7 ᠳ᠋ᠤᠭᠠᠷ ᠰᠠᠷ᠎ᠠ ᠶᠢᠨ 1 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠶᠢᠲᠡᠯᠡᠬᠦ | ᠬᠤᠷᠠᠯ ᠬᠢᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ | ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢᠨ ᠠᠵᠢᠯ ᠤᠨ ᠬᠠᠮᠢᠶ᠎ᠠ ᠪᠥᠬᠦᠶ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | 6 ᠳ᠋ᠤᠭᠠᠷ ᠰᠠᠷ᠎ᠠ ᠶᠢᠨ 25 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ | ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠪᠠᠶᠢᠷᠢᠯᠠᠭᠤᠯᠤᠨ ᠥᠷᠨᠢᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠪᠥᠬᠦ ᠣᠷᠣᠨ ᠤ ᠵᠣᠨ ᠤ ᠤᠯᠠᠷᠢᠯ ᠤᠨ ᠨᠡᠶᠢᠭᠡᠮ ᠤᠨ ᠠᠮᠤᠷ ᠢ ᠬᠠᠮᠠᠭᠠᠯᠠᠬᠤ ᠣᠨᠴᠠᠯᠢᠭ ᠲᠤ ᠴᠢᠭᠯᠡᠭᠦᠯᠦᠨ᠂ ︽ᠶᠠᠮᠠᠷ ᠶᠠᠯᠠᠲᠤ ᠠᠵᠢᠯᠯᠠᠭ᠎ᠠ ᠲᠣᠪᠤᠶᠢᠮ᠎ᠠ ᠪᠣᠯ | ᠶᠠᠮᠠᠷ ᠶᠠᠯᠠᠲᠤ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠬᠦ᠂ ᠬᠠᠮᠢᠭ᠎ᠠ ᠠᠮᠤᠷ ᠲᠤᠭᠳᠠᠭᠤᠨ ᠪᠤᠰᠤ ᠪᠣᠯ ᠭᠤᠤᠯᠳᠠᠯᠭ᠎ᠠ ᠲᠠᠢ ᠴᠡᠭᠴᠡᠯᠡᠨ ᠵᠠᠰᠠᠬᠤ︾ | ᠵᠠᠷᠴᠢᠮ ᠢ ᠪᠠᠷᠢᠮᠲᠠᠯᠠᠨ ᠳᠠᠷᠤᠶ ᠲᠦᠷᠭᠡᠨ ᠪᠠᠶᠢᠷᠢᠯᠠᠭᠤᠯᠵᠤ᠂ ᠪᠥᠬᠦ ᠣᠷᠣᠨ ᠤ ᠬᠡᠪᠴᠢᠶᠡᠨ ᠳᠤ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ | ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠶᠢ ᠥᠷᠨᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠲᠥᠪᠯᠡᠷᠡᠭᠦᠯᠦᠨ ᠪᠣᠭᠤᠮᠲᠠ | ᠰᠢᠪᠲᠤᠯᠤᠨ ᠠᠷᠢᠯᠭᠠᠵᠤ᠂ ᠪᠥᠬᠦ ᠣᠷᠣᠨ ᠤ ᠨᠡᠶᠢᠭᠡᠮ ᠤᠨ ᠠᠮᠤᠷ ᠢ ᠬᠠᠮᠠᠭᠠᠯᠠᠬᠤ ᠪᠦᠬᠦ ᠲᠠᠯ᠎ᠠ ᠶᠢᠨ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠪᠠᠶᠢᠬᠤ ᠶᠢ | ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠳᠤ ᠤᠮᠠᠷᠠᠲᠤ ᠬᠢᠯᠢ ᠶᠢᠨ ᠰᠠᠶᠢᠨ ᠰᠠᠶᠢᠬᠠᠨ ᠨᠡᠶᠢᠭᠡᠮ ᠤᠨ ᠠᠮᠤᠷ ᠢ | ᠬᠠᠮᠠᠭᠠᠯᠠᠬᠤ ᠣᠷᠴᠢᠨ ᠢ ᠡᠭᠦᠳᠴᠦ ᠪᠤᠢ᠃ | ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠭᠤᠤᠯ | ᠱᠤᠭᠤᠮ ᠳᠤ ᠠᠩᠬᠠᠷᠤᠯ ᠢᠶᠠᠨ ᠲᠦᠪᠯᠡᠷᠡᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠤᠷᠢᠳᠴᠢᠯᠠᠨ ᠬᠥᠳᠡᠯᠬᠦ᠂ ᠴᠣᠬᠢᠯᠲᠠ ᠥᠭᠬᠦ ᠪᠠ ᠰᠡᠷᠭᠡᠶᠢᠯᠡᠬᠦ ᠶᠢ ᠬᠤᠣᠰᠯᠠᠭᠤᠯᠬᠤ᠂ ᠡᠬᠢ ᠡᠭᠦᠰᠦᠯ ᠠᠴᠠ ᠨᠢ | ᠵᠠᠰᠠᠬᠤ᠂ ᠶᠡᠷᠦᠩᠬᠡᠶᠢᠯᠡᠨ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠪᠠ ᠰᠠᠮᠠᠭᠤᠨ ᠪᠠᠶᠢᠳᠠᠯ ᠢ ᠭᠤᠣᠯᠳᠠᠯᠭ᠎ᠠ ᠲᠠᠢ | ᠵᠠᠰᠠᠬᠤ ᠶᠢ ᠪᠠᠷᠢᠮᠲᠠᠯᠠᠨ᠂ ᠡᠯ᠎ᠡ ᠹᠷᠣᠨᠲ ᠤᠨ ᠲᠤᠰᠬᠠᠶ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠣᠬᠢᠬᠤ᠂ ᠰᠡᠷᠭᠡᠶᠢᠯᠡᠬᠦ᠂ ᠬᠠᠮᠢᠶᠠᠷᠬᠤ᠂ ᠡᠯ᠎ᠡ ᠵᠦᠢᠯ ᠤᠨ | ᠠᠵᠢᠯ ᠢ ᠵᠠᠰᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠡᠵᠡᠮᠳᠡᠬᠦ ᠬᠦᠴᠦᠨ ᠢ ᠦᠨᠡᠨ ᠬᠦ | ᠳᠡᠭᠡᠭᠰᠢᠯᠡᠭᠦᠯᠦᠨ᠂ ᠠᠷᠠᠳ ᠣᠯᠠᠨ ᠤ ᠣᠯᠤᠯᠲᠠ ᠶᠢᠨ ᠲᠥᠷᠥᠭᠳᠡᠯ ᠵᠢᠷᠭᠠᠯᠲᠤ ᠲᠥᠷᠥᠭᠳᠡᠯ ᠲᠠᠶᠢᠪᠤᠩᠳᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ | ︽ᠵᠠᠭᠤᠨ ᠡᠳᠦᠷ ᠤᠨ ᠠᠵᠢᠯᠯᠠᠭ᠎ᠠ︾ ᠨᠢ ︽ᠳᠥᠷᠪᠡᠨ ᠪᠦᠯᠦᠭ᠂ ᠳᠥᠷᠪᠡ ᠶᠢ ᠴᠢᠩᠭ᠎ᠠ ᠰᠡᠷᠭᠡᠶᠢᠯᠡᠬᠦ᠂ ᠨᠢᠭᠡ ᠶᠢ ᠦᠨᠡᠨ ᠬᠦ ᠪᠠᠲᠤᠯᠠᠬᠤ︾ ᠠᠵᠢᠯ ᠤᠨ ᠬᠠᠷᠠᠯᠲᠠ ᠶᠢ | ᠦᠨᠡᠨ ᠬᠦ ᠪᠠᠳᠤᠯᠠᠵᠤ᠂ ᠲᠤᠬᠠᠶᠢᠯᠠᠪᠠᠯ᠄ ᠨᠢᠭᠡ ᠪᠦᠯᠦᠭ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠵᠠᠯᠬᠠᠭᠠᠨ ᠰᠢᠢᠳᠭᠡᠬᠦ᠂ ᠨᠡᠶᠢᠭᠡᠮ ᠤᠨ ᠠᠮᠤᠷ ᠲᠦᠪᠰᠢᠨ | ᠡᠮᠬᠢ ᠵᠠᠮᠪᠠᠷᠠᠭ᠎ᠠ ᠦᠭᠡᠢ ᠨᠢᠭᠡ ᠪᠦᠯᠦᠭ ᠭᠠᠵᠠᠷ ᠣᠷᠣᠨ ᠢ ᠴᠡᠭᠴᠡᠯᠡᠨ ᠵᠠᠰᠠᠬᠤ᠂ ᠨᠢᠭᠡ ᠪᠦᠯᠦᠭ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ | ᠠᠷᠢᠯᠭᠠᠬᠤ᠂ ᠨᠢᠭᠡ ᠪᠦᠯᠦᠭ ︽ᠢᠷᠭᠡᠨ ᠤ ᠬᠡᠷᠡᠭ ᠢ ᠡᠷᠡᠭᠦᠦ ᠶᠢᠨ ᠬᠡᠷᠡᠭ ᠪᠣᠯᠭᠠᠨ ᠬᠤᠪᠢᠷᠠᠭᠤᠯᠬᠤ︾ ︽ᠡᠷᠡᠭᠦᠦ ᠶᠢᠨ ᠬᠡᠷᠡᠭ ᠢ ᠠᠮᠢᠨ ᠬᠡᠷᠡᠭ ᠪᠣᠯᠭᠠᠨ | ᠬᠤᠪᠢᠷᠠᠭᠤᠯᠬᠤ︾ ᠬᠡᠷᠡᠭ ᠢ ᠰᠡᠷᠭᠡᠶᠢᠯᠡᠨ ᠡᠵᠡᠮᠳᠡᠵᠦ᠂ ᠤᠯᠤᠰ ᠲᠥᠷᠥ ᠶᠢᠨ ᠠᠮᠤᠷ ᠲᠦᠪᠰᠢᠨ ᠢ ᠨᠥᠯᠥᠭᠡᠯᠡᠬᠦ ᠬᠦᠨᠳᠦ ᠶᠡᠭᠡ ᠬᠡᠷᠡᠭ ᠪᠠ ᠬᠦᠴᠦᠷᠬᠡᠭᠯᠡᠯ | ᠰᠦᠷᠳᠡᠭᠦᠯᠦᠯ ᠤᠨ ᠬᠡᠷᠡᠭ ᠵᠢᠴᠢ ᠬᠤᠪᠢ ᠬᠥᠮᠦᠨ ᠤ ᠬᠡᠲᠦᠷᠡᠮᠡᠬᠡᠶ ᠬᠦᠴᠦᠷᠬᠡᠭᠯᠡᠯ ᠤᠨ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ᠂ ᠣᠯᠠᠨ ᠲᠦᠮᠡᠨᠴᠢ ᠴᠢᠨᠠᠷᠲᠠᠶ | ᠬᠦᠨᠳᠦ ᠶᠡᠭᠡ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ ᠶᠢ ᠬᠦᠨᠳᠦ ᠨᠣᠴᠢᠲᠠᠶ ᠨᠥᠯᠥᠭᠡᠯᠡᠭᠰᠡᠨ ᠬᠦᠨᠳᠦ ᠶᠡᠭᠡ | ᠡᠷᠡᠭᠦᠦ ᠶᠢᠨ ᠬᠡᠷᠡᠭ ᠠᠮᠤᠷ ᠲᠦᠪᠰᠢᠨ ᠤ ᠬᠡᠷᠡᠭ ᠭᠠᠷᠬᠤ ᠶᠢ ᠴᠢᠩᠭ᠎ᠠ ᠰᠡᠷᠭᠡᠶᠢᠯᠡᠬᠦ᠂ ᠣᠯᠠᠨ ᠨᠡᠶᠢᠲᠡ ᠶᠢᠨ ᠬᠦᠨᠳᠦ ᠶᠡᠭᠡ ᠠᠮᠤᠷ ᠲᠦᠪᠰᠢᠨ ᠪᠠ ᠵᠠᠮ ᠬᠠᠷᠢᠯᠴᠠᠭᠠᠨ ᠤ | ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠭᠡᠮ ᠤᠨ ᠪᠦᠬᠦ ᠲᠠᠯ᠎ᠠ ᠶᠢᠨ ᠦᠷᠭᠦᠯᠵᠢᠯᠡᠨ ᠲᠣᠭᠲᠠᠭᠤᠨ | ᠪᠠᠶᠢᠬᠤ ᠶᠢ ᠦᠨᠡᠨ ᠬᠦ ᠪᠠᠳᠤᠯᠠᠪᠠ᠃ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯᠳᠠᠯᠭ᠎ᠠ ᠲᠠᠢ ᠠᠬᠢᠭᠤᠯᠬᠤ ᠠᠵᠢᠯ | ᠤᠯᠤᠰ ᠲᠥᠷᠥ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ᠃ ᠡᠯ᠎ᠡ ᠲᠥᠷᠥᠯ ᠤᠨ ᠳᠠᠶᠢᠰᠤᠩᠨᠠᠭᠴᠢ ᠬᠦᠴᠦᠨ ᠤ ᠨᠡᠪᠴᠢᠯᠲᠡ ᠨᠤᠷᠠᠭᠠᠯᠲᠠ | ᠡᠪᠳᠡᠯᠡᠭᠡ ᠶᠢᠨ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ ᠴᠣᠬᠢᠯᠲᠠ ᠥᠭᠴᠦ᠂ ᠲᠥᠷᠥ ᠶᠢᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ | ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ | ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠢᠩᠭ᠎ᠠ ᠰᠡᠷᠭᠡᠶᠢᠯᠡᠨ᠎ᠡ᠃ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠭᠡᠬᠦ ᠡᠨᠡ | ᠬᠦ ᠬᠥᠪᠴᠢ ᠶᠢ ᠴᠢᠩᠭᠠᠯᠠᠵᠤ᠂ ︽ᠰᠦᠷᠳᠡᠭᠦᠯᠦᠯ︾ ᠪᠦᠬᠦᠨ ᠳᠤ ᠵᠠᠪᠠᠯ ᠴᠣᠬᠢᠯᠲᠠ ᠥᠭᠬᠦ᠂ ᠴᠤᠬᠤᠶᠢᠭᠰᠠᠭᠠᠷ ᠴᠣᠬᠢᠯᠲᠠ ᠥᠭᠬᠦ ᠶᠢ ᠪᠠᠷᠢᠮᠲᠠᠯᠠᠵᠤ᠂ ᠰᠦᠷᠳᠡᠭᠦᠯᠦᠯ ᠢ | ᠡᠰᠡᠷᠭᠦᠴᠡᠬᠦ ᠰᠦᠷᠳᠡᠭᠦᠯᠦᠯ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦᠷᠬᠡᠭᠯᠡᠯ ᠰᠦᠷᠳᠡᠭᠦᠯᠦᠯ ᠳᠤ ᠴᠢᠩᠭ᠎ᠠ | ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠰᠦᠷᠳᠡᠭᠦᠯᠦᠯ ᠳᠤ ᠬᠤᠯᠪᠣᠭᠳᠠᠬᠤ ᠠᠶᠤᠯ ᠲᠦᠭᠰᠢᠭᠦᠷᠢ ᠭᠡᠮ ᠰᠣᠭᠤᠭ ᠢ ᠬᠥᠳᠡᠯᠦᠩᠭᠦᠢ ᠪᠠᠷ | ᠠᠷᠢᠯᠭᠠᠵᠤ᠂ ᠮᠠᠨ ᠤ ᠣᠷᠣᠨ ᠤ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ᠵᠥᠷᠢᠴᠡᠯ ᠵᠠᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠨ᠎ᠠ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠤᠤᠷ᠎ᠠ᠂ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ︽ᠭᠤᠷᠪᠠ ᠶᠢ ᠪᠠᠶᠢᠴᠠᠭᠠᠬᠤ ᠨᠢᠭᠡ ᠶᠢ ᠡᠵᠡᠮᠳᠡᠬᠦ︾ ᠲᠤᠰᠬᠠᠶ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ︽ᠤᠷᠢᠳᠴᠢᠯᠠᠨ ᠰᠡᠷᠭᠡᠶᠢᠯᠡᠬᠦ ᠶᠢ ᠵᠢᠭᠰᠠᠭᠠᠨ | ᠪᠠᠶᠢᠴᠠᠭᠠᠬᠤ ᠠᠴᠠ ᠡᠮᠦᠨ᠎ᠡ ᠬᠢᠬᠦ᠂ ᠵᠢᠭᠰᠠᠭᠠᠨ ᠪᠠᠶᠢᠴᠠᠭᠠᠬᠤ ᠶᠢ ᠡᠶᠡᠳᠡᠭᠦᠯᠬᠦ ᠠᠴᠠ ᠡᠮᠦᠨ᠎ᠡ ᠬᠢᠬᠦ᠂ ᠡᠶᠡᠳᠡᠭᠦᠯᠬᠦ ᠶᠢ ᠬᠤᠷᠴᠠᠳᠬᠠᠬᠤ ᠠᠴᠠ ᠡᠮᠦᠨ᠎ᠡ ᠬᠢᠬᠦ︾ | ᠠᠵᠢᠯ ᠤᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ︽ᠲᠦᠭ ᠲᠦᠮᠡᠨ ᠴᠠᠭᠳᠠᠭ᠎ᠠ ᠶᠢ ᠲᠦᠭ ᠲᠦᠮᠡᠨ ᠡᠷᠦᠬᠡ ᠳᠤ ᠭᠦᠨᠵᠡᠭᠡᠶᠢᠷᠡᠭᠦᠯᠬᠦ︾ ᠠᠵᠢᠯᠯᠠᠭ᠎ᠠ ᠶᠢ | ᠭᠦᠨᠵᠡᠭᠡᠶᠢᠷᠡᠭᠦᠯᠦᠨ᠂ ᠵᠥᠷᠢᠴᠡᠯ ᠵᠠᠭᠤᠷᠠᠯᠳᠤᠭᠠᠨ ᠢ ᠶᠡᠭᠡ ᠪᠠᠷ ᠨᠠᠮᠳᠠᠭᠤᠯᠬᠤ᠂ ᠶᠡᠭᠡ ᠪᠠᠷ ᠡᠶᠡᠳᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠵᠥᠷᠢᠴᠡᠯ ᠠᠰᠠᠭᠤᠳᠠᠯ ᠢ | ᠦᠨᠳᠦᠰᠦᠨ ᠱᠠᠲᠤᠨ ᠳᠤ ᠰᠢᠢᠳᠪᠦᠷᠢᠯᠡᠬᠦ᠂ ᠴᠤᠬᠤᠶᠢᠵᠤ ᠪᠠᠶᠢᠬᠤ ᠳᠤ ᠨᠢ ᠰᠢᠢᠳᠪᠦᠷᠢᠯᠡᠬᠦ ᠪᠠᠷ ᠴᠢᠷᠮᠠᠶᠢᠨ᠎ᠠ᠃ ᠳᠣᠲᠣᠭᠠᠳᠤ ᠶᠢ ᠬᠠᠮᠠᠭᠠᠯᠠᠬᠤ ᠵᠠᠬᠢᠳᠠᠯ | ᠰᠤᠷᠪᠤᠯᠵᠢᠯᠠᠭ᠎ᠠ ᠶᠢᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠲᠤᠰᠬᠠᠢ ᠠᠵᠢᠯ ᠢ ᠭᠦᠨᠵᠡᠭᠡᠢ ᠠᠬᠢᠭᠤᠯᠵᠤ᠂ ᠤᠳᠤᠷᠢᠳᠬᠤ ᠺᠠᠳ᠋ᠷ ᠬᠡᠷᠡᠭ ᠢ ᠳᠠᠭᠠᠭᠠᠴᠢᠯᠠᠬᠤ᠂ | ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠬᠠᠤᠯᠢ ᠶᠣᠰᠣᠨ ᠤ ᠬᠦᠰᠡᠯ | ᠱᠠᠭᠠᠷᠳᠠᠯᠭ᠎ᠠ ᠶᠢ ᠦᠨᠡᠨ ᠬᠦ ᠰᠠᠶᠢᠲᠤᠷ ᠰᠢᠢᠳᠪᠦᠷᠢᠯᠡᠨ᠎ᠡ᠃ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦᠴᠡᠭᠴᠡᠯᠡᠬᠦ ᠶᠢ ᠴᠢᠩᠭᠠᠳᠬᠠᠨ᠎ᠠ᠃ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ | ᠴᠢᠭᠯᠡᠯᠲᠡ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠤᠩᠭ᠎ᠠ ᠨᠢᠷᠬᠢᠬᠦ ᠠᠷᠭ᠎ᠠ ᠪᠠᠷᠢᠯ ᠢ ᠬᠡᠷᠡᠭᠯᠡᠨ᠂ ᠬᠠᠲᠠᠭᠤ ᠰᠢᠷᠦᠭᠦᠨ | ᠳᠠᠭᠠᠷᠢᠯᠲᠠ ᠶᠠᠪᠤᠭᠤᠯᠵᠤ᠂ ᠶᠡᠭᠡ ᠬᠡᠷᠡᠭ ᠢ ᠨᠡᠩ ᠲᠦᠷᠭᠡᠨ ᠢᠯᠡᠷᠡᠭᠦᠯᠦᠨ᠂ ᠪᠠᠭ᠎ᠠ ᠬᠡᠷᠡᠭ ᠢ ᠨᠡᠩ ᠤᠯᠠᠨ ᠢᠯᠡᠷᠡᠭᠦᠯᠵᠦ᠂ ᠰᠦᠷ ᠮᠠᠨᠳᠤᠭᠤᠯᠤᠨ᠂ ᠴᠡᠭᠴᠡᠯᠡᠵᠦ ᠦᠷ᠎ᠡ | ᠪᠦᠲᠦᠮᠵᠢ ᠭᠠᠷᠭᠠᠨ᠎ᠠ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠵᠡᠷᠭᠡ ᠨᠡᠶᠢᠲᠡ | ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠡᠷᠡᠰ ᠴᠣᠬᠢᠯᠲᠠ | ᠥᠭᠭᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ︽ᠥᠴᠦᠬᠡᠨ ᠴᠦ | ᠢᠯᠳᠠᠷ ᠬᠠᠶᠠᠬᠤ ᠦᠭᠡᠢ︾ ᠪᠠᠶᠢᠬᠤ ᠶᠢ ᠢᠮᠠᠭᠲᠠ ᠪᠠᠲᠤᠯᠠᠵᠤ᠂ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠬᠠᠷᠭᠢᠰ ᠬᠦᠴᠦᠨ ᠢ ᠬᠤᠭ ᠦᠭᠡᠢ ᠠᠷᠢᠯᠭᠠᠬᠤ ᠶᠢ | ᠪᠠᠷᠢᠮᠲᠠᠯᠠᠨ᠎ᠠ᠃ ᠬᠡᠷᠡᠭ ᠡᠲᠦᠬᠦ᠂ ᠣᠯᠠᠭᠤᠯᠠ ᠨᠡᠶᠢᠯᠡᠵᠦ ᠵᠣᠳᠣᠭᠠᠨ ᠬᠢᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠦᠷᠭᠡᠨ ᠪᠠᠶᠢᠴᠠᠭᠠᠨ | ᠰᠢᠢᠳᠪᠦᠷᠢᠯᠡᠵᠦ ᠰᠢᠢᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠴᠢᠩᠭ᠎ᠠ | ᠴᠣᠬᠢᠯᠲᠠ ᠥᠭᠬᠦ ᠬᠡᠷᠡᠭᠲᠡᠢ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠡᠳ᠋ ᠬᠥᠷᠥᠩᠭᠡ ᠳᠤ ᠬᠠᠯᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠬᠠᠮᠳᠤᠷᠠᠯ ᠤᠨ ᠳᠠᠶᠢᠯᠠᠯᠳᠤᠭᠠᠨ ᠢ ᠦᠷᠭᠦᠯᠵᠢᠯᠡᠨ ᠵᠣᠬᠢᠶᠠᠨ ᠪᠠᠶᠢᠭᠤᠯᠵᠤ᠂ ᠪᠥᠬᠦ ᠬᠡᠯᠬᠢᠶ᠎ᠡ ᠪᠠᠷ ᠴᠣᠬᠢᠯᠲᠠ ᠥᠭᠬᠦ ᠠᠵᠢᠯ ᠢ ᠭᠦᠨᠵᠡᠭᠡᠶ ᠥᠷᠨᠢᠭᠦᠯᠵᠦ᠂ | ᠣᠯᠠᠨ ᠲᠦᠮᠡᠨ ᠤ ︽ᠵᠣᠭᠤᠰᠣᠨ ᠴᠦᠩᠬᠦ︾ ᠶᠢ ᠦᠨᠡᠨ ᠬᠦ ᠬᠠᠮᠠᠭᠠᠯᠠᠨ᠎ᠠ᠃ | ᠨᠡᠶᠢᠭᠡᠮ ᠤᠨ ᠲᠠᠯ᠎ᠠ ᠶᠢᠨ ᠪᠦᠬᠦᠶᠢᠯᠡ ᠴᠣᠭᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ ᠵᠡᠪᠰᠡᠭᠲᠦ ᠴᠠᠭᠳᠠᠭ᠎ᠠ ᠶᠢᠨ | ᠬᠠᠮᠲᠤᠷᠠᠨ ᠵᠢᠵᠢᠭᠦᠷᠯᠡᠬᠦ ᠵᠡᠪᠰᠡᠭᠲᠦ ᠬᠦᠴᠦᠨ ᠤ ᠲᠣᠭᠤᠷᠢᠨ ᠴᠠᠭᠳᠠᠬᠤ ᠪᠠ ᠲᠦᠷᠭᠡᠨ ᠬᠦᠷᠢᠶᠡᠯᠡᠬᠦ ᠵᠡᠷᠭᠡ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ | ᠲᠣᠰᠬᠤᠨ ︵ᠭᠠᠴᠠᠭ᠎ᠠ︶ ᠨᠢᠭᠡ ᠴᠠᠭᠳᠠᠭ᠎ᠠ︾ ︽ᠬᠤᠶᠠᠷ ᠠᠩᠭᠢ ᠨᠢᠭᠡ ᠲᠠᠰᠤᠭ︾ ᠵᠡᠷᠭᠡ ᠴᠠᠭᠳᠠᠭᠠᠨ ᠤ ᠶᠠᠪᠤᠳᠠᠯ ᠤᠨ ᠵᠠᠭᠪᠤᠷ ᠢ ᠬᠡᠷᠡᠭᠵᠢᠭᠦᠯᠵᠦ᠂ ᠣᠯᠠᠨ | ᠲᠦᠮᠡᠨ ᠢ ᠬᠠᠮᠤᠭ ᠤᠨ ᠶᠡᠭᠡ ᠬᠡᠮᠵᠢᠶ᠎ᠡ ᠪᠠᠷ ᠵᠣᠬᠢᠶᠠᠨ ᠪᠠᠶᠢᠭᠤᠯᠤᠨ ᠳᠠᠶᠢᠴᠢᠯᠠᠵᠤ᠂ ᠴᠠᠭᠳᠠᠭᠠᠨ ᠤ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠵᠡᠭᠡᠯᠢ | ᠭᠤᠳᠤᠮᠵᠢ ᠳᠤ ᠭᠠᠷᠭᠠᠵᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠡᠵᠡᠮᠳᠡᠬᠦ ᠬᠦᠴᠦᠨ ᠢ ᠨᠡᠮᠡᠭᠳᠡᠭᠦᠯᠵᠦ᠂ ᠢᠯᠠᠩᠭᠤᠶ᠎ᠠ | ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠣᠨᠴᠠᠯᠢᠭ ᠲᠤ ᠴᠢᠭᠯᠡᠭᠦᠯᠦᠨ᠂ ᠭᠤᠤᠯᠳᠠᠯᠭ᠎ᠠ ᠲᠠᠢ ᠭᠠᠵᠠᠷ ᠣᠷᠣᠨ᠂ ᠣᠷᠣᠨ ᠪᠦᠰᠡ ᠶᠢᠨ ᠰᠥᠨᠢ ᠪᠠᠷ ᠴᠠᠭᠳᠠᠨ | ᠡᠵᠡᠮᠳᠡᠬᠦ ᠶᠢ ᠴᠢᠩᠭᠠᠳᠬᠠᠵᠤ᠂ ᠬᠥᠮᠦᠨ ᠤ ᠶᠢᠷᠲᠢᠨᠴᠦ ᠶᠢᠨ ︽ᠠᠶᠤᠯ ᠲᠠᠢ ᠣᠷᠴᠢᠨ︾ ᠳᠤ ︽ᠠᠮᠤᠷ ᠲᠦᠪᠰᠢᠨ ᠤ ᠨᠡᠭᠡᠯᠡᠬᠡᠶ︾ ᠤᠭᠰᠠᠷᠠᠨ᠎ᠠ᠃ ᠭᠤᠤᠯᠳᠠᠯᠭ᠎ᠠ ᠲᠠᠢ | ᠡᠳ᠋ ᠪᠣᠳᠠᠰ ᠤᠨ ᠬᠥᠳᠡᠯᠦᠩᠭᠦᠶ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠫᠤᠤ ᠵᠡᠪᠰᠡᠭ ᠳᠡᠯᠪᠡᠷᠡᠬᠦ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠠᠮᠤᠷ ᠲᠦᠪᠰᠢᠨ ᠤ ᠳᠠᠯᠳᠠ ᠬᠡᠮ ᠢ ᠬᠦᠴᠦᠯᠡᠨ ᠠᠷᠢᠯᠭᠠᠨ᠎ᠠ᠃ ᠵᠠᠮ | ᠬᠠᠷᠢᠯᠴᠠᠭ᠎ᠠ᠂ ᠭᠠᠵᠠᠷ ᠳᠤᠤᠷᠠᠬᠢ ᠲᠡᠮᠦᠷ ᠵᠠᠮ᠂ ᠨᠡᠶᠢᠲᠡ ᠶᠢᠨ ᠮᠠᠰᠢᠨ ᠲᠡᠷᠭᠡ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠣᠯᠠᠨ ᠨᠡᠶᠢᠲᠡ ᠶᠢᠨ ᠠᠮᠤᠷ | ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠵᠦ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ | ᠪᠣᠯᠪᠠᠰᠤᠨ ᠢᠶᠠᠷ ᠡᠭᠦᠷᠭᠡ ᠭᠦᠢᠴᠡᠳᠬᠡᠵᠦ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠤᠨ᠎ᠠ᠃ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠤᠨ ᠤᠬᠠᠮᠰᠠᠷ᠂ ᠭᠡᠷᠡᠴᠢ ᠪᠠᠷᠢᠮᠲᠠ ᠶᠢᠨ ᠤᠬᠠᠮᠰᠠᠷ᠂ ᠵᠠᠷᠭᠤ ᠶᠢᠨ ᠤᠬᠠᠮᠰᠠᠷ ᠢ | ᠴᠢᠩᠭᠠᠳᠬᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠮᠦᠨ᠎ᠡ ᠹᠷᠣᠨᠲ ᠤᠨ | ᠠᠷᠠᠳ ᠤᠨ ᠴᠠᠭᠳᠠᠭ᠎ᠠ ᠶᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠬᠠᠤᠯᠢ ᠬᠡᠷᠡᠭᠵᠢᠭᠦᠯᠬᠦ ᠳᠠᠳᠬᠠᠯ ᠲᠠᠢ ᠪᠣᠯᠭᠠᠨ᠎ᠠ᠃ ︽ᠵᠢᠷᠭᠤᠭ᠎ᠠ ᠶᠢ | ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠶᠢ ᠠᠩᠬᠠᠷᠴᠤ᠂ ᠠᠭᠤᠴᠢᠯᠠᠬᠤ ᠪᠠ ᠴᠢᠩᠭ᠎ᠠ ᠰᠢᠳᠬᠡᠬᠦ ᠶᠢ ᠤᠶᠠᠯᠳᠤᠭᠤᠯᠬᠤ ᠡᠷᠡᠭᠦᠦ ᠶᠢᠨ ᠬᠡᠷᠡᠭ ᠤᠨ | ᠬᠠᠤᠯᠢ ᠴᠠᠭᠠᠵᠠ ᠶᠢᠨ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠦᠵᠡᠭᠦᠯᠬᠦ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ︽ᠵᠠᠭᠤᠨ ᠡᠳᠦᠷ ᠤᠨ ᠠᠵᠢᠯᠯᠠᠭ᠎ᠠ︾ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠨᠠᠮ ᠤᠨ ᠬᠤᠷᠢᠶ᠎ᠠ ᠲᠤᠰᠬᠠᠶᠢᠯᠠᠨ ︽ᠵᠠᠭᠤᠨ ᠡᠳᠦᠷ ᠤᠨ ᠠᠵᠢᠯᠯᠠᠭ᠎ᠠ︾ ᠶᠢᠨ ᠵᠢᠯᠣᠭᠤᠳᠬᠤ ᠭᠠᠵᠠᠷ ᠪᠠᠶᠢᠭᠤᠯᠵᠤ᠂ ︽1 ᠶᠡᠷᠦᠩᠬᠡᠶ 6 ᠬᠤᠪᠢ︾ | ᠶᠢᠨ ᠲᠥᠰᠦᠯ ᠤᠨ ᠰᠢᠰᠲ᠋ᠧᠮ ᠢ ᠲᠣᠭᠲᠠᠭᠠᠵᠤ᠂ ᠪᠡᠶᠡᠲᠦ ᠴᠣᠭᠴᠠᠲᠤ ᠠᠵᠢᠯᠯᠠᠭᠠᠨ ᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠡᠳᠦᠷ ᠤᠨ ᠰᠤᠳᠤᠯᠤᠨ | ᠮᠠᠭᠠᠳᠯᠠᠬᠤ ᠭᠠᠷᠠᠭ ᠤᠨ ᠲᠣᠬᠢᠷᠠᠭᠤᠯᠤᠯᠲᠠ ᠰᠠᠷ᠎ᠠ ᠶᠢᠨ ᠵᠠᠷᠯᠠᠨ ᠮᠡᠳᠡᠭᠳᠡᠬᠦ ᠠᠵᠢᠯ ᠤᠨ ᠲᠣᠭᠲᠠᠴᠠ ᠶᠢ ᠪᠠᠶᠢᠭᠤᠯᠪᠠ᠃ ᠰᠢᠪᠠᠳᠠᠨ ᠪᠠᠶᠢᠴᠠᠭᠠᠬᠤ ᠠᠵᠢᠯ ᠤᠨ ᠲᠤᠰᠬᠠᠶ | ᠠᠩᠭᠢ ᠰᠢᠪᠠᠳᠠᠨ ᠵᠢᠯᠣᠭᠤᠳᠬᠤ ᠪᠠ ᠬᠠᠷᠢᠭᠤᠴᠠᠯᠭ᠎ᠠ ᠲᠤᠯᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭ᠎ᠠ ᠥᠷᠨᠢᠭᠦᠯᠦᠭᠰᠡᠨ ᠪᠥᠭᠡᠳ ᠠᠮᠤᠷ ᠲᠦᠪᠰᠢᠨ ᠤ | ᠲᠣᠪᠤᠶᠢᠮ᠎ᠠ ᠠᠰᠠᠭᠤᠳᠠᠯ ᠪᠠ ᠳᠠᠯᠳᠠ ᠬᠡᠮ ᠵᠢᠴᠢ ᠬᠦᠨᠳᠦ ᠶᠡᠭᠡ ᠬᠡᠷᠡᠭ ᠢ ᠫᠠᠶᠢᠰᠠ ᠡᠯᠭᠦᠨ ᠰᠢᠪᠠᠳᠠᠨ ᠰᠢᠢᠳᠪᠦᠷᠢᠯᠡᠭᠦᠯᠪᠡ᠃ ᠡᠭᠦᠨ ᠤ ᠬᠠᠮᠲᠤ᠂ ᠤᠬᠠᠭᠤᠯᠵᠤ | ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ︽24 ᠴᠠᠭ ᠤᠨ ᠴᠠᠭᠳᠠᠭᠠᠨ ᠤ ᠲᠣᠪᠴᠢᠶ᠎ᠠ︾ ᠵᠡᠷᠭᠡ ᠲᠠᠪᠴᠠᠩ ᠳᠤ ᠲᠦᠰᠢᠭᠯᠡᠨ᠂ ᠵᠠᠭᠠᠯᠳᠤᠵᠤ | ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠥᠷᠭᠡᠨ ᠣᠯᠠᠨ ᠠᠷᠠᠳ ᠲᠦᠮᠡᠨ ᠢ ᠢᠳᠡᠪᠬᠢᠲᠡᠶ ᠳᠠᠶᠢᠴᠢᠯᠠᠨ ᠠᠵᠢᠯᠯᠠᠭ᠎ᠠ ᠳᠤ ᠣᠷᠣᠯᠴᠠᠭᠤᠯᠵᠤ᠂ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ︽ᠬᠥᠮᠦᠨ ᠪᠦᠬᠦᠨ ᠴᠣᠬᠢᠯᠲᠠ ᠥᠭᠬᠦ︾ ᠬᠦᠴᠦᠷᠬᠡᠭ ᠶᠡᠭᠡ ᠰᠦᠷ ᠬᠦᠴᠦᠨ ᠢ ᠪᠣᠶ ᠪᠣᠯᠭᠠᠨ᠎ᠠ᠃ | ᠰᠤᠷᠪᠤᠯᠵᠢᠯᠠᠭᠴᠢ᠄ | ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ︽ᠭᠤᠤᠯ ᠬᠦᠴᠦᠨ︾ ᠪᠣᠯᠤᠭᠰᠠᠨ ᠤ ᠬᠤᠪᠢ ᠳᠤ᠂ ︽ᠵᠠᠭᠤᠨ | ᠡᠳᠦᠷ ᠤᠨ ᠠᠵᠢᠯᠯᠠᠭ᠎ᠠ︾ ᠳᠤ ᠶᠠᠮᠠᠷ ᠶᠠᠮᠠᠷ ᠭᠤᠤᠯᠳᠠᠯᠭ᠎ᠠ ᠲᠠᠢ ᠠᠵᠢᠯ ᠤᠨ ᠠᠷᠭ᠎ᠠ ᠬᠡᠮᠵᠢᠶ᠎ᠡ ᠪᠠᠶᠢᠬᠤ ᠪᠣᠶ︖ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠳᠡᠳ᠋ ᠳᠠᠷᠤᠭ᠎ᠠ ᠰᠦᠨ ᠶᠠᠨ ᠵᠢᠶᠦ᠋ᠨ᠄ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ︽ᠵᠠᠭᠤᠨ ᠡᠳᠦᠷ ᠤᠨ ᠠᠵᠢᠯᠯᠠᠭ᠎ᠠ︾ ᠳᠤ᠂ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠳᠤᠤᠷᠠᠬᠢ 5 ᠲᠠᠯ᠎ᠠ ᠶᠢᠨ ᠠᠵᠢᠯ ᠢ ᠭᠤᠤᠯᠳᠠᠯᠭ᠎ᠠ ᠲᠠᠢ | ᠠᠬᠢᠭᠤᠯᠤᠨ᠎ᠠ᠄ | · ᠵᠡᠭᠡᠯᠢ ᠪᠠᠷ ᠴᠠᠭᠳᠠᠨ ᠰᠡᠷᠭᠡᠶᠢᠯᠡᠬᠦ ᠶᠢ ᠴᠢᠩᠭᠠᠳᠬᠠᠨ᠎ᠠ᠃ ᠴᠠᠭᠳᠠᠭᠠᠨ ᠤ ᠬᠦᠴᠦᠨ ᠴᠠᠭᠳᠠᠭᠤᠯ ᠤᠨ ᠪᠠᠶᠢᠳᠠᠯ ᠢ ᠳᠠᠭᠠᠬᠤ ᠶᠢ ᠪᠠᠷᠢᠮᠲᠠᠯᠠᠵᠤ᠂ ᠤᠯᠤᠰ | ᠲᠥᠷᠥ ᠶᠢᠨ ᠲᠥᠪ ᠲᠣᠭᠤᠷᠢᠭ᠂ ᠬᠤᠲᠠ ᠶᠢᠨ ᠠᠭᠤᠳᠠᠮ ᠲᠠᠯᠠᠪᠠᠶ᠂ ᠬᠥᠭᠵᠢᠶᠡᠨ ᠨᠠᠷᠭᠢᠶᠠᠨᠲᠤ ᠬᠤᠳᠠᠯᠳᠤᠭᠠᠨ ᠤ ᠲᠣᠭᠤᠷᠢᠭ᠂ ᠨᠢᠰᠬᠡᠯ ᠤᠨ ᠪᠠᠭᠤᠳᠠᠯ ᠪᠠ ᠲᠡᠷᠭᠡᠨ | ᠥᠷᠲᠡᠭᠡ ᠵᠢᠴᠢ ᠰᠤᠷᠭᠠᠭᠤᠯᠢ ᠡᠮᠨᠡᠯᠭᠡ ᠶᠢᠨ ᠬᠤᠷᠢᠶ᠎ᠠ᠂ ᠥᠷᠯᠥᠭᠡ ᠤᠷᠤᠢ ᠶᠢᠨ ᠵᠠᠬ᠎ᠠ ᠳᠡᠯᠭᠡᠭᠦᠷ ᠵᠡᠷᠭᠡ ᠴᠢᠬᠤᠯᠠ ᠬᠠᠷᠠᠯᠲᠠ᠂ ᠬᠥᠮᠦᠨ ᠬᠠᠷ᠎ᠠ ᠨᠢᠭᠲᠠᠷᠠᠭᠰᠠᠨ | ᠲᠠᠯᠠᠪᠤᠷ ᠭᠠᠵᠠᠷ ᠪᠠ ᠠᠮᠤᠷ ᠲᠦᠪᠰᠢᠨ ᠤ ᠪᠠᠶᠢᠳᠠᠯ ᠪᠤᠳᠤᠯᠢᠶᠠᠨᠲᠠᠶ ᠭᠠᠵᠠᠷ ᠣᠷᠣᠨ ᠤ ᠲᠣᠭᠤᠷᠢᠨ ᠳᠤ᠂ ︽ᠵᠠᠪᠠᠯ ᠬᠥᠷᠬᠦ ᠴᠡᠭ︾᠂ ︽ᠵᠠᠪᠠᠯ ᠬᠥᠷᠬᠦ ᠱᠤᠭᠤᠮ︾ ᠢ | ᠬᠥᠳᠡᠯᠦᠩᠭᠦᠶ ᠪᠠᠷ ᠲᠣᠬᠢᠷᠠᠭᠤᠯᠤᠨ ᠲᠣᠬᠢᠷᠠᠭᠤᠯᠵᠤ᠂ ᠴᠠᠭᠳᠠᠨ ᠲᠣᠭᠤᠷᠢᠬᠤ ᠣᠨᠴᠠ ᠲᠦᠷᠦᠯ ᠤᠨ ᠴᠠᠭᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ᠂ ᠲᠣᠮᠢᠯᠠᠭᠰᠠᠨ | ᠰᠠᠯᠪᠤᠷᠢ ᠶᠢᠨ ᠠᠷᠠᠳ ᠤᠨ ᠴᠠᠭᠳᠠᠭ᠎ᠠ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠬᠦᠴᠦᠨ ᠢ ᠥᠷᠭᠡᠨ ᠢᠶᠠᠷ ᠵᠣᠬᠢᠶᠠᠨ ᠪᠠᠶᠢᠭᠤᠯᠤᠨ ᠳᠠᠶᠢᠴᠢᠯᠠᠵᠤ᠂ ᠴᠠᠭᠳᠠᠭᠠᠨ ᠤ | ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠵᠡᠭᠡᠯᠢ ᠭᠤᠳᠤᠮᠵᠢ ᠳᠤ ᠭᠠᠷᠭᠠᠵᠤ᠂ ᠳᠠᠪᠬᠤᠴᠠᠭᠰᠠᠨ ᠮᠠᠶ᠋ᠢᠭ ᠤᠨ᠂ ᠪᠦᠷᠢᠨ ᠣᠷᠣᠨ ᠵᠠᠶ ᠲᠠᠢ᠂ ᠪᠡᠶᠡᠲᠦ ᠴᠣᠭᠴᠠᠲᠤ | ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠶᠢ ᠥᠷᠨᠢᠭᠦᠯᠵᠦ᠂ ᠵᠣᠨ ᠤ ᠤᠯᠠᠷᠢᠯ ᠤᠨ ᠰᠦᠨᠢ ᠶᠢᠨ ᠪᠠᠶᠢᠴᠠᠭᠠᠯᠲᠠ ᠶᠢᠨ ᠲᠦᠷ ᠴᠠᠭ ᠤᠨ ᠪᠠᠶᠢᠴᠠᠭᠠᠯᠲᠠ ᠶᠢ | ᠴᠢᠩᠭᠠᠳᠬᠠᠵᠤ᠂ ᠴᠠᠭᠳᠠᠭᠠᠨ ᠤ ᠢᠯᠡᠷᠡᠯ ᠤᠨ ᠨᠤᠷᠮ᠎ᠠ᠂ ᠤᠴᠢᠷ ᠶᠠᠪᠤᠳᠠᠯ ᠬᠠᠮᠢᠶᠠᠷᠬᠤ ᠨᠤᠷᠮ᠎ᠠ ᠪᠣᠯᠤᠨ ᠡᠵᠡᠮᠳᠡᠬᠦ ᠬᠦᠴᠦᠨ᠂ ᠰᠦᠷᠳᠡᠭᠦᠯᠬᠦ ᠬᠦᠴᠦᠨ ᠢ ᠦᠨᠡᠨ ᠬᠦ | ᠳᠡᠭᠡᠭᠰᠢᠯᠡᠭᠦᠯᠦᠨ᠎ᠡ᠃ ᠠᠮᠤᠷ ᠢ ᠬᠠᠮᠠᠭᠠᠯᠠᠬᠤ ᠺᠠᠳ᠋ᠷ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ᠂ ᠠᠮᠤᠷ ᠢ ᠬᠠᠮᠠᠭᠠᠯᠠᠭᠴᠢ ᠵᠡᠷᠭᠡ ᠨᠡᠶᠢᠭᠡᠮ ᠤᠨ ᠬᠦᠴᠦᠨ ᠢ | ᠶᠡᠬᠡᠪᠡᠷ ᠵᠣᠬᠢᠶᠠᠨ ᠪᠠᠶᠢᠭᠤᠯᠵᠤ᠂ ︽ᠤᠯᠠᠭᠠᠨ ᠬᠠᠨᠴᠤᠶᠢᠲᠤ︾᠂ ︽ᠠᠮᠤᠷ ᠲᠦᠪᠰᠢᠨ ᠢ ᠬᠠᠮᠠᠭᠠᠯᠠᠬᠤ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠣᠭᠤᠷᠢᠨ | ᠴᠠᠭᠳᠠᠬᠤ ᠶᠢ ᠵᠡᠭᠡᠯᠢ ᠭᠤᠳᠤᠮᠵᠢ᠂ ᠥᠷᠭᠡᠨ ᠠᠭᠤᠳᠠᠮ ᠬᠥᠳᠡᠭᠡ ᠲᠣᠰᠬᠤᠨ ᠲᠡᠰᠢ ᠥᠷᠭᠡᠳᠭᠡᠨ᠎ᠡ᠃ | · ᠵᠥᠷᠢᠴᠡᠯ ᠵᠠᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ | ᠪᠠᠷᠢᠮᠲᠠᠯᠠᠨ ᠬᠥᠭᠵᠢᠭᠦᠯᠵᠦ᠂ ︽ᠭᠤᠷᠪᠠ ᠶᠢ ᠪᠠᠶᠢᠴᠠᠭᠠᠬᠤ ᠨᠢᠭᠡ ᠶᠢ ᠡᠵᠡᠮᠳᠡᠬᠦ︾ ᠲᠤᠰᠬᠠᠶ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ︽ᠤᠷᠢᠳᠴᠢᠯᠠᠨ | ᠰᠡᠷᠭᠡᠶᠢᠯᠡᠬᠦ ᠶᠢ ᠵᠢᠭᠰᠠᠭᠠᠨ ᠪᠠᠶᠢᠴᠠᠭᠠᠬᠤ ᠠᠴᠠ ᠡᠮᠦᠨ᠎ᠡ ᠬᠢᠬᠦ᠂ ᠵᠢᠭᠰᠠᠭᠠᠨ ᠪᠠᠶᠢᠴᠠᠭᠠᠬᠤ ᠶᠢ ᠡᠶᠡᠳᠡᠭᠦᠯᠬᠦ ᠠᠴᠠ ᠡᠮᠦᠨ᠎ᠡ ᠬᠢᠬᠦ᠂ ᠡᠶᠡᠳᠡᠭᠦᠯᠬᠦ ᠶᠢ ᠬᠤᠷᠴᠠᠳᠬᠠᠬᠤ ᠠᠴᠠ | ᠡᠮᠦᠨ᠎ᠡ ᠬᠢᠬᠦ︾ ᠠᠵᠢᠯ ᠤᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ︽ᠥᠷᠭᠡᠨ ᠣᠯᠠᠨ ᠴᠠᠭᠳᠠᠭ᠎ᠠ ᠶᠢ ᠲᠦᠭ ᠲᠦᠮᠡᠨ ᠠᠶᠢᠯ ᠡᠷᠦᠬᠡ ᠳᠤ ᠭᠦᠨᠵᠡᠭᠡᠶᠢᠷᠡᠭᠦᠯᠬᠦ︾ | ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ ᠡᠷᠲᠡᠬᠡᠨ ᠢᠯᠡᠷᠡᠭᠦᠯᠵᠦ᠂ ᠬᠤᠷᠴᠠᠳᠬᠤ ᠬᠠᠨᠳᠤᠰᠢ ᠲᠠᠢ᠂ ᠬᠡᠷᠡᠭ ᠡᠭᠦᠰᠭᠡᠵᠦ | ᠮᠡᠳᠡᠬᠦ ᠬᠡᠷ ᠪᠦᠯᠢ᠂ ᠬᠠᠶᠢᠷ᠎ᠠ ᠰᠡᠳᠬᠢᠯᠭᠡ᠂ ᠬᠥᠷᠰᠢ ᠵᠡᠷᠭᠡᠯᠡᠳᠡᠭᠡ᠂ ᠥᠷᠢ ᠥᠭᠴᠡᠭᠡ ᠵᠡᠷᠭᠡ ᠲᠣᠪᠤᠶᠢᠮ᠎ᠠ ᠵᠥᠷᠢᠴᠡᠯ ᠵᠠᠭᠤᠷᠠᠯᠳᠤᠭᠠᠨ ᠢ ᠴᠠᠭ ᠲᠤᠬᠠᠶ ᠳᠤ ᠨᠢ | ᠰᠡᠷᠡᠮᠵᠢᠯᠡᠭᠦᠯᠬᠦ ᠶᠢᠨ ᠬᠠᠮᠲᠤ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠠᠤᠯᠢ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠭᠦᠨᠵᠡᠭᠡᠢ ᠠᠬᠢᠭᠤᠯᠵᠤ᠂ | ᠤᠯᠠᠨ ᠲᠦᠮᠡᠨ ᠤ ᠵᠦᠢ ᠵᠣᠬᠢᠰᠲᠠᠢ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠦᠨᠡᠨ ᠬᠦ ᠰᠢᠢᠳᠪᠦᠷᠢᠯᠡᠨ᠎ᠡ᠃ | · ᠠᠶᠤᠯᠲᠠᠶ ᠪᠣᠳᠠᠰ ᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠫᠤᠤ ᠵᠡᠪᠰᠡᠭ ᠳᠡᠯᠪᠡᠷᠡᠬᠦ ᠡᠳ᠋ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠪᠠᠷ ᠵᠠᠮᠴᠢ ᠪᠣᠯᠭᠠᠵᠤ᠂ ᠫᠤᠤ ᠵᠡᠪᠰᠡᠭ ᠲᠠᠢ ᠬᠤᠯᠪᠣᠭᠳᠠᠭᠰᠠᠨ᠂ | ᠳᠡᠯᠪᠡᠷᠡᠯᠲᠡ ᠳᠤ ᠬᠤᠯᠪᠣᠭᠳᠠᠭᠰᠠᠨ᠂ ᠬᠢᠲᠤᠭ᠎ᠠ ᠰᠡᠯᠡᠮ᠎ᠡ ᠲᠠᠢ ᠬᠤᠯᠪᠣᠭᠳᠠᠭᠰᠠᠨ ᠦᠢᠯᠡᠳᠪᠦᠷᠢᠯᠡᠯ᠂ ᠪᠣᠷᠣᠯᠠᠭᠤᠯᠭ᠎ᠠ᠂ ᠬᠡᠷᠡᠭᠯᠡᠬᠦ ᠨᠢᠭᠡᠴᠢ ᠶᠢ ᠰᠤᠷᠪᠤᠯᠵᠢᠯᠠᠨ | ᠪᠠᠶᠢᠴᠠᠭᠠᠵᠤ᠂ ᠬᠠᠮᠢᠶᠠᠷᠤᠨ ᠡᠵᠡᠮᠳᠡᠵᠦ ᠲᠡᠮᠳᠡᠭᠯᠡᠬᠦ ᠠᠷᠭ᠎ᠠ ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃ | ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠵᠢᠵᠢᠭ ᠲᠠᠸᠠᠷ ᠤᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ᠂ ᠴᠡᠷᠢᠭ ᠤᠨ ᠬᠡᠷᠡᠭᠰᠡᠯ ᠤᠨ ᠲᠣᠭᠯᠠᠭᠠᠮ ᠤᠨ | ᠳᠡᠯᠭᠡᠭᠦᠷ᠂ ᠭᠠᠷ ᠤᠷᠠᠯᠠᠯ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠵᠢᠴᠢ ᠲᠡᠮᠦᠷᠯᠢᠭ ᠮᠠᠰᠢᠨ ᠡᠳ᠋ᠰᠢᠭᠦᠯᠬᠦ ᠴᠢᠭ᠂ ᠪᠠᠷᠢᠯᠭ᠎ᠠ ᠶᠢᠨ ᠮᠠᠲ᠋ᠧᠷᠢᠶᠠᠯ ᠬᠢᠮᠢ ᠶᠢᠨ ᠠᠵᠤ | ᠦᠢᠯᠡᠳᠪᠦᠷᠢ᠂ ᠢᠯᠡᠬᠡᠨ ᠬᠦᠷᠭᠡᠬᠦ ᠪᠠᠷᠠᠭᠠᠨ ᠤ ᠭᠦᠢᠯᠭᠡᠭᠡᠨ ᠵᠡᠷᠭᠡ ᠭᠤᠣᠯᠳᠠᠯᠭ᠎ᠠ ᠲᠠᠢ ᠭᠠᠵᠠᠷ ᠲᠠᠯᠠᠪᠤᠷ ᠤᠨ ᠨᠢᠭᠡᠴᠢ ᠶᠢᠨ ᠲᠣᠭᠤᠷᠢᠨ ᠳᠤ᠂ ᠢᠯᠭᠠᠷᠠᠭᠤᠯᠤᠨ | ᠪᠠᠶᠢᠴᠠᠭᠠᠵᠤ ᠴᠡᠭᠴᠡᠯᠡᠨ ᠵᠠᠰᠠᠬᠤ ᠶᠢ ᠲᠥᠪᠯᠡᠷᠡᠭᠦᠯᠦᠨ ᠥᠷᠨᠢᠭᠦᠯᠵᠦ᠂ ᠨᠡᠶᠢᠭᠡᠮ ᠳᠡᠭᠡᠷ᠎ᠡ ᠲᠠᠷᠬᠠᠵᠤ ᠪᠠᠶᠢᠭ᠎ᠠ ᠠᠶᠤᠯᠲᠠᠶ ᠳᠡᠯᠪᠡᠷᠡᠬᠦ ᠡᠳ᠋ ᠪᠣᠳᠠᠰ ᠢ ᠪᠦᠬᠦ | ᠬᠦᠴᠦᠨ ᠢᠶᠠᠷ ᠢᠶᠠᠨ ᠪᠠᠶᠢᠴᠠᠭᠠᠨ ᠬᠤᠷᠢᠶᠠᠮᠵᠢᠯᠠᠵᠤ ᠬᠤᠷᠢᠶᠠᠨ ᠠᠪᠬᠤ ᠬᠡᠷᠡᠭᠲᠡᠶ᠃ | · ᠣᠯᠠᠨ ᠨᠡᠶᠢᠲᠡ ᠶᠢᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ | ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠪᠣᠯᠤᠨ ᠭᠠᠵᠠᠷ ᠳᠣᠣᠷᠠᠬᠢ ᠲᠡᠮᠦᠷ ᠵᠠᠮ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢ ᠴᠢᠩᠭᠠᠳᠬᠠᠵᠤ᠂ ᠡᠯ᠎ᠡ ᠲᠥᠷᠥᠯ ᠤᠨ ᠬᠦᠨᠳᠦ ᠣᠨᠴᠠ ᠶᠡᠭᠡ ᠠᠮᠤᠷ ᠲᠦᠪᠰᠢᠨ ᠤ ᠠᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠭᠦᠨ ᠤ | ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ | ᠠᠪᠤᠷᠬᠠᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ᠃ | · ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ︽ᠴᠢᠮᠡᠭᠡ ᠮᠡᠳᠡᠭᠡ ᠵᠢᠯᠤᠭᠤᠳᠬᠤ ᠦᠢᠯᠡᠴᠢᠯᠡᠬᠦ | ᠶᠠᠷᠢᠶ᠎ᠠ ᠬᠡᠯᠡᠯᠴᠡᠭᠡ︾ ᠶᠢ ᠨᠢᠭᠡ ᠴᠣᠠᠠᠴᠠᠵᠢᠭᠤᠯᠥᠠᠠᠰᠠᠨ ᠪᠣᠳᠠᠲᠤ ᠪᠠᠶᠢᠯᠳᠤᠭᠠᠨᠴᠢᠯᠠᠭᠰᠠᠨ ᠠᠵᠢᠯᠯᠠᠭᠠᠨ ᠤ ᠲᠣᠭᠲᠠᠴᠠ ᠳᠤ ᠲᠦᠰᠢᠭᠯᠡᠨ᠂ ᠪᠠᠴᠢᠮ ᠪᠠᠶᠢᠳᠠᠯ ᠢ | ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠦᠴᠦᠨ ᠪᠠ ᠵᠡᠪᠰᠡᠭ ᠲᠣᠨᠣᠭᠯᠠᠯ ᠢ ᠤᠯᠠᠮ ᠨᠢᠭᠡ ᠠᠯᠬᠤᠮ ᠤᠷᠢᠳᠴᠢᠯᠠᠭᠤᠯᠤᠨ ᠰᠢᠢᠳᠪᠦᠷᠢᠯᠡᠵᠦ᠂ | ᠭᠡᠨᠡᠳᠲᠡ ᠶᠢᠨ ᠬᠦᠨᠳᠦ ᠶᠡᠭᠡ ᠬᠡᠷᠡᠭ ᠭᠠᠷᠪᠠᠯ᠂ ᠬᠠᠮᠤᠭ ᠤᠨ ᠣᠬᠤᠷ ᠬᠤᠭᠤᠴᠠᠭᠠᠨ ᠳᠤ ᠬᠠᠤᠯᠢ ᠶᠣᠰᠣᠭᠠᠷ ᠲᠦᠷᠭᠡᠨ ᠪᠥᠭᠡᠳ ᠲᠣᠬᠢᠲᠠᠶ ᠰᠢᠢᠳᠪᠦᠷᠢᠯᠡᠬᠦ ᠶᠢ ᠦᠨᠡᠨ | ᠬᠦ ᠪᠠᠳᠤᠯᠠᠨ᠎ᠠ᠃ | ᠰᠤᠷᠪᠤᠯᠵᠢᠯᠠᠭᠴᠢ᠄ | ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠳᠤ ᠴᠢᠭᠯᠡᠭᠦᠯᠦᠨ᠂ ᠡᠷᠡᠭᠦᠦ ᠶᠢᠨ | ᠬᠡᠷᠡᠭ ᠤᠨ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ ᠵᠣᠬᠢᠶᠠᠨ ᠪᠠᠶᠢᠭᠤᠯᠤᠯᠲᠠ ᠲᠠᠢ ᠶᠠᠯᠠᠲᠤ | ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠶᠢᠨ ᠳᠡᠳ᠋ ᠳᠠᠷᠤᠭ᠎ᠠ ᠤᠷᠭᠤᠭ᠎ᠠ᠄ | ᠪᠢᠳᠡ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠭᠤᠤᠯ ᠬᠦᠴᠦᠨ ᠤ | ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ ᠶᠢ ᠨᠥᠯᠥᠭᠡᠯᠡᠬᠦ ᠡᠯ᠎ᠡ ᠲᠥᠷᠥᠯ ᠤᠨ ᠲᠣᠪᠤᠶᠢᠮ᠎ᠠ ᠶᠠᠯᠠᠲᠤ | ᠠᠵᠢᠯᠯᠠᠭ᠎ᠠ ᠳᠤ ᠰᠢᠷᠦᠭᠦᠨ ᠲᠠᠭᠠᠷᠢᠯᠲᠠ ᠶᠠᠪᠤᠭᠤᠯᠵᠤ᠂ ᠴᠢᠩᠭ᠎ᠠ ᠬᠦᠴᠦᠲᠡᠶ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠠᠩᠬᠠᠷᠤᠯ ᠳᠤ ᠢᠳᠡᠪᠬᠢᠲᠡᠶ | ᠬᠠᠷᠢᠭᠤᠯᠲᠠ ᠥᠭᠭᠦᠨ᠎ᠡ᠃ | · ᠬᠡᠷᠡᠭ ᠢ ᠲᠦᠷᠭᠡᠨ ᠢᠯᠡᠷᠡᠭᠦᠯᠬᠦ᠃ ᠨᠠᠢᠮᠠᠨ ᠲᠥᠷᠥᠯ ᠤᠨ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ ᠠᠵᠢᠯᠯᠠᠭ᠎ᠠ᠂ ᠪᠠᠭᠤᠷᠠᠶ ᠡᠲᠡᠭᠡᠳ ᠲᠤ ᠬᠠᠯᠳᠠᠭᠰᠠᠨ | ᠶᠠᠯᠠᠲᠤ ᠠᠵᠢᠯᠯᠠᠭ᠎ᠠ᠂ ᠡᠳ᠋ ᠬᠥᠷᠥᠩᠭᠡ ᠳᠤ ᠬᠠᠯᠳᠠᠭᠰᠠᠨ ᠶᠠᠯᠠᠲᠤ ᠠᠵᠢᠯᠯᠠᠭ᠎ᠠ ᠵᠡᠷᠭᠡ ᠡᠷᠡᠭᠦᠦ ᠶᠢᠨ ᠬᠡᠷᠡᠭ ᠢ ᠢᠯᠡᠷᠡᠭᠦᠯᠪᠡᠯ᠂ ᠳᠠᠷᠤᠶ ᠲᠦᠷᠭᠡᠨ ᠲᠤᠰᠬᠠᠵᠤ᠂ ᠰᠦᠪᠡᠭᠴᠢ | ᠦᠯᠡᠳᠡᠭᠡᠯ ᠦᠭᠡᠢ᠂ ᠲᠦᠷᠭᠡᠨ ᠲᠠᠩᠨᠠᠨ ᠲᠦᠷᠭᠡᠨ ᠢᠯᠡᠷᠡᠭᠦᠯᠦᠨ᠎ᠡ᠃ | · ᠳᠠᠷᠤᠭᠳᠠᠮᠠᠯ ᠬᠡᠷᠡᠭ ᠢ ᠤᠯᠠᠨ ᠢᠯᠡᠷᠡᠭᠦᠯᠬᠦ᠃ ᠳᠠᠷᠤᠭᠳᠠᠮᠠᠯ ᠬᠡᠷᠡᠭ ᠢ ᠪᠠᠶᠢᠩᠭᠤ ᠮᠥᠷᠳᠡᠨ ᠢᠯᠡᠷᠡᠭᠦᠯᠬᠦ ᠶᠢᠨ ᠬᠠᠮᠲᠤ᠂ ᠨᠢᠭᠡ ᠪᠦᠯᠦᠭ ᠲᠣᠰ ᠭᠠᠵᠠᠷ ᠤᠨ | ᠬᠠᠷᠠᠯᠲᠠᠲᠤ ᠬᠡᠷᠡᠭ ᠢ ᠰᠢᠭᠰᠢᠨ ᠰᠣᠩᠭᠤᠵᠤ ᠲᠣᠭᠲᠠᠭᠠᠨ᠂ ᠨᠢᠭᠡ ᠨᠢᠭᠡ ᠪᠠᠷ ᠵᠠᠳᠠᠯᠤᠨ ᠰᠤᠳᠤᠯᠵᠤ᠂ ᠲᠤᠷᠰᠢᠨ ᠪᠠᠶᠢᠴᠠᠭᠠᠬᠤ ᠲᠥᠰᠦᠯ ᠢ ᠲᠣᠭᠲᠠᠭᠠᠨ᠎ᠠ᠃ ᠬᠤᠷᠴᠠ | ᠴᠢᠳᠠᠮᠠᠭᠠᠶ ᠬᠦᠴᠦᠨ ᠢ ᠰᠢᠯᠵᠢᠭᠦᠯᠦᠨ ᠴᠤᠭᠯᠠᠭᠤᠯᠵᠤ᠂ ᠠᠵᠢᠯ ᠤᠨ ᠲᠤᠰᠬᠠᠶ ᠠᠩᠭᠢ ᠶᠢ ᠪᠦᠷᠢᠯᠳᠦᠭᠦᠯᠵᠦ᠂ ᠡᠯ᠎ᠡ ᠵᠦᠢᠯ ᠤᠨ ᠲᠤᠷᠰᠢᠨ ᠪᠠᠶᠢᠴᠠᠭᠠᠬᠤ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠭᠤᠮᠲᠠ ᠰᠢᠪᠲᠤᠯᠬᠤ ᠰᠢᠪᠲᠤᠯᠤᠯᠲᠠ ᠶᠢ ᠪᠥᠬᠦ ᠬᠦᠴᠦᠨ ᠢᠶᠠᠷ ᠥᠷᠨᠢᠭᠦᠯᠦᠨ᠎ᠡ᠃ | · ᠶᠡᠭᠡ ᠬᠡᠷᠡᠭ ᠢ ᠰᠢᠪᠠᠳᠠᠨ ᠰᠢᠢᠳᠪᠦᠷᠢᠯᠡᠭᠦᠯᠬᠦ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠳᠠᠲᠠᠯ᠎ᠠ ᠢᠯᠡᠷᠡᠭᠦᠯᠦᠭᠡᠳᠦᠶ᠂ ᠨᠥᠯᠥᠭᠡ ᠪᠠᠷ ᠮᠠᠭᠤ ᠨᠢᠭᠡ ᠪᠦᠯᠦᠭ | ᠬᠦᠨᠳᠦ ᠶᠡᠭᠡ ᠬᠡᠷᠡᠭ ᠢ ᠫᠠᠶᠢᠰᠠ ᠡᠯᠭᠦᠨ ᠰᠢᠪᠠᠳᠠᠨ ᠰᠢᠢᠳᠪᠦᠷᠢᠯᠡᠭᠦᠯᠵᠦ᠂ ᠬᠠᠮᠲᠤᠷᠠᠭᠰᠠᠨ ᠲᠤᠰᠬᠠᠶ ᠬᠡᠷᠡᠭ ᠤᠨ ᠳᠤᠭᠤᠶᠢᠯᠠᠩ ᠪᠠᠶᠢᠭᠤᠯᠤᠨ᠂ ᠬᠡᠷᠡᠭ ᠰᠢᠢᠳᠪᠦᠷᠢᠯᠡᠬᠦ | ᠨᠢᠭᠡᠴᠢ ᠶᠢᠨ ᠭᠤᠤᠯ ᠤᠳᠤᠷᠢᠳᠤᠯᠭ᠎ᠠ ᠪᠠᠷ ᠬᠠᠷᠢᠭᠤᠴᠠᠯᠭᠠᠲᠠᠨ ᠪᠣᠯᠭᠠᠵᠤ᠂ ᠵᠢᠷᠤᠭ ᠡᠯᠭᠦᠨ ᠪᠠᠶᠢᠯᠳᠤᠵᠤ᠂ ᠬᠤᠭᠤᠴᠠᠭ᠎ᠠ ᠲᠣᠭᠲᠠᠭᠠᠨ ᠬᠡᠷᠡᠭ ᠢᠯᠡᠷᠡᠭᠦᠯᠪᠡ᠃ | · ᠣᠷᠭᠤᠳᠠᠭᠤᠯ ᠬᠡᠷᠡᠭᠲᠡᠨ ᠢ ᠪᠠᠷᠢᠪᠴᠢᠯᠠᠬᠤ᠃ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰ | ᠭᠠᠵᠠᠷ ᠤᠨ ᠨᠢᠭᠡ ᠪᠦᠯᠦᠭ ᠬᠦᠨᠳᠦ ᠶᠡᠭᠡ ᠣᠷᠭᠤᠳᠠᠭᠤᠯ ᠬᠡᠷᠡᠭᠲᠡᠨ ᠢ ᠡᠮᠬᠢᠯᠡᠵᠦ᠂ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠲᠤᠰᠬᠠᠶ ᠠᠩᠭᠢ ᠶᠢ ᠪᠠᠶᠢᠭᠤᠯᠵᠤ᠂ ᠡᠯ᠎ᠡ | ᠲᠥᠷᠥᠯ ᠤᠨ ᠣᠷᠭᠤᠳᠠᠭᠤᠯ ᠬᠡᠷᠡᠭᠲᠡᠨ ᠢ ᠲᠦᠷᠭᠡᠬᠡᠨ ᠪᠠᠷᠢᠪᠴᠢᠯᠠᠨ ᠠᠪᠴᠢᠷᠠᠵᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠪᠥᠬᠦ ᠲᠠᠯ᠎ᠠ ᠪᠠᠷ | ᠴᠡᠪᠡᠷᠰᠢᠭᠦᠯᠵᠦ᠂ ᠰᠦᠷ ᠳᠠᠯᠠᠶᠢᠴᠠᠲᠠᠶ ᠪᠠᠶᠢᠯᠳᠤᠭᠠᠨ ᠤ ᠦᠷ᠎ᠡ ᠪᠦᠳᠦᠮᠵᠢ ᠪᠠᠷ ᠡᠷᠡᠭᠦᠦ ᠶᠢᠨ ᠴᠠᠭᠳᠠᠭ᠎ᠠ ᠶᠢᠨ ᠡᠭᠦᠷᠭᠡᠯᠡᠯ ᠢ ᠢᠯᠡᠷᠡᠭᠦᠯᠵᠦ᠂ ᠡᠷᠡᠭᠦᠦ ᠶᠢᠨ | ᠴᠠᠭᠳᠠᠭ᠎ᠠ ᠶᠢᠨ ᠬᠦᠴᠦᠨ ᠢ ᠢᠯᠡᠷᠡᠭᠦᠯᠦᠨ᠎ᠡ᠃ | |