ᠲᠦᠩᠯᠢᠶᠣᠤ ᠬᠤᠲᠠ ᠶᠢᠨ ᠬᠤᠤᠯᠢᠩᠭᠤᠣᠯ ᠤᠨ ᠴᠠᠭᠳᠠᠭᠠᠨ ᠤ ᠲᠠᠯ᠎ᠠ ᠶᠢᠨ ᠬᠢᠨ ᠪᠡᠶ᠎ᠡ ᠪᠠᠨ ᠬᠤᠣᠷᠯᠠᠬᠤ ᠭᠡᠰᠡᠨ ᠨᠢᠭᠡᠨ ᠡᠮᠡᠭᠲᠡᠶ ᠶᠢ ᠢᠳᠬᠠᠨ ᠬᠤᠷᠢᠭᠯᠠᠪᠠ
ᠨᠡᠶᠢᠲᠡᠯᠡᠭᠰᠡᠨ ᠴᠠᠭ᠄
2022/9/30
     ᠣᠶᠢᠷ᠎ᠠ ᠳᠤ᠂ ᠲᠦᠩᠯᠢᠶᠣᠤ ᠬᠤᠲᠠ ᠶᠢᠨ ᠬᠤᠤᠯᠢᠩᠭᠤᠣᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢ ᠠᠨ ᠬᠤᠲᠠ ᠶᠢᠨ ᠴᠠᠭᠳᠠᠭᠠᠨ ᠤ ᠲᠠᠯ᠎ᠠ ᠶᠢᠨ ᠬᠢᠨ ᠤ ᠳᠠᠮᠵᠢᠭᠤᠯᠤᠭᠰᠠᠨ 1 ᠬᠡᠷᠡᠭ ᠤᠨ ᠲᠦᠭᠰᠢᠭᠦᠷᠢ ᠶᠢᠨ ᠮᠡᠳᠡᠭᠡ ᠶᠢ ᠲᠤᠰᠬᠤ ᠳᠤ᠄ ᠱᠠᠨᠰᠢ ᠮᠤᠵᠢ ᠶᠢᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠣᠬᠤᠷ ᠮᠡᠳᠡᠭᠡ ᠪᠠᠷ ᠲᠦᠭᠰᠢᠭᠦᠷᠢ ᠮᠡᠳᠡᠭᠦᠯᠬᠦ ᠲᠠᠪᠴᠠᠩ ᠨᠢ ᠨᠢᠭᠡᠨ ᠬᠥᠮᠦᠨ ᠪᠡᠶ᠎ᠡ ᠪᠠᠨ ᠬᠤᠣᠷᠯᠠᠬᠤ ᠭᠡᠵᠦ ᠪᠠᠶᠢᠨ᠎ᠠ ᠭᠡᠰᠡᠨ ᠣᠬᠤᠷ ᠮᠡᠳᠡᠭᠡ ᠶᠢ ᠣᠯᠵᠤ᠂ ᠲᠣᠰ ᠬᠥᠮᠦᠨ ᠣᠳᠣᠬᠠᠨ ᠳᠤ ᠬᠤᠤᠯᠢᠩᠭᠤᠣᠯ ᠬᠤᠲᠠ ᠳᠤ ᠪᠠᠶᠢᠬᠤ ᠶᠢ ᠯᠠ ᠮᠡᠳᠡᠨ᠎ᠡ᠂ ᠥᠭᠡᠷ᠎ᠡ ᠥᠷᠲᠡᠭ ᠲᠠᠢ ᠮᠡᠳᠡᠭᠡ ᠵᠠᠩᠭᠢ ᠪᠠᠶᠢᠬᠤ ᠥᠬᠡᠶ᠂ ᠬᠤᠤᠯᠢᠩᠭᠤᠣᠯ ᠤᠨ ᠴᠠᠭᠳᠠᠭᠠᠨ ᠤ ᠲᠠᠯ᠎ᠠ ᠶᠢᠨ ᠬᠢᠨ ᠠᠯᠢ ᠴᠢᠳᠠᠬᠤ ᠪᠠᠷ ᠲᠣᠰ ᠬᠥᠮᠦᠨ ᠢ ᠡᠷᠢᠵᠦ ᠤᠯᠬᠤ ᠶᠢ ᠬᠦᠰᠡᠵᠦ ᠪᠠᠶᠢᠨ᠎ᠠ ᠭᠡᠪᠡ᠃       ᠲᠣᠰ ᠲᠦᠭᠰᠢᠭᠦᠷᠢ ᠮᠡᠳᠡᠭᠦᠯᠦᠯᠲᠡ ᠶᠢ ᠳᠤᠰᠤᠭᠰᠠᠨ ᠤ ᠳᠠᠷᠠᠭ᠎ᠠ᠂ ᠬᠤᠤᠯᠢᠩᠭᠤᠣᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭ᠎ᠠ ᠲᠡᠷᠡ ᠳᠠᠷᠤᠶ ᠳᠤ ᠨᠢ ᠵᠢᠵᠢᠭᠦᠷᠯᠡᠵᠦ ᠪᠠᠶᠢᠭ᠎ᠠ ᠤᠳᠤᠷᠢᠳᠤᠯᠭ᠎ᠠ ᠳᠤ ᠮᠡᠳᠡᠭᠦᠯᠪᠡ᠃ ᠲᠣᠪᠴᠢᠶ᠎ᠠ ᠶᠢᠨ ᠤᠳᠤᠷᠢᠳᠤᠯᠭ᠎ᠠ ᠲᠡᠷᠡ ᠳᠠᠷᠤᠶ ᠳᠤ ᠨᠢ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠵᠤ ᠲᠣᠰ ᠨᠣᠮᠧᠷ ᠲᠠᠢ ᠬᠤᠯᠪᠣᠭᠳᠠᠬᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠰᠤᠳᠤᠯᠤᠨ ᠮᠠᠭᠠᠳᠯᠠᠬᠤ ᠶᠢᠨ ᠬᠠᠮᠲᠤ ᠳᠠᠷᠤᠶᠢᠬᠠᠨ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠮᠡᠳᠡᠭᠦᠯᠵᠦ᠂ ᠮᠡᠷᠭᠡᠵᠢᠯ ᠤᠨ ᠳᠡᠮᠵᠢᠯᠭᠡ ᠭᠤᠶᠤᠴᠢᠯᠠᠪᠠ᠃      ᠠᠷᠠᠳ ᠤᠨ ᠴᠠᠭᠳᠠᠭ᠎ᠠ ᠶᠢᠨ ᠴᠢᠷᠮᠠᠶᠢᠯᠲᠠ ᠪᠠᠷ ᠳᠡᠮᠵᠢᠨ᠂ ᠲᠤᠬᠠᠶ ᠶᠢᠨ ᠬᠥᠮᠦᠨ ᠨᠢ ᠲᠦᠩᠯᠢᠶᠣᠤ ᠬᠤᠲᠠ ᠶᠢᠨ ᠬᠤᠤᠯᠢᠩᠭᠤᠣᠯ ᠬᠤᠲᠠ ᠶᠢᠨ ᠨᠢᠭᠡᠨ ᠰᠠᠭᠤᠭᠠᠯᠢ ᠲᠣᠭᠤᠷᠢᠭ ᠤᠨ ᠨᠢᠭᠡᠨ ᠠᠰᠠᠷ ᠲᠤ ᠪᠠᠶᠢᠬᠤ ᠶᠢ ᠲᠣᠳᠣᠯᠠᠪᠠ᠃ ᠬᠠᠷᠢᠶ᠎ᠠ ᠣᠷᠣᠨ ᠤ ᠠᠷᠠᠳ ᠤᠨ ᠴᠠᠭᠳᠠᠭ᠎ᠠ ᠬᠠᠮᠤᠭ ᠲᠡᠷᠢᠭᠦᠨ ᠳᠤ ᠲᠤᠬᠠᠶ ᠶᠢᠨ ᠬᠥᠮᠦᠨ ᠤ ᠣᠷᠣᠨ ᠰᠠᠭᠤᠴᠠ ᠳᠤ ᠬᠦᠷᠬᠦ ᠳᠤ᠂ ᠭᠡᠷ ᠳᠣᠲᠣᠷ᠎ᠠ ᠵᠥᠪᠬᠡᠨ 20 ᠭᠠᠷᠤᠶ ᠨᠠᠰᠤᠲᠠᠶ ᠨᠢᠭᠡᠨ ᠬᠡᠦᠬᠡᠨ  ᠪᠠᠶᠢᠬᠤ  ᠪᠦᠭᠡᠳ  ᠤᠷᠮ᠎ᠠ ᠮᠠᠭᠤ ᠠᠭᠤᠷ ᠶᠡᠭᠡᠲᠡᠢ᠂ ᠶᠠᠮᠠᠷᠪᠠ ᠬᠥᠮᠦᠨ ᠢ ᠣᠢᠷᠠᠲᠤᠭᠤᠯᠬᠤ ᠦᠭᠡᠢ ᠪᠠᠰᠠ ᠶᠠᠭᠤ ᠴᠤ ᠶᠠᠷᠢᠬᠤ ᠦᠭᠡᠢ᠂ ᠴᠠᠢ ᠶᠢᠨ ᠰᠢᠷᠡᠭᠡᠨ ᠳᠡᠭᠡᠷ᠎ᠡ ᠨᠢᠭᠡ ᠵᠢᠮᠢᠰ ᠤᠨ ᠬᠢᠲᠤᠭ᠎ᠠ ᠲᠠᠯᠪᠢᠵᠤ ᠪᠠᠶᠢᠬᠤ ᠶᠢ ᠴᠠᠭᠳᠠᠭ᠎ᠠ ᠠᠩᠬᠠᠷᠴᠤ ᠣᠯᠪᠠ᠃ ᠠᠷᠠᠳ ᠤᠨ ᠴᠠᠭᠳᠠᠭ᠎ᠠ ᠲᠣᠰ ᠬᠡᠦᠬᠡᠨ ᠲᠠᠢ ᠶᠠᠷᠢᠯᠴᠠᠵᠤ ᠠᠩᠬᠠᠷᠤᠯ ᠢ ᠨᠢ ᠲᠠᠲᠠᠵᠤ᠂ ᠵᠠᠪᠰᠢᠶᠠᠨ ᠢ ᠳᠠᠯᠢᠮᠳᠠᠭᠤᠯᠤᠨ ᠴᠠᠢ ᠶᠢᠨ ᠰᠢᠷᠡᠭᠡ ᠳᠡᠭᠡᠷᠡᠬᠢ ᠵᠢᠮᠢᠰ ᠤᠨ ᠬᠢᠲᠤᠭ᠎ᠠ ᠶᠢ ᠬᠤᠷᠢᠶᠠᠨ ᠠᠪᠤᠪᠠ᠃ ᠡᠨᠡ ᠬᠤᠭᠤᠴᠠᠭᠠᠨ ᠳᠤ ᠬᠡᠦᠬᠡᠨ ᠤ ᠡᠵᠢ ᠨᠢ ᠭᠡᠷ ᠲᠤ ᠪᠠᠨ ᠬᠠᠷᠢᠵᠤ ᠢᠷᠡᠭᠰᠡᠨ ᠳᠤ᠂ ᠠᠷᠠᠳ ᠤᠨ ᠴᠠᠭᠳᠠᠭ᠎ᠠ ᠠᠴᠠ ᠲᠤᠰ ᠬᠡᠦᠬᠡᠨ ᠤ ᠶᠡᠭᠡ ᠰᠤᠷᠭᠠᠭᠤᠯᠢ ᠲᠡᠭᠦᠰᠦᠭᠰᠡᠨ ᠤ ᠳᠠᠷᠠᠭ᠎ᠠ᠂ ᠠᠵᠢᠯ ᠡᠷᠢᠬᠦ ᠠᠰᠠᠭᠤᠳᠠᠯ ᠠᠴᠠ ᠪᠣᠯᠵᠤ ᠭᠡᠷ ᠤᠨ ᠬᠥᠮᠦᠰ ᠲᠠᠢ ᠪᠠᠨ ᠵᠥᠷᠢᠯᠳᠦᠭᠡᠨ ᠭᠠᠷᠴᠤ᠂ ᠰᠡᠳᠬᠢᠯ ᠰᠠᠨᠠᠭ᠎ᠠ ᠨᠢ ᠡᠪ ᠦᠭᠡᠶ ᠪᠣᠯᠵᠤ᠂ ᠪᠡᠶ᠎ᠡ ᠪᠠᠨ ᠬᠤᠣᠷᠯᠠᠬᠤ ᠪᠣᠳᠣᠯ ᠣᠷᠣᠭᠰᠠᠨ ᠭᠡᠳᠡᠭ ᠢ ᠣᠶᠢᠯᠭᠠᠨ ᠮᠡᠳᠡᠪᠡ᠃      ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠦᠷᠭᠦᠯᠵᠢᠯᠡᠨ ᠬᠦᠯᠢᠴᠡᠩᠭᠦᠶ ᠪᠠᠷ ᠢᠳᠬᠠᠨ ᠰᠤᠷᠭᠠᠵᠤ᠂ ᠴᠠᠭ ᠭᠠᠷᠤᠶ ᠢᠳᠬᠠᠨ ᠲᠠᠶᠢᠯᠪᠤᠷᠢᠯᠠᠬᠤ ᠪᠠᠷ ᠳᠡᠮᠵᠢᠨ᠂ ᠡᠴᠦᠰ ᠲᠤ ᠪᠠᠨ ᠬᠡᠦᠬᠡᠨ ᠪᠡᠶ᠎ᠡ ᠪᠠᠨ ᠬᠤᠣᠷᠯᠠᠬᠤ ᠪᠣᠳᠣᠯ ᠢᠶᠠᠨ ᠲᠠᠶᠠᠭᠳᠠᠭᠰᠠᠨ ᠮᠥᠷᠲᠡᠭᠡᠨ ᠰᠠᠶᠢᠨ ᠰᠠᠶᠢᠬᠠᠨ ᠠᠮᠢᠳᠤᠷᠠᠨ᠎ᠠ ᠭᠡᠵᠦ ᠢᠯᠡᠳᠬᠡᠪᠡ᠃
ᠢᠷᠡᠯᠲᠡ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ