ᠦᠨ᠎ᠡ ᠲᠥᠯᠥᠪᠦᠷᠢ ᠦᠭᠡᠢ ᠪᠠᠷ ᠪᠡᠯᠡᠭ ᠬᠦᠷᠭᠡᠬᠦ ᠰᠠᠶᠢᠨ ᠤᠴᠢᠷ ᠲᠤ ᠲᠠᠭᠠᠷᠠᠯᠳᠤᠵᠤ ᠥᠩᠭᠡᠷᠡᠪᠡ ᠦᠦ︖
ᠨᠡᠶᠢᠲᠡᠯᠡᠭᠰᠡᠨ ᠴᠠᠭ᠄
2022/9/30
      8 ᠳ᠋ᠤᠭᠠᠷ ᠰᠠᠷ᠎ᠠ ᠶᠢᠨ ᠳᠤᠮᠳᠠᠴᠢ ᠪᠠᠷ᠂ ᠲᠦᠩᠯᠢᠶᠣᠤ ᠬᠤᠲᠠ ᠶᠢᠨ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ︽ᠬᠥᠮᠥᠨ ᠲᠠᠲᠠᠬᠤ︾ ᠨᠢᠭᠡᠨ ᠬᠡᠷᠡᠭ ᠢ ᠠᠮᠵᠢᠯᠲᠠᠲᠠᠶ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠢ ᠨᠡᠶᠢᠲᠡ 7 ᠪᠠᠷᠢᠪᠴᠢᠯᠠᠪᠠ᠃      ᠡᠨᠡ ᠵᠢᠯ ᠤᠨ 4 ᠳ᠋ᠦ᠋ᠭᠡᠷ ᠰᠠᠷ᠎ᠠ ᠳᠤ᠂ ᠨᠠᠢᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠢᠯᠡᠴᠢᠯᠡᠨ ᠮᠡᠳᠡᠭᠦᠯᠦᠭᠰᠡᠨ ᠢᠶᠠᠷ᠂ ᠭᠠᠳᠠᠨ᠎ᠠ ᠠᠴᠠ ᠢᠷᠡᠭᠰᠡᠨ ᠬᠡᠳᠦᠨ ᠬᠥᠮᠦᠨ ᡁᠢ ᠠᠨ ᠪᠠᠯᠭᠠᠰᠤᠨ ᠤ ᠬᠠᠷᠢᠶ᠎ᠠ ᠣᠷᠣᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠵᠦ ᠪᠠᠶᠢᠨ᠎ᠠ ᠭᠡᠪᠡ᠃       ᠣᠶᠢᠯᠠᠭᠠᠭᠰᠠᠨ ᠢᠶᠠᠷ᠂ ᠲᠣᠰ ᠪᠦᠯᠦᠭ ᠬᠥᠮᠦᠰ ᠰᠦᠢᠳᠬᠡᠯ ᠬᠤᠷᠢᠶᠠᠬᠤ ᠥᠬᠡᠶ ᠪᠠᠷ ᠴᠠᠭᠠᠰᠤ᠂ ᠪᠥᠰ ᠬᠡᠤᠬᠡᠯᠳᠡᠶ᠂ ᠬᠠᠶᠢᠷᠴᠠᠭ᠂ ᠵᠢᠵᠢᠭ ᠰᠠᠨᠳᠠᠯᠢ ᠵᠡᠷᠭᠡ ᠵᠢᠵᠢᠭ ᠪᠡᠯᠡᠭ ᠬᠦᠷᠭᠡᠬᠦ ᠪᠠᠷ ᠤᠷᠠᠬᠠᠯᠠᠵᠤ᠂ ᠥᠪᠡᠷ ᠤᠨ ᠭᠠᠷ ᠤᠲᠠᠰᠤ ᠪᠠᠷ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠸᠢᠴᠠᠲ ᠤᠨ ᠲᠠᠩᠰᠠᠨ ᠨᠣᠮᠧᠷ ᠲᠤ ᠭᠠᠷᠴᠤ᠂ ᠰᠠᠭᠤᠭᠠᠯᠢ ᠠᠷᠠᠳ ᠤᠨ ᠸᠢᠴᠠᠲ ᠤᠨ ᠴᠤᠭᠯᠠᠭᠠᠨ ᠳᠤ ᠬᠤᠳᠠᠯ ᠬᠠᠭᠤᠷᠮᠠᠭ ᠠᠵᠢᠯᠲᠠᠨ ᠡᠯᠰᠡᠬᠦ ᠵᠠᠷ ᠨᠡᠶᠢᠲᠡᠯᠡᠬᠦ ᠪᠤᠶᠤ ᠸᠢᠴᠠᠲ ᠤᠨ ᠰᠠᠶᠢᠨ ᠨᠠᠶᠢᠵᠠ ᠪᠠᠨ ᠰᠢᠨ᠎ᠡ ᠴᠤᠭᠯᠠᠭᠠᠨ ᠳᠤ ᠲᠠᠲᠠᠵᠤ ᠣᠷᠣᠭᠤᠯᠬᠤ ᠶᠢᠨ ᠬᠠᠮᠲᠤ ᠴᠤᠭᠯᠠᠭᠠᠨ ᠳᠤ ᠬᠤᠳᠠᠯ ᠬᠠᠭᠤᠷᠮᠠᠭ ᠠᠵᠢᠯᠲᠠᠨ ᠡᠯᠰᠡᠬᠦ ᠵᠠᠷ ᠨᠡᠶᠢᠲᠡᠯᠡᠬᠦ ᠪᠠᠷ ᠱᠠᠭᠠᠷᠳᠠᠨ᠎ᠠ᠃       ᠢᠯᠡᠴᠢᠯᠡᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠪᠠᠶᠢᠴᠠᠭᠠᠬᠤ ᠠᠵᠢᠯ ᠥᠷᠨᠢᠭᠦᠯᠪᠡ᠃ ᠪᠠᠶᠢᠴᠠᠭᠠᠭᠰᠠᠨ ᠢᠶᠠᠷ᠂ ᠲᠣᠰ ᠪᠦᠯᠦᠭ ᠬᠥᠮᠦᠰ ᠲᠦᠩᠯᠢᠶᠣᠤ ᠬᠤᠲᠠ ᠶᠢᠨ ᠺᠠᠶᠢᠯᠦ ᠰᠢᠶᠠᠨ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤ᠂ ᠯᠢᠶᠣᠤᠨᠢᠩ ᠮᠤᠵᠢ ᠶᠢᠨ ᠱᠧᠨᠶᠠᠩ ᠬᠤᠲᠠ᠂ ᠰᠢᠨ ᠮᠢᠨ ᠬᠤᠲᠠ ᠵᠡᠷᠭᠡ ᠭᠠᠵᠠᠷ ᠲᠤ ᠬᠥᠮᠥᠨ ᠲᠠᠲᠠᠬᠤ ᠠᠵᠢᠯᠯᠠᠭ᠎ᠠ ᠶᠢ 50 ᠭᠠᠷᠤᠶ ᠤᠳᠠᠭ᠎ᠠ ᠥᠷᠨᠢᠭᠦᠯᠵᠦ᠂ ᠨᠢᠭᠡᠨᠲᠡ 20 ᠭᠠᠷᠤᠶ ᠬᠥᠮᠥᠨ ᠮᠡᠬᠡᠯᠡᠭᠳᠡᠪᠡ᠃       ᠠᠷᠠᠳ ᠤᠨ ᠴᠠᠭᠳᠠᠭ᠎ᠠ ᠶᠢᠨ ᠭᠦᠨᠵᠡᠭᠡᠶ ᠪᠠᠶᠢᠴᠠᠭᠠᠯᠲᠠ ᠪᠠᠷ ᠳᠠᠮᠵᠢᠭᠠᠳ᠂ ᠲᠤᠰ ᠡᠪᠰᠡᠯ ᠪᠦᠯᠦᠭ ᠤᠨ ᠭᠤᠣᠯ ᠪᠦᠷᠢᠯᠳᠦᠬᠦᠨ ᠪᠣᠯᠬᠤ ᠯᠢᠶᠠᠩ ᠣᠪᠣᠭᠲᠤ ᠾᠧᠨᠠᠨ ᠮᠤᠵᠢ ᠶᠢᠨ ᠰᠢᠨ ᠵᠧᠩ ᠬᠤᠲᠠ ᠳᠤ ᠪᠠᠶᠢᠭ᠎ᠠ ᠪᠣᠯᠬᠤᠷ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ ᠶᠠᠯ᠎ᠠ ᠬᠢᠭᠰᠡᠨ ᠰᠡᠵᠢᠭᠳᠡᠨ ᠤ ᠪᠠᠶᠢᠭ᠎ᠠ ᠭᠠᠵᠠᠷ ᠲᠤ ᠬᠦᠷᠴᠦ ᠪᠠᠷᠢᠪᠴᠢᠯᠠᠵᠠᠶ᠃ ᠨᠠᠶᠮᠠᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠰᠠᠯᠪᠤᠷᠢ ᠠᠩᠭᠢ ᠶᠢᠨ ᠮᠡᠷᠭᠡᠵᠢᠯ ᠤᠨ ᠳᠡᠮᠵᠢᠯᠭᠡ ᠪᠠ ᠰᠢᠨ ᠵᠧᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠦᠴᠦᠲᠡᠶ ᠬᠠᠮᠵᠢᠯᠴᠠᠭ᠎ᠠ ᠳᠤᠤᠷ᠎ᠠ᠂ ᠠᠷᠠᠳ ᠤᠨ ᠴᠠᠭᠳᠠᠭ᠎ᠠ ᠣᠶᠢᠷ᠎ᠠ ᠳᠤ ᠶᠠᠯ᠎ᠠ ᠬᠢᠭᠰᠡᠨ ᠰᠡᠵᠢᠭᠳᠡᠨ ᠯᠢᠶᠠᠩ ᠣᠪᠣᠭᠲᠤ ᠵᠡᠷᠭᠡ 7 ᠰᠡᠵᠢᠭᠳᠡᠨ ᠢ ᠪᠠᠷᠢᠪᠴᠢᠯᠠᠵᠤ᠂ ᠰᠢᠭᠦᠨ ᠠᠰᠠᠭᠤᠬᠤ ᠪᠠᠷ ᠳᠡᠮᠵᠢᠨ᠂ 7 ᠶᠠᠯ᠎ᠠ ᠬᠢᠭᠰᠡᠨ ᠰᠡᠵᠢᠭᠳᠡᠨ ᠥᠪᠥᠷ ᠮᠣᠩᠭᠤᠯ᠂ ᠯᠢᠶᠣᠤᠨᠢᠩ ᠵᠡᠷᠭᠡ ᠭᠠᠵᠠᠷ ᠲᠤ ᠬᠤᠳᠠᠯ ᠬᠠᠭᠤᠷᠮᠠᠭ ︽ᠬᠥᠮᠥᠨ ᠲᠠᠲᠠᠬᠤ︾ ᠵᠠᠷ ᠨᠡᠶᠢᠲᠡᠯᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠᠨ ᠥᠴᠢᠭᠯᠡᠨ ᠮᠡᠳᠡᠷᠡᠪᠡ᠃ ᠣᠳᠣᠬᠠᠨ ᠳᠤ ᠬᠡᠷᠡᠭ ᠢ ᠤᠯᠠᠮ ᠨᠢᠭᠡ ᠠᠯᠬᠤᠮ ᠳᠡᠩᠨᠡᠨ ᠪᠠᠶᠢᠴᠠᠭᠠᠵᠤ ᠪᠠᠶᠢᠨ᠎ᠠ᠃ᠮᠡᠬᠡᠯᠡᠯ ᠢ ᠰᠡᠷᠭᠡᠢᠯᠡᠬᠦ ᠶᠡᠷᠦ ᠶᠢᠨ ᠮᠡᠳᠡᠯᠭᠡ᠄      ᠶᠠᠭᠤ ᠶᠢ ︽ᠱᠦᠭᠦᠷᠳᠡᠬᠦ ᠮᠠᠶ᠋ᠢᠭ ᠢᠶᠠᠷ ᠬᠥᠮᠥᠨ ᠲᠠᠲᠠᠬᠤ︾ ᠭᠡᠬᠦ ᠪᠤᠢ︖       ᠮᠡᠬᠡᠯᠡᠭᠴᠢ ᠦᠨ᠎ᠡ ᠲᠥᠯᠥᠪᠦᠷᠢ ᠦᠭᠡᠢ ᠪᠠᠷ ᠵᠢᠵᠢᠭ ᠪᠡᠯᠡᠭ ᠬᠦᠷᠭᠡᠬᠦ ᠰᠢᠯᠲᠠᠭ ᠢᠶᠠᠷ ᠣᠯᠠᠨ ᠲᠦᠮᠡᠨ ᠤ ᠠᠩᠬᠠᠷᠤᠯ ᠢ ᠲᠠᠲᠠᠵᠤ ᠬᠤᠶᠠᠷ ᠬᠡᠮᠵᠢᠯᠳᠦ ᠺᠣᠳ᠋ ᠢ ᠰᠢᠷᠪᠢᠭᠦᠯᠦᠨ ᠴᠤᠭᠯᠠᠭᠠᠨ ᠳᠤ ᠪᠠᠨ ᠲᠠᠲᠠᠵᠤ ᠣᠷᠣᠭᠤᠯᠤᠨ᠎ᠠ᠃ ᠣᠯᠠᠨ ᠲᠦᠮᠡᠨ ᠪᠡᠯᠡᠭ ᠤᠨ ᠡᠳ᠋ ᠢ ᠣᠯᠵᠤ ᠠᠪᠬᠤ ᠶᠢᠨ ᠲᠥᠯᠥᠭᠡ ᠬᠤᠶᠠᠷ ᠬᠡᠮᠵᠢᠯᠳᠦ ᠺᠣᠳ᠋ ᠢ ᠰᠢᠷᠪᠢᠨ  ᠴᠤᠭᠯᠠᠭᠠᠨ ᠳᠤ ᠣᠷᠣᠵᠤ᠂ ᠣᠷᠣᠭᠰᠠᠨ ᠤ ᠳᠠᠷᠠᠭ᠎ᠠ ︽ᠬᠠᠤᠯᠢ ᠪᠤᠰᠤ ᠡᠲᠡᠭᠡᠳ︾ ᠴᠤᠭᠯᠠᠭᠠᠨ ᠳᠤ ︽ᠺᠣᠳ᠋ ᠰᠢᠷᠪᠢᠵᠦ ᠴᠤᠭᠯᠠᠭᠠᠨ ᠳᠤ ᠣᠷᠣᠪᠠᠯ ᠤᠯᠠᠭᠠᠨ ᠪᠠᠭᠯᠠᠭ᠎ᠠ ᠠᠪᠴᠤ ᠪᠣᠯᠤᠨ᠎ᠠ︾ ᠭᠡᠰᠡᠨ ᠶᠠᠷᠢᠶ᠎ᠠ ᠨᠡᠶᠢᠲᠡᠯᠡᠵᠦ᠂ ᠡᠭᠦᠨ ᠢᠶᠠᠷ ᠴᠤᠭᠯᠠᠭᠠᠨ ᠤ ᠳᠣᠲᠣᠷᠠᠬᠢ ᠬᠥᠮᠦᠰ ᠢ ᠬᠠᠭᠤᠷᠤᠨ ᠮᠡᠬᠡᠯᠡᠵᠦ ᠺᠣᠳ᠋ ᠰᠢᠷᠪᠢᠭᠦᠯᠵᠦ ᠰᠢᠨ᠎ᠡ ᠴᠤᠭᠯᠠᠭᠠᠨ ᠳᠤ ᠪᠠᠨ ᠣᠷᠣᠭᠤᠯᠤᠨ᠂ ᠳᠠᠬᠢᠨ ᠴᠤᠭᠯᠠᠭᠠᠨ ᠤ ᠪᠦᠷᠢᠯᠳᠦᠬᠦᠨ ᠢᠶᠠᠨ ᠳᠣᠭᠢᠷᠠᠭᠤᠯᠤᠨ ᠪᠠᠭ᠎ᠠ ᠰᠠᠭ᠎ᠠ ᠶᠠᠭᠤᠮ᠎ᠠ ᠬᠢᠯᠭᠡᠵᠦ ᠠᠰᠢᠭ ᠣᠯᠭᠤᠯᠵᠤ᠂ ᠴᠤᠭᠯᠠᠭᠠᠨ ᠤ ᠪᠦᠷᠢᠯᠳᠦᠬᠦᠨ ᠤ ᠥᠪᠡᠷ ᠢ ᠪᠠᠨ ᠢᠲᠡᠭᠡᠬᠦ ᠬᠡᠮᠵᠢᠶ᠎ᠡ ᠶᠢ ᠨᠡᠮᠡᠭᠳᠡᠭᠦᠯᠵᠦ᠂ ᠪᠦᠷᠢᠨ ᠢᠲᠡᠭᠡᠯ ᠢ ᠨᠢ ᠣᠯᠤᠭᠰᠠᠨ ᠤ ᠳᠠᠷᠠᠭ᠎ᠠ᠂ ᠬᠠᠤᠯᠢ ᠪᠤᠰᠤ ᠡᠲᠡᠭᠡᠳ ᠴᠤᠭᠯᠠᠭᠠᠨ ᠤ ᠳᠣᠲᠣᠷᠠᠬᠢ ᠬᠥᠮᠦᠰ ᠢ APP ᠶᠢ ᠪᠠᠭᠤᠯᠭᠠᠨ ᠠᠪᠤᠪᠠᠯ ᠵᠣᠭᠤᠰ ᠣᠯᠣᠨ᠎ᠠ ᠭᠡᠵᠦ  ᠤᠯᠠᠮ  ᠨᠢᠭᠡ  ᠠᠯᠬᠤᠮ  ᠬᠠᠭᠤᠷᠤᠨ ᠮᠡᠬᠡᠯᠡᠵᠦ ︵ᠦᠨᠡᠨ ᠳᠤ ᠪᠠᠨ ᠵᠥᠪᠬᠡᠨ ᠲᠣᠭᠠᠴᠠᠭ᠎ᠠ ᠬᠢᠬᠦ ᠶᠠᠪᠤᠳᠠᠯ ᠪᠣᠯᠤᠨ᠎ᠠ︶᠂ ︽ᠨᠡᠩ ᠣᠨᠣᠪᠴᠢᠲᠠᠶ ᠮᠡᠬᠡᠯᠡᠯ︾ ᠢ ᠶᠠᠪᠤᠭᠤᠯᠤᠨ᠎ᠠ᠃
ᠢᠷᠡᠯᠲᠡ᠄ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ