ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠰᠣᠷᠢᠯᠲᠠ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2022/8/31
      ᠥᠷᠭᠡᠨ ᠣᠯᠠᠨ ᠠᠷᠠᠳ ᠲᠦᠮᠡᠨ ᠪᠠ ᠺᠠᠳ᠋ᠷ ᠠᠵᠢᠯᠲᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠵᠦ ᠭᠠᠮᠰᠢᠭ ᠠᠴᠠ ᠠᠪᠤᠷᠬᠠᠤ᠂ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠬᠠᠤ ᠤᠬᠠᠮᠰᠠᠷ ᠪᠠ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠭᠡᠨᠡᠳᠲᠡ ᠶᠢᠨ ᠬᠡᠷᠡᠭ ᠢ ᠠᠷᠭᠠᠴᠠᠬᠤ ᠵᠣᠬᠢᠴᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠰᠢᠯᠭᠠᠨ ᠪᠠᠶᠢᠴᠠᠭᠠᠨ᠎ᠠ᠃
演练5.jpg
      7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠨᠴᠠ ᠴᠠᠭᠳᠠᠭ᠎ᠠ ᠶᠢᠨ ᠶᠡᠭᠡ ᠠᠩᠭᠢ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠴᠠᠭᠳᠠᠭᠠᠨ ᠤ ᠬᠦᠴᠦᠨ ᠢ ᠢᠳᠡᠪᠬᠢᠲᠡᠶ ᠵᠣᠬᠢᠶᠠᠨ ᠪᠠᠶᠢᠭᠤᠯᠵᠤ 2022 ᠣᠨ ᠤ ᠪᠥᠬᠦ ᠬᠤᠰᠢᠭᠤᠨ ᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠰᠣᠷᠢᠯᠲᠠ ᠳᠤ ᠣᠷᠣᠯᠴᠠᠪᠠ᠃ ᠲᠣᠰ ᠤᠳᠠᠭᠠᠨ ᠤ ᠰᠣᠷᠢᠯᠲᠠ ᠳᠤ ᠬᠤᠸᠠᠩ ᠬᠤᠸᠠ ᠲᠠᠨ ᠤᠰᠤᠨ ᠴᠥᠭᠦᠷᠥᠮ ᠤᠨ ᠣᠷᠣᠨ ᠤ ᠳᠡᠭᠡᠳᠦ ᠤᠷᠤᠰᠬᠠᠯ ᠳᠤ ᠰᠢᠷᠦᠭᠦᠨ ᠪᠣᠷᠣᠭᠠᠨ ᠣᠷᠣᠵᠤ᠂ ᠤᠰᠤᠨ ᠴᠥᠭᠦᠷᠥᠮ ᠤᠨ ᠤᠰᠤᠨ ᠲᠦᠪᠰᠢᠨ ᠨᠢᠭᠡᠨᠲᠡ ᠤᠷᠢᠳᠴᠢᠯᠠᠨ ᠰᠡᠷᠡᠮᠵᠢᠯᠡᠭᠦᠯᠬᠦ ᠵᠢᠭᠠᠪᠤᠷᠢ ᠳᠤ ᠣᠶᠢᠷᠠᠳᠴᠠᠶ᠂ ᠰᠢᠷᠦᠭᠦᠨ ᠪᠣᠷᠣᠭᠠᠨ ᠤ ᠬᠦᠴᠦᠯᠡᠴᠡ ᠨᠡᠮᠡᠭᠳᠡᠬᠦ ᠶᠢ ᠳᠠᠭᠠᠯᠳᠤᠨ ᠤᠰᠤᠨ ᠴᠥᠭᠦᠷᠥᠮ ᠤᠳᠠᠯ ᠥᠬᠡᠶ ᠦᠶᠡᠷ ᠪᠢᠯᠬᠠᠵᠤ᠂ ᠳᠤᠤᠷᠠᠳᠤ ᠤᠷᠤᠰᠬᠠᠯ ᠤᠨ ᠲᠣᠰᠬᠤᠨ ᠳᠤ ᠠᠭᠤᠯᠠᠨ ᠦᠶᠡᠷ ᠭᠠᠷᠴᠤ ᠮᠡᠳᠡᠬᠦ ᠪᠥᠭᠡᠳ ᠪᠠᠷ᠎ᠠ ᠰᠤᠷᠠᠭ ᠥᠬᠡᠶ ᠪᠣᠯᠤᠭᠰᠠᠨ ᠬᠥᠮᠦᠰ ᠴᠦ ᠭᠠᠷᠴᠤ ᠮᠡᠳᠡᠨ᠎ᠡ᠃
演练3.jpg
      ᠰᠣᠷᠢᠯᠲᠠ ᠶᠢᠨ ᠲᠤᠬᠠᠶ ᠶᠢᠨ ᠲᠠᠯᠠᠪᠠᠶ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠮᠬᠢ ᠳᠢᠭᠯᠢᠮ ᠢ ᠬᠠᠮᠠᠭᠠᠯᠠᠬᠤ ᠳᠤᠭᠤᠶᠢᠯᠠᠩ ᠪᠣᠯᠤᠭᠰᠠᠨ ᠤ ᠬᠤᠪᠢ ᠳᠤ᠂ ᠳᠡᠭᠡᠳᠦ ᠱᠠᠲᠤᠨ ᠤ ᠦᠶᠡᠷ ᠤᠨ ᠪᠠᠶᠢᠳᠠᠯ ᠤᠨ ᠵᠠᠷᠯᠢᠭ ᠢ ᠣᠯᠤᠭᠰᠠᠨ ᠤ ᠳᠠᠷᠠᠭ᠎ᠠ᠂ ᠵᠠᠮ ᠬᠠᠷᠢᠯᠴᠠᠭᠠᠨ ᠤ ᠵᠢᠯᠣᠭᠤᠳᠣᠯᠭ᠎ᠠ ᠶᠢ ᠪᠠᠴᠢᠮ ᠥᠷᠨᠢᠭᠦᠯᠵᠦ᠂ ᠡᠯ᠎ᠡ ᠠᠪᠤᠷᠠᠨ ᠲᠤᠰᠠᠯᠠᠬᠤ ᠲᠡᠷᠭᠡ ᠶᠢᠨ ᠤᠷᠤᠭᠰᠢᠲᠠᠶ ᠨᠡᠪᠲᠡᠷᠡᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠲᠤᠬᠠᠶ ᠶᠢᠨ ᠲᠠᠯᠠᠪᠠᠶ ᠳᠤ ᠬᠦᠷᠴᠦ ᠬᠠᠰᠢᠭᠳᠠᠭᠰᠠᠨ ᠣᠯᠠᠨ ᠲᠦᠮᠡᠨ ᠢ ᠠᠮᠤᠷ ᠲᠦᠪᠰᠢᠨ ᠭᠠᠵᠠᠷ ᠰᠢᠯᠵᠢᠭᠦᠯᠵᠡᠶ᠃ ᠰᠣᠷᠢᠯᠲᠠ ᠳᠤᠮᠳᠠ᠂ ᠠᠷᠠᠳ ᠤᠨ ᠲᠤᠰᠠᠯᠠᠭᠴᠢ ᠴᠠᠭᠳᠠᠭ᠎ᠠ ᠵᠢᠯᠣᠭᠤᠳᠣᠯᠭ᠎ᠠ ᠶᠢ ᠳᠠᠭᠠᠵᠤ᠂ ᠲᠣᠬᠢᠷᠠᠭᠤᠯᠤᠯᠲᠠ ᠶᠢ ᠳᠠᠭᠠᠵᠤ᠂ ᠠᠵᠢᠯ ᠤᠨ ᠬᠤᠪᠢᠶᠠᠷᠢᠯᠠᠯ ᠲᠣᠳᠣᠷᠬᠠᠶ᠂ ᠲᠤᠰᠬᠠᠯ ᠲᠦᠷᠭᠡᠨ ᠪᠠᠶᠢᠵᠤ᠂ ᠤᠷᠢᠳᠴᠢᠯᠠᠨ ᠲᠣᠭᠲᠠᠭᠰᠠᠨ ᠬᠤᠭᠤᠴᠠᠭᠠᠨ ᠳᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠬᠠᠤ ᠰᠣᠷᠢᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃
ᠢᠷᠡᠯᠲᠡ᠄ ᠪᠣᠭᠤᠳᠤ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ