ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ ᠡᠮᠦᠨ᠎ᠡ ᠹᠷᠣᠨᠲ ᠤᠨ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/9/21
      ᠣᠩᠨᠢᠭᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠢ ᠰᠡᠷᠭᠡᠶᠢᠯᠡᠬᠦ ᠪᠠᠲᠤ ᠪᠠᠬᠢ ᠬᠠᠯᠬᠠᠪᠴᠢ ᠶᠢ ᠴᠤᠭᠴᠠᠯᠠᠪᠠ᠃ ᠲᠠᠳᠠ ᠨᠠᠢᠮᠠᠨ ᠰᠠᠷ᠎ᠠ ᠶᠢᠨ ᠲᠡᠷᠭᠡᠯ ᠪᠠᠶᠠᠷ ᠪᠣᠯ ᠬᠡᠷ ᠬᠤᠲᠠᠯᠠᠭᠠᠷ ᠢᠶᠠᠨ ᠴᠤᠭᠯᠠᠷᠠᠬᠤ ᠡᠳᠦᠷ ᠭᠡᠳᠡᠭ ᠢ ᠴᠦ ᠮᠡᠳᠡᠨ᠎ᠡ᠂ ᠭᠡᠪᠡᠴᠦ ᠮᠥᠷᠥᠨ ᠳᠡᠭᠡᠷᠡᠬᠢ ᠬᠠᠷᠢᠭᠤᠴᠠᠯᠭ᠎ᠠ ᠠᠴᠠ ᠪᠣᠯᠵᠣ᠂ ᠲᠠᠳᠠ ᠬᠡᠷ ᠪᠦᠯᠢ ᠪᠠᠨ ᠣᠷᠭᠢᠵᠤ᠂ ᠣᠯᠠᠨ ᠢ ᠬᠠᠷᠠᠭᠠᠯᠵᠠᠵᠤ᠂ ᠬᠢᠵᠢᠭ ᠢ ᠰᠡᠷᠭᠡᠶᠢᠯᠡᠬᠦ ᠡᠮᠦᠨ᠎ᠡ ᠹᠷᠣᠨᠲ ᠢ ᠪᠠᠲᠤ ᠰᠠᠬᠢᠪᠠ᠃
微信图片_20220913093208.jpg   
     ᠦᠨᠳᠦᠰᠦᠨ ᠱᠠᠲᠤᠨ ᠤ ᠡᠮᠦᠨ᠎ᠡ ᠹᠷᠣᠨᠲ ᠤᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠦᠨᠡᠨ ᠰᠡᠳᠬᠢᠯ ᠠᠴᠠ ᠪᠠᠨ ᠬᠠᠷᠠᠭᠠᠯᠵᠠᠨ ᠬᠠᠯᠠᠮᠵᠢᠯᠠᠬᠤ ᠶᠢᠨ ᠲᠦᠯᠦᠭᠡ᠂ 9 ᠳ᠋ᠦ᠋ᠭᠡᠷ ᠰᠠᠷ᠎ᠠ ᠶᠢᠨ 10 ᠤ ᠡᠳᠦᠷ᠂ ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠵᠧᠩ ᠸᠧᠶ ᠨᠥᠬᠦᠷ ᠲᠣᠪᠴᠢᠶᠠᠨ ᠤ ᠨᠠᠮ ᠤᠨ ᠬᠤᠷᠢᠶᠠᠨ ᠤ ᠡᠮᠦᠨ᠎ᠡ ᠠᠴᠠ ᠪᠣᠷᠣᠬᠤᠲᠠ ᠪᠠᠯᠭᠠᠰᠤ ᠶᠢᠨ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠵᠡᠷᠭᠡ ᠦᠨᠳᠦᠰᠦᠨ ᠱᠠᠲᠤᠨ ᠤ ᠰᠠᠯᠪᠤᠷᠢ ᠠᠩᠭᠢ ᠳᠤ ᠬᠦᠷᠴᠦ᠂ ᠡᠮᠦᠨ᠎ᠡ ᠹᠷᠣᠨᠲ ᠲᠤ ᠪᠠᠲᠤ ᠰᠠᠬᠢᠭᠰᠠᠭᠠᠷ ᠢᠷᠡᠭᠰᠡᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠪᠣᠯᠭᠤᠭᠠᠨ ᠲᠣᠬᠤᠨᠢᠭᠤᠯᠪᠠ᠃
 微信图片_20220913093245.jpg  
      ᠬᠦᠷᠦᠭᠰᠡᠨ ᠭᠠᠵᠠᠷ ᠪᠣᠯᠭᠠᠨ ᠳᠤ᠂ ᠵᠧᠩ ᠸᠧᠶ ᠨᠥᠬᠦᠷ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠵᠡᠯ ᠰᠠᠨᠠᠭᠠᠨ ᠤ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ᠂ ᠡᠳ᠋ ᠪᠣᠳᠠᠰ ᠤᠨ ᠪᠠᠲᠤᠯᠠᠭ᠎ᠠ ᠪᠣᠯᠤᠨ ᠣᠷᠣᠰᠢᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠡᠮᠦᠨ᠎ᠡ ᠨᠢ ᠭᠠᠪᠰᠢᠭᠠᠶᠢᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠦᠬᠦ ᠲᠠᠯ᠎ᠠ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠡᠭᠦᠨ ᠤ ᠬᠠᠮᠲᠤ ᠲᠡᠳᠡᠨ ᠳᠤ ᠲᠤᠰ ᠪᠡᠶ᠎ᠡ ᠶᠢᠨ ᠬᠠᠮᠠᠭᠠᠯᠠᠯᠲᠠ ᠪᠠᠨ ᠠᠩᠬᠠᠷᠬᠤ ᠶᠢ ᠰᠠᠨᠠᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠣᠳᠠᠲᠠᠢ ᠱᠠᠭᠠᠷᠳᠠᠯᠭ᠎ᠠ ᠲᠤᠷᠠᠳᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ