ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨᠮᠥ᠋ᠴᠢᠷ ᠦᠬᠠᠢ ᠬᠤᠳᠠ ᠶᠢᠨ ᠤᠯᠠᠭᠠᠨᠮᠥ᠋ᠴᠢᠷ ᠲᠠᠢ ᠬᠠᠮᠳᠤᠷᠠᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ ︽ᠲᠤᠯᠤᠭᠠᠨ ᠰᠠᠷ᠎ᠠ ᠶᠢᠨ ᠨᠢᠭᠡᠨ︾ ᠢ ᠤᠭᠲᠤᠬᠤ ᠲᠣᠬᠤᠨᠢᠭᠤᠯᠬᠤ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/8/31
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠡᠭᠯᠡᠬᠦ᠂ ᠦᠨᠳᠦᠰᠦᠨ ᠱᠠᠲᠤᠨ ᠤ ᠳᠣᠲᠣᠭᠠᠳᠤ ᠶᠢ ᠬᠠᠮᠠᠭᠠᠯᠠᠬᠤ ᠰᠣᠶᠣᠯ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠬᠤ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠡᠮᠦᠨ᠎ᠡ ᠹᠷᠣᠨᠲ ᠲᠠᠬᠢ ᠬᠠᠯᠠᠮᠵᠢᠯᠠᠯ ᠢ ᠭᠦᠢᠴᠡᠳ ᠢᠯᠡᠷᠡᠭᠦᠯᠬᠦ ᠶᠢᠨ ᠲᠦᠯᠦᠭᠡ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨᠮᠥ᠋ᠴᠢᠷ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠦᠨᠡᠨᠴᠢ ᠰᠢᠳᠤᠷᠭᠤ ᠪᠠᠷ ᠠᠮᠤᠷ ᠠᠮᠤᠭᠤᠯᠠᠩ ᠢ ᠪᠠᠲᠤᠯᠠᠬᠤ︾ ᠪᠠᠷ ᠭᠤᠣᠯ ᠰᠡᠳᠦᠪ ᠪᠣᠯᠭᠠᠨ᠂ ᠦᠬᠠᠢ ᠬᠤᠲᠠ ᠶᠢᠨ ᠤᠯᠠᠭᠠᠨᠮᠥ᠋ᠴᠢᠷ ᠲᠠᠢ ᠬᠠᠮᠳᠤᠷᠠᠨ ᠬᠠᠶᠢᠨᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠠᠶᠠᠨᠲᠤᠬᠤᠢ ᠶᠢᠨ ᠲᠣᠮᠢᠯᠠᠭᠰᠠᠨ ᠰᠠᠯᠪᠤᠷᠢ ᠳᠤ ᠭᠦᠨᠵᠡᠭᠡᠶᠢᠷᠡᠵᠦ᠂ ︽ᠲᠤᠯᠤᠭᠠᠨ ᠰᠠᠷ᠎ᠠ ᠶᠢᠨ ᠨᠢᠭᠡᠨ︾ ᠢ ᠤᠭᠲᠤᠬᠤ ᠲᠣᠬᠤᠨᠢᠭᠤᠯᠬᠤ ᠲᠣᠭᠯᠠᠯᠲᠠ ᠥᠷᠨᠢᠭᠦᠯᠪᠡ᠃
微信图片_20220704152458.jpg  
      ᠲᠣᠭᠯᠠᠯᠲᠠ ᠨᠢ ᠪᠠᠶᠠᠷ ᠬᠥᠷ ᠲᠠᠢ ᠪᠠᠷ ︽ᠠᠮᠤᠭᠤᠯᠠᠩᠳᠤ ᠠᠷᠰᠯᠠᠨ︾ ᠪᠦᠵᠢᠭ ᠲᠣᠭᠯᠠᠬᠤ ᠪᠠᠷ ᠬᠥᠰᠢᠭᠡ ᠪᠠᠨ ᠰᠡᠬᠦᠵᠦ᠂ ᠲᠠᠭᠤᠤ ︽ᠤᠷᠲᠤ ᠬᠢᠯᠢ︾᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠲᠣᠳᠤᠨᠤ︾᠂ ︽ᠮᠡᠯᠡᠷᠡᠭ ᠴᠡᠴᠡᠭ︾᠂ ︽ᠬᠤᠨ ᠭᠠᠯᠠᠭᠤ︾᠂ ᠪᠥᠵᠢᠭ ︽ᠴᠡᠩᠬᠡᠷ ᠰᠠᠯᠬᠢ︾᠂ ᠮᠣᠷᠢᠨ ᠬᠤᠭᠤᠷ ᠤᠨ ᠭᠤᠴᠣᠯᠠᠯ ᠬᠥᠭᠵᠢᠮ ︽ᠲᠦᠮᠡᠨ ᠠᠭᠲᠠ ᠶᠢᠨ ᠲᠥᠪᠡᠷᠭᠡᠨ︾ ᠁ ᠢᠷᠠᠭᠤ ᠰᠠᠶᠢᠬᠠᠨ ᠲᠤᠭᠯᠠᠯᠲᠠ ᠶᠢ ᠭᠠᠷᠭᠠᠪᠠ᠃   
微信图片_20220704152529.jpg
           ᠡᠨᠡ ᠤᠳᠠᠭ᠎ᠠ ᠶᠢᠨ ᠲᠣᠬᠤᠨᠢᠭᠤᠯᠬᠤ ᠲᠣᠭᠯᠠᠯᠲᠠ ᠳᠤ᠂ ᠦᠬᠠᠢ ᠶᠢᠨ ᠤᠯᠠᠭᠠᠨᠮᠥ᠋ᠴᠢᠷ ᠤᠨ ᠰᠢᠯᠢᠳᠡᠭ ᠪᠦᠲᠦᠭᠡᠯ᠂ ᠲᠤᠬᠠᠢ ᠶᠢᠨ ᠭᠠᠵᠠᠷ ᠤᠨ ᠨᠢᠭᠡᠳᠦᠭᠡᠷ ᠹᠷᠣᠨᠲ ᠤᠨ ᠤᠳᠬ᠎ᠠ ᠤᠷᠠᠯᠢᠭ ᠤᠨ ᠰᠣᠳᠤᠨ ᠲᠣᠭᠯᠠᠭᠴᠢ ᠨᠠᠷ ᠲᠠᠯᠠᠪᠠᠢ ᠳᠤ ᠢᠯᠡᠷᠡᠨ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠴᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠪᠢᠶᠠᠰ ᠪᠢᠯᠢᠭ ᠢᠶᠠᠨ ᠢᠯᠡᠷᠡᠭᠦᠯᠪᠡ᠃ ᠪᠠᠶᠠᠯᠢᠭ ᠰᠠᠶᠢᠬᠠᠨ ᠴᠠᠭᠳᠠᠭᠠᠨ ᠤ ᠬᠤᠸᠠᠷᠠᠨ ᠤ ᠰᠣᠶᠣᠯ ᠤᠨ ᠠᠵᠢᠯᠯᠠᠭ᠎ᠠ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠳᠤ ᠭᠦᠨᠵᠡᠭᠡᠶᠢᠷᠡᠭᠦᠯᠦᠨ᠂ ᠴᠠᠭᠳᠠᠭ᠎ᠠ ᠠᠷᠠᠳ ᠤᠨ ᠬᠠᠷᠢᠴᠠᠭ᠎ᠠ ᠶᠢ ᠨᠢᠭᠳᠠᠷᠠᠭᠤᠯᠵᠤ᠂ ᠲᠡᠮᠡᠴᠡᠯ ᠤᠨ ᠤᠷᠮ᠎ᠠ ᠵᠣᠷᠢᠭ ᠢ ᠬᠦᠭᠵᠢᠭᠡᠨ᠂ ᠴᠠᠭᠳᠠᠭ᠎ᠠ ᠠᠷᠠᠳ ᠤᠨ ᠡᠶ᠎ᠡ ᠵᠣᠬᠢᠴᠠᠯ ᠲᠠᠢ ︽ᠬᠠᠮᠳᠤ ᠪᠠᠷ ᠤᠷᠤᠭᠰᠢᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
微信图片_20220704152618.jpg  
      ᠳᠠᠷᠠᠭᠠᠴᠢ ᠶᠢᠨ ᠠᠯᠬᠤᠮ ᠳᠤ᠂ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠠᠭᠠᠨᠮᠥ᠋ᠴᠢᠷ ᠤᠨ ᠬᠢᠨ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ ᠦᠨᠳᠦᠰᠦᠨ ᠱᠠᠲᠤᠨ ᠤ ᠪᠠᠶᠢᠭᠤᠯᠭ᠎ᠠ ᠳᠤ ᠪᠠᠶᠢᠩᠭᠤ ᠭᠦᠨᠵᠡᠭᠡᠶᠢᠷᠡᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ  ᠬᠠᠪᠰᠤᠷᠤᠭᠴᠢ ᠴᠠᠭᠳᠠᠭ᠎ᠠ ᠶᠢ ᠲᠤᠬᠤᠨᠢᠭᠤᠯᠵᠤ᠂ ᠬᠤᠳᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠬᠠᠶᠢᠷ᠎ᠠ ᠬᠠᠯᠠᠮᠵᠢᠯᠠᠯ ᠢ ᠳᠠᠮᠵᠢᠭᠤᠯᠵᠤ᠂ ᠴᠠᠭᠳᠠᠭᠠᠨ ᠤ ᠬᠤᠸᠠᠷᠠᠨ ᠤ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠤᠨ᠂ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠤᠷᠮ᠎ᠠ ᠵᠣᠷᠢᠭ ᠢ ᠦᠨᠡᠨ ᠬᠦ ᠬᠦᠭᠵᠢᠭᠡᠪᠡ᠃
ᠢᠷᠡᠯᠲᠡ᠄ ᠲᠣᠲᠣᠷᠬᠠᠢ ᠦᠭᠡᠢ