠷᠪᠡ ᠵᠣᠭᠤᠰ ᠴᠣᠬᠢᠬᠤ ᠦᠭᠡᠢ ᠪᠣᠯ᠂ ᠵᠢᠭᠡᠯᠡᠯᠭᠡ ᠶᠢᠨ ᠵᠣᠭᠤᠰ ᠬᠤ᠋ ᠣᠪᠣᠭᠲᠤ ᠶᠢᠨ ᠳᠠᠩᠰᠠᠨ ᠳᠤ ᠣᠷᠣᠵᠤ ᠲᠡᠶᠢᠯᠬᠦ ᠦᠭᠡᠢ᠃ | ᠵᠢᠭᠡᠯᠡᠯᠭᠡ ᠶᠢᠨ ᠲᠠᠪᠴᠠᠩ ᠳᠡᠭᠡᠷ᠎ᠡ ᠵᠢᠭᠡᠯᠡᠯᠭᠡ ᠶᠢᠨ ᠶᠠᠪᠤᠴᠠ ᠨᠢᠭᠡᠨᠲᠡ ᠬᠢᠵᠦ ᠳᠠᠭᠤᠰᠬᠠᠵᠠᠶ᠂ ᠨᠥᠭᠦᠭᠡ ᠡᠲᠡᠭᠡᠳ ᠨᠢ ᠵᠣᠭᠤᠰ ᠥᠭᠭᠦᠭᠦᠯᠬᠦ ᠪᠠᠷ | ᠶᠠᠭᠠᠷᠠᠭᠤᠯᠵᠤ ᠪᠣᠢ᠂ ᠶᠠᠭᠠᠬᠢᠬᠤ ᠪᠤᠶ︖ ᠬᠤ᠋ ᠣᠪᠣᠭᠲᠤ ᠰᠠᠨᠠᠭ᠎ᠠ ᠵᠣᠪᠠᠵᠤ ᠲᠠᠲᠠᠭᠠᠯᠵᠠᠪᠠ᠃ ᠬᠤ᠋ ᠣᠪᠣᠭᠲᠤ ᠶᠠᠭ ᠡᠷᠡᠭᠡᠯᠵᠡᠵᠦ ᠪᠠᠶᠢᠲᠠᠯ᠎ᠠ ᠪᠠᠶᠠᠨᠲᠠᠯ᠎ᠠ | ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠡᠨᠡ ᠴᠢᠮᠡᠭᠡ ᠶᠢ ᠣᠯᠵᠤ ᠮᠡᠳᠡᠭᠡᠳ᠂ ᠬᠤ᠋ ᠣᠪᠣᠭᠲᠤ ᠶᠢᠨ ᠨᠥᠭᠦᠭᠡ ᠡᠲᠡᠭᠡᠳ ᠲᠤ ᠪᠠᠨ ᠦᠷᠭᠦᠯᠵᠢᠯᠡᠨ ᠵᠣᠭᠤᠰ | ᠴᠣᠬᠢᠬᠤ ᠶᠢ ᠬᠤᠷᠢᠭᠯᠠᠭᠰᠠᠨ ᠪᠥᠭᠡᠳ ᠨᠥᠭᠦᠭᠡ ᠡᠲᠡᠭᠡᠳ ᠨᠢ ᠵᠢᠩᠬᠢᠨᠢ ᠵᠢᠭᠡᠯᠡᠯᠭᠡ ᠶᠢᠨ ᠺᠣᠮᠫᠠᠨᠢ ᠪᠢᠰᠢ ᠭᠡᠳᠡᠭ ᠢ ᠲᠣᠳᠤᠷᠬᠠᠶᠢᠯᠠᠨ᠂ ᠬᠠᠷᠢᠨ ᠵᠢᠭᠡᠯᠡᠯᠭᠡ | ᠲᠠᠯᠪᠢᠬᠤ ᠪᠠᠷ ᠬᠠᠯᠬᠠᠪᠴᠢ ᠪᠣᠯᠭᠠᠵᠤ᠂ ᠮᠡᠭᠡ ᠭᠠᠷᠭᠠᠨ᠂ ᠬᠤ᠋ ᠣᠪᠣᠭᠲᠤ ᠶᠢ ᠮᠡᠬᠡᠯᠡᠬᠦ ᠭᠡᠵᠦ ᠪᠠᠶᠢᠨ᠎ᠠ ᠭᠡᠳᠡᠭ ᠢ ᠲᠣᠳᠣᠷᠬᠠᠢ ᠬᠡᠯᠡᠵᠦ ᠥᠭᠪᠡ᠃ | ᠬᠤ᠋ ᠣᠪᠣᠭᠲᠤ ᠵᠣᠯ ᠢᠶᠠᠷ ᠨᠥᠭᠦᠭᠡ ᠡᠲᠡᠭᠡᠳ ᠲᠤ ᠪᠠᠨ ᠵᠣᠭᠤᠰ ᠥᠭᠭᠦᠭᠡ ᠦᠭᠡᠶ ᠪᠠᠶᠢᠭᠰᠠᠭᠠᠷ᠂ ᠠᠷᠠᠳ ᠤᠨ ᠴᠠᠭᠳᠠᠭ᠎ᠠ ᠬᠤ᠋ ᠣᠪᠣᠭᠲᠤ ᠳᠤ | ᠣᠳᠣᠬᠠᠨ ᠤ ᠮᠡᠬᠡᠯᠡᠭᠴᠢ ᠶᠢᠨ ᠦᠷᠭᠦᠯᠵᠢ ᠬᠡᠷᠡᠭᠯᠡᠳᠡᠭ ᠵᠠᠷᠢᠮ ᠮᠡᠬᠡᠯᠡᠬᠦ ᠠᠷᠭ᠎ᠠ ᠪᠠᠷᠢᠯ ᠢ ᠲᠠᠨᠢᠯᠴᠠᠭᠤᠯᠵᠤ᠂ ᠲᠡᠭᠦᠨ ᠳᠤ ᠲᠩᠷᠢ ᠳᠡᠭᠡᠷ᠎ᠡ ᠠᠴᠠ ᠱᠠᠯᠪᠢᠩ ᠶᠡᠷᠦ ᠠᠴᠠ | ᠤᠨᠠᠬᠤ ᠦᠭᠡᠶ᠂ ᠶᠠᠭᠠᠬᠢᠭᠰᠠᠨ ᠴᠤ ᠪᠠᠭ᠎ᠠ ᠶᠢᠨ ᠲᠥᠯᠥᠭᠡ ᠶᠡᠭᠡ ᠶᠢ ᠠᠯᠳᠠᠵᠤ᠂ ᠮᠡᠬᠡᠯᠡᠭᠳᠡᠵᠦ ᠪᠣᠯᠬᠤ ᠦᠭᠡᠶ ᠭᠡᠵᠦ ᠬᠡᠯᠡᠵᠦ ᠥᠭᠴᠡᠶ᠂ ᠠᠷᠠᠳ ᠤᠨ ᠴᠠᠭᠳᠠᠭ᠎ᠠ | ᠪᠠᠰᠠ ᠬᠤ᠋ ᠣᠪᠣᠭᠲᠤ ᠶᠢᠨ ᠭᠠᠷ ᠤᠲᠠᠰᠤᠨ ᠳᠡᠭᠡᠷ᠎ᠡ ᠨᠢ ᠣᠯᠣᠰ ᠤᠨ ᠮᠡᠬᠡᠯᠡᠯ ᠠᠴᠠ ᠰᠡᠷᠬᠡᠶᠢᠯᠡᠬᠦ APP ᠶᠢ ᠣᠭᠰᠠᠷᠠᠵᠦ ᠥᠡᠭᠪᠡ᠃ |