ᠭᠡᠨᠡᠳᠲᠡ ᠶᠢᠨ ᠴᠢᠨᠠᠷᠲᠠᠢ ᠬᠡᠷᠡᠭ ᠢ ᠰᠢᠢᠳᠪᠦᠷᠢᠯᠡᠬᠦ ᠪᠣᠳᠠᠲᠤ ᠪᠠᠶᠢᠯᠳᠤᠭᠠᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠳᠣᠲᠣᠭᠠᠳᠤ ᠶᠢ | ᠬᠠᠮᠠᠭᠠᠯᠠᠬᠤ ᠠᠵᠢᠯ ᠳᠤ ᠴᠠᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ᠂ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠠᠷᠭᠠᠴᠠᠭᠠᠬᠤ᠂ ᠳᠣᠲᠣᠭᠠᠳᠤ ᠶᠢ | ᠬᠠᠮᠠᠭᠠᠯᠠᠬᠤ ᠡᠯ᠎ᠡ ᠵᠦᠢᠯ ᠤᠨ ᠠᠵᠢᠯ ᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠬᠦ᠂ ᠠᠮᠤᠷ ᠲᠦᠪᠰᠢᠨ ᠤ ᠪᠠᠶᠢᠭᠤᠯᠤᠯᠲᠠ ᠪᠠ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠭᠦᠨᠵᠡᠭᠡᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 15 ᠤ ᠡᠳᠦᠷ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠤᠯᠠᠭᠠᠨ | ᠬᠥᠬᠡ ᠡᠰᠡᠷᠭᠦᠴᠡᠯᠳᠦᠯ︾ ᠤᠨ ᠪᠣᠳᠠᠲᠤ ᠪᠠᠶᠢᠯᠳᠤᠭᠠᠨ ᠤ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃ | | | | | ᠲᠣᠰ ᠤᠳᠠᠭᠠᠨ ᠤ ᠰᠣᠷᠢᠯᠲᠠ ᠨᠢ ᠰᠢᠯᠢᠳᠡᠭ ᠴᠠᠭᠳᠠᠭ᠎ᠠ ᠶᠢ ᠰᠣᠩᠭᠤᠨ ᠲᠣᠮᠢᠯᠠᠵᠤ᠂ ᠳᠤᠭᠤᠶᠢᠯᠠᠩ ᠬᠤᠪᠢᠶᠠᠨ ︽ᠤᠯᠠᠭᠠᠨ ᠬᠥᠬᠡ ᠡᠰᠡᠷᠭᠦᠴᠡᠯᠳᠦᠯ︾ ᠤᠨ | ᠬᠡᠯᠪᠡᠷᠢ ᠪᠠᠷ ᠶᠠᠪᠤᠭᠳᠠᠭᠤᠯᠵᠤ᠂ ᠬᠦᠴᠦᠷᠬᠡᠭᠯᠡᠯ ᠰᠦᠷᠳᠡᠭᠦᠯᠦᠯ ᠤᠨ ᠡᠲᠡᠭᠡᠳ ᠨᠢ ᠵᠡᠭᠡᠯᠢ ᠳᠡᠭᠡᠷ᠎ᠡ ᠫᠤᠤ ᠪᠠᠷᠢᠵᠤ ᠬᠥᠮᠥᠨ ᠢ ᠰᠢᠷᠬᠠᠲᠤᠭᠤᠯᠤᠭᠰᠠᠨ ᠤ ᠳᠠᠷᠠᠭ᠎ᠠ᠂ ᠮᠣᠷᠢ | ᠣᠷᠣᠯᠳᠤᠬᠤ ᠲᠠᠯᠠᠪᠤᠷ ᠤᠨ ᠬᠠᠶᠠᠭᠳᠠᠭᠰᠠᠨ ᠪᠠᠷᠢᠯᠭ᠎ᠠ ᠳᠤ ᠳᠤᠲᠠᠭᠠᠨ ᠣᠷᠣᠵᠤ᠂ ᠣᠨᠴᠠ ᠴᠠᠭᠳᠠᠭ᠎ᠠ ᠲᠤᠬᠠᠢ ᠶᠢᠨ ᠲᠠᠯᠠᠪᠤᠷ ᠲᠤ ᠬᠦᠷᠴᠦ ᠲᠡᠭᠦᠨ ᠲᠠᠢ | ᠡᠰᠡᠷᠭᠦᠴᠡᠯᠳᠦᠭᠰᠡᠨ ᠬᠡᠷᠡᠭ ᠢᠶᠠᠷ ᠰᠣᠷᠢᠯᠲᠠ ᠪᠣᠯᠭᠠᠵᠤ᠂ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠤᠨ ᠳᠤᠮᠳᠠᠬᠢ ᠴᠠᠭᠳᠠᠭ᠎ᠠ ᠶᠢᠨ ᠠᠰᠠᠭᠤᠳᠠᠯ ᠢ ᠰᠢᠢᠳᠪᠦᠷᠢᠯᠡᠬᠦ | ᠴᠢᠳᠠᠪᠦᠷᠢ᠂ ᠬᠠᠷᠢᠯᠴᠠᠨ ᠬᠠᠮᠵᠢᠯᠴᠠᠬᠤ ᠴᠢᠳᠠᠪᠦᠷᠢ ᠵᠢᠴᠢ ᠵᠡᠪᠰᠡᠭ ᠴᠠᠭᠳᠠᠭ᠎ᠠ ᠶᠢᠨ ᠪᠠᠭᠠᠵᠢ ᠬᠡᠷᠡᠭᠯᠡᠬᠦ ᠵᠡᠷᠭᠡ ᠲᠠᠯ᠎ᠠ ᠶᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠵᠤ᠂ | ᠪᠣᠯᠪᠠᠰᠤᠷᠠᠯ ᠳᠤ ᠣᠷᠣᠯᠴᠠᠭᠰᠠᠨ ᠴᠠᠭᠳᠠᠭ᠎ᠠ ᠶᠢᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠦᠨ᠂ ᠵᠡᠪᠰᠡᠭ ᠬᠡᠷᠡᠭᠯᠡᠬᠦ ᠶᠢ ᠡᠵᠡᠮᠰᠢᠭᠦᠯᠵᠦ᠂ ᠪᠠᠶᠢᠯᠳᠤᠭᠠᠨ ᠢᠶᠠᠷ | ᠪᠣᠯᠪᠠᠰᠤᠷᠠᠯ ᠢ ᠳᠠᠭᠠᠭᠤᠯᠬᠤ᠂ ᠪᠣᠯᠪᠠᠰᠤᠷᠠᠯ ᠢᠶᠠᠷ ᠪᠠᠶᠢᠯᠳᠤᠭᠠᠨ ᠢ ᠠᠬᠢᠭᠤᠯᠬᠤ ᠵᠣᠷᠢᠯᠭ᠎ᠠ ᠳᠤ ᠦᠨᠡᠨ ᠬᠦ ᠬᠥᠷᠥᠭᠰᠡᠨ ᠪᠠᠶᠢᠨ᠎ᠠ᠃ | | | | | ᠲᠣᠰ ᠤᠳᠠᠭᠠᠨ ᠤ ᠰᠣᠷᠢᠯᠲᠠ ᠳᠤ ᠠᠷᠠᠳ ᠤᠨ ᠴᠠᠭᠳᠠᠭ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ | ᠰᠢᠯᠭᠠᠨ ᠪᠠᠶᠢᠴᠠᠭᠠᠵᠤ᠂ ᠴᠠᠭᠳᠠᠭᠠᠨ ᠤ ᠡᠩᠨᠡᠭᠡᠨ ᠤ ᠰᠢᠷᠭᠠᠭᠤ ᠬᠠᠲᠠᠭᠤᠵᠢᠯᠲᠠᠢ ᠠᠵᠢᠯ ᠤᠨ ᠰᠤᠷᠲᠠᠯ ᠢ ᠳᠡᠯᠭᠡᠨ ᠦᠵᠡᠭᠦᠯᠵᠣ᠂ ᠮᠥᠨ ᠴᠤ ᠬᠥᠪᠡᠭᠡᠲᠦ ᠰᠢᠷ᠎ᠠ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠳᠣᠭᠲᠠᠭᠤᠨ ᠢ ᠪᠠᠲᠤᠯᠠᠪᠠ᠃ | |