2020 ᠣᠨ ᠤ 8 ᠳ᠋ᠤᠭᠠᠷ ᠰᠠᠷ᠎ᠠ ᠶᠢᠨ 26 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ | ᠡᠩᠨᠡᠭᠡ ᠳᠤ ᠲᠤᠭ ᠣᠯᠭᠤᠭᠰᠠᠨ ᠪᠥᠭᠡᠳ ᠴᠢᠬᠤᠯᠠ ᠰᠤᠷᠭᠠᠯ ᠦᠭᠡ ᠬᠡᠯᠡᠪᠡ᠃ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ | ᠶᠣᠰᠣᠭᠠᠷ᠂ 2022 ᠣᠨ ᠤ 8 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠰᠣᠨᠢᠨ ᠮᠡᠳᠡᠭᠡ ᠨᠡᠶᠢᠲᠡᠯᠡᠬᠦ | ᠬᠤᠷᠠᠯ ᠬᠢᠵᠦ᠂ ᠬᠤᠶᠠᠷ ᠵᠢᠯ ᠤᠨ ᠲᠤᠷᠰᠢᠬᠢ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ | ᠦᠢᠯᠡᠳᠦᠯᠭᠡᠵᠢᠭᠦᠯᠵᠦ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠠᠮᠤᠷ ᠲᠦᠪᠰᠢᠨ ᠢ ᠦᠨᠡᠨᠴᠢ ᠰᠢᠳᠤᠷᠭᠤ ᠪᠠᠷ ᠪᠠᠲᠤᠯᠠᠬᠤ︾ ᠭᠤᠤᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠶᠢᠨ ᠪᠠᠶᠢᠳᠠᠯ ᠵᠢᠴᠢ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ | ᠠᠵᠢᠯᠯᠠᠭ᠎ᠠ︾ ᠶᠢ ᠥᠷᠨᠢᠭᠦᠯᠦᠭᠰᠡᠨ ᠬᠤᠶᠠᠷ ᠰᠠᠷ᠎ᠠ ᠶᠢᠨ ᠲᠤᠷᠰᠢᠬᠢ ᠠᠵᠢᠯ ᠤᠨ ᠦᠷ᠎ᠡ ᠪᠦᠲᠦᠮᠵᠢ ᠶᠢ ᠵᠠᠷᠯᠠᠨ ᠮᠡᠳᠡᠭᠳᠡᠪᠡ᠃ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ︽ᠵᠠᠭᠤᠨ ᠡᠳᠦᠷ ᠤᠨ ᠠᠵᠢᠯᠯᠠᠭ᠎ᠠ︾ ᠶᠢᠨ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠷᠬᠢᠯᠡᠭᠴᠢ ᠶᠠᠩ ᠢ᠂ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠶᠢᠨ ᠯᠦᠩ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠶᠡᠷᠦᠩᠬᠡᠶᠢᠯᠡᠭᠰᠡᠨ ᠭᠠᠵᠠᠷ ᠤᠨ ᠬᠤᠶᠠᠳᠤᠭᠠᠷ | ᠳᠡᠰ ᠤᠨ ᠪᠠᠶᠢᠴᠠᠭᠠᠨ ᠰᠤᠳᠤᠯᠤᠭᠴᠢ ᠸᠠᠩ ᠬᠠᠶ ᠱᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ᠃ | ᠬᠤᠶᠠᠷ ᠵᠢᠯ ᠤᠨ ᠲᠤᠷᠰᠢ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠰᠤᠷᠭᠠᠯ ᠦᠭᠡ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ᠂ ︽ᠨᠠᠮ ᠳᠤ ᠪᠠᠨ | ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠬᠡᠷᠡᠭᠵᠢᠭᠦᠯᠬᠦ ᠳᠤ ᠪᠠᠨ ᠲᠥᠪ ᠭᠤᠣᠯᠴᠢ᠂ ᠰᠠᠬᠢᠯᠭ᠎ᠠ ᠪᠠᠲᠤ ᠴᠢᠩᠭ᠎ᠠ ᠪᠠᠶᠢᠬᠤ︾ ᠶᠡᠷᠦᠩᠬᠡᠶ | ᠱᠠᠭᠠᠷᠳᠠᠯᠭ᠎ᠠ ᠪᠠᠷ ᠪᠦᠬᠦ ᠴᠠᠭᠳᠠᠭ᠎ᠠ ᠶᠢ ᠬᠥᠲᠥᠯᠥᠨ ᠳᠠᠭᠠᠭᠤᠯᠵᠤ᠂ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠰᠤᠷᠤᠯᠴᠠᠬᠤ ᠦᠷ᠎ᠡ ᠪᠦᠲᠦᠮᠵᠢ ᠶᠢ | ᠲᠠᠰᠤᠷᠠᠯᠲᠠ ᠦᠭᠡᠢ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠂ ᠲᠦᠭᠰᠢᠭᠦᠷᠢ ᠶᠢ ᠰᠡᠷᠭᠡᠶᠢᠯᠡᠬᠦ᠂ ᠠᠮᠤᠷ | ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ | ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠦᠨᠡᠨᠴᠢ ᠰᠢᠳᠤᠷᠭᠤ ᠵᠠᠩ ᠴᠢᠨᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠲᠡᠮᠡᠴᠡᠯ ᠤᠨ ᠴᠢᠳᠠᠪᠤᠷᠢ ᠪᠠ ᠰᠠᠬᠢᠯᠭ᠎ᠠ | ᠪᠠᠲᠤ ᠰᠤᠷᠲᠠᠯ ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ | ᠨᠡᠶᠢᠭᠡᠮ ᠤᠨ ᠠᠮᠤᠷ ᠲᠦᠪᠰᠢᠨ ᠤ ᠪᠦᠬᠦ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ | 2020 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ︽ᠨᠢᠭᠡᠳᠦᠭᠡᠷ ᠵᠥᠪᠯᠡᠬᠦ | ᠵᠦᠢᠯ︾ ᠢ 105 ᠤᠳᠠᠭ᠎ᠠ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠳᠠᠶᠢᠴᠢᠯᠠᠨ ︽ᠨᠢᠭᠡᠳᠦᠭᠡᠷ ᠵᠥᠪᠯᠡᠬᠦ | ᠵᠦᠢᠯ︾ ᠢ 8 ᠲᠦᠮᠡ ᠭᠠᠷᠤᠶ ᠤᠳᠠᠭ᠎ᠠ ᠨᠠᠶᠢᠳᠠᠪᠤᠷᠢᠵᠢᠭᠤᠯᠪᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠬᠥᠮᠦᠵᠢᠯ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠴᠣᠭᠴᠠᠯᠠᠵᠤ᠂ | ᠳᠣᠲᠣᠭᠠᠳᠤ ᠶᠢ ᠬᠠᠮᠠᠭᠠᠯᠠᠬᠤ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ 116 ᠳᠣᠲᠣᠭᠠᠳᠤ ᠶᠢ ᠬᠠᠮᠠᠭᠠᠯᠠᠬᠤ ᠨᠠᠮ ᠤᠨ | ᠰᠤᠷᠭᠠᠭᠤᠯᠢ ᠶᠢᠨ ᠭᠤᠣᠯ ᠵᠢᠭᠰᠠᠭᠠᠯ ᠤᠨ ᠭᠠᠵᠠᠷ ᠲᠤ ᠲᠦᠰᠢᠭᠯᠡᠵᠦ᠂ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠤᠯᠤᠰ ᠲᠦᠷᠦ ᠶᠢᠨ | ᠡᠭᠡᠯᠵᠢᠯᠡᠨ ᠪᠣᠯᠪᠠᠰᠤᠷᠠᠭᠤᠯᠬᠤ ᠶᠢ ︽ᠪᠦᠬᠦᠨ ᠢ ᠪᠦᠷᠬᠦᠬᠦᠯᠬᠦ︾ ᠶᠢ ᠪᠡᠶᠡᠯᠡᠭᠦᠯᠪᠡ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠭᠤᠷᠪᠠᠨ | ᠬᠦᠴᠦᠷᠬᠡᠭ ᠭᠤᠷᠪᠠᠨ ᠰᠢᠯᠢᠳᠡᠭ︾ ᠢᠨᠵᠧᠨᠧᠷᠢᠩ ᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ︽ᠶᠡᠭᠡ ᠬᠢᠨᠠᠯᠲᠠ︾ ᠶᠢᠨ ᠪᠠᠶᠢᠷᠢᠰᠢᠯ ᠢ ᠪᠠᠶᠢᠭᠤᠯᠵᠤ᠂ ᠠᠶᠢᠮᠠᠭ | ᠬᠤᠲᠠ᠂ ᠬᠤᠰᠢᠭᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ︽ᠪᠦᠷᠢᠨ ᠪᠥᠷᠬᠦᠭᠦᠯᠬᠦ︾ ᠶᠢ | ᠪᠡᠶᠡᠯᠡᠭᠦᠯᠪᠡ᠃ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠯᠠᠬᠤ ᠶᠢ ᠲᠤᠰᠬᠠᠢ ᠴᠡᠭᠴᠡᠯᠡᠨ ᠵᠠᠰᠠᠵᠤ᠂ ᠬᠠᠮᠤᠭ ᠤᠨ | ᠴᠢᠩᠭ᠎ᠠ ︽ᠠᠷᠢᠬᠢ ᠴᠠᠭᠠᠵᠠᠯᠠᠬᠤ ᠵᠠᠷᠯᠢᠭ︾ ᠢ ᠬᠡᠷᠡᠭᠵᠢᠭᠦᠯᠵᠦ᠂ ︽ᠪᠠᠭ᠎ᠠ ᠭᠠᠷᠳᠠᠯ︾ ᠢᠶᠠᠷ ᠰᠠᠬᠢᠯᠭ᠎ᠠ ᠪᠠᠲᠤ ᠰᠤᠷᠲᠠᠯ ᠤᠨ ᠶᠡᠭᠡ ᠬᠤᠪᠢᠷᠠᠯᠲᠠ ᠶᠢ ᠴᠢᠷᠮᠠᠶᠢᠨ | ᠠᠬᠢᠭᠤᠯᠪᠠ᠃ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ ᠬᠠᠮᠤᠭ ᠠᠴᠠ ᠪᠠᠭ᠋ᠠᠷᠬᠠᠯᠲᠠᠢ ᠴᠠᠭᠳᠠᠭ᠎ᠠ︾ 3 ᠡᠭᠡᠯᠵᠢ 34 ᠬᠥᠮᠦᠨ ᠢ ᠰᠢᠯᠭᠠᠷᠠᠭᠤᠯᠤᠨ ᠰᠣᠩᠭᠤᠵᠤ᠂ | ︽ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠨᠢᠭᠡᠳᠦᠭᠡᠷ ᠳᠡᠰ ᠤᠨ ᠪᠠᠭᠠᠲᠤᠷ ᠵᠢᠱᠢᠶᠡᠴᠢ︾ ᠪᠤᠶᠠᠨᠳᠡᠯᠭᠡᠷ᠂ ︽ᠤᠮᠠᠷᠠᠲᠤ ᠬᠢᠯᠢ ᠶᠢᠨ | ᠵᠢᠱᠢᠶᠡᠴᠢ︾ ᠯᠢᠦ ᠠᠨ ᠵᠡᠷᠭᠡ ᠨᠢᠭᠡ ᠪᠦᠯᠦᠭ ᠲᠡᠷᠢᠭᠦᠨ ᠤ ᠨᠡᠶᠢᠲᠡᠯᠢᠭ ᠬᠥᠮᠦᠰ ᠴᠣᠯᠭᠤᠷᠠᠨ ᠭᠠᠷᠪᠠ᠃ | ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠤᠯ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠤᠭᠴᠠᠯᠠᠪᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ | ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠵᠦ᠂ ᠨᠠᠮ ᠪᠠᠶᠢᠭᠤᠯᠤᠭᠳᠠᠭᠰᠠᠨ 100 ᠵᠢᠯ ᠤᠨ ᠤᠢ᠂ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ ᠠᠯᠢ ᠤᠯᠠᠨ | ᠴᠢᠬᠤᠯᠠ ᠶᠡᠭᠡ ᠠᠮᠤᠷ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ︔ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ | ᠲᠡᠮᠡᠴᠡᠯ ᠢ ᠭᠦᠨᠵᠡᠭᠡᠶ ᠥᠷᠨᠢᠭᠦᠯᠬᠦ ᠶᠢᠨ ᠬᠠᠮᠲᠤ ᠪᠠᠶᠢᠩᠭᠤᠵᠢᠭᠤᠯᠬᠤ ᠳᠤ ᠰᠢᠯᠵᠢᠨ ᠣᠷᠣᠪᠠ᠃ ᠫᠤᠤ ᠰᠤᠮᠤ ᠶᠢ ᠬᠤᠷᠢᠶᠠᠮᠵᠢᠯᠠᠵᠤ ᠳᠡᠯᠪᠡᠷᠡᠬᠦ ᠡᠳ᠋ ᠢ ᠵᠠᠰᠠᠬᠤ᠂ ᠵᠠᠮ | ᠬᠠᠷᠢᠯᠴᠠᠭᠠᠨ ᠤ ᠠᠳᠡᠯ ᠢ ᠰᠡᠷᠭᠡᠶᠢᠯᠡᠬᠦ ︽ᠬᠡᠮᠵᠢᠶ᠎ᠡ ᠶᠢ ᠪᠠᠭᠠᠰᠬᠠᠵᠤ ᠬᠡᠮᠵᠢᠶ᠎ᠡ ᠶᠢ ᠬᠢᠵᠠᠭᠠᠷᠯᠠᠬᠤ︾ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ | ᠣᠯᠠᠨ ᠤ ᠲᠠᠶᠢᠪᠤᠩᠳᠤ ᠲᠥᠷᠥᠭᠳᠡᠯ ᠲᠠᠰᠤᠷᠠᠯᠲᠠ ᠥᠬᠡᠶ ᠳᠡᠭᠡᠭᠰᠢᠯᠡᠪᠡ᠃ | ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ | ᠲᠦᠪᠰᠢᠨ ᠤ ᠰᠠᠶᠢᠨ ᠬᠤᠷᠰᠢᠯ ᠢ ᠴᠢᠷᠮᠠᠶᠢᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠶᠢᠨ | ᠲᠣᠭᠤᠷᠢᠨ ᠳᠤ ᠠᠵᠢᠯ ᠢᠶᠠᠨ ᠲᠥᠯᠥᠪᠵᠢᠭᠦᠯᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ | ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ | ᠪᠥᠬᠦ ᠤᠯᠤᠰ ᠤᠨ ᠬᠡᠪᠴᠢᠶ᠎ᠡ ᠪᠠᠷ ᠬᠠᠮᠤᠭ ᠤᠨ ᠶᠡᠭᠡ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠴᠠᠭᠳᠠᠭᠠᠨ ᠤ ᠲᠥᠷᠥᠯ ᠤᠨ ᠰᠢᠰᠲ᠋ᠧᠮ ᠢ ᠪᠠᠶᠢᠭᠤᠯᠪᠠ᠃ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ | ᠵᠠᠰᠠᠬᠤ ᠶᠢ ᠭᠦᠨᠵᠡᠭᠡᠶ ᠥᠷᠨᠢᠭᠦᠯᠵᠦ᠂ ᠨᠤᠲᠤᠭ ᠪᠡᠯᠴᠢᠭᠡᠷ ᠣᠶᠢᠲᠤ ᠭᠠᠵᠠᠷ ᠤᠨ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠲᠤᠰᠬᠠᠶ ᠴᠡᠭᠴᠡᠯᠡᠨ ᠵᠠᠰᠠᠬᠤ ᠶᠢ ᠠᠬᠢᠭᠤᠯᠪᠠ᠃ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠬᠠᠤᠯᠢᠵᠢᠭᠰᠠᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭ᠎ᠠ︾ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠴᠢᠯᠥᠭᠡᠲᠡᠢ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠯᠢ ᠶᠢᠨ ᠪᠣᠭᠤᠮᠲᠠ᠂ ᠬᠤᠪᠢᠶᠠᠨ ᠪᠠᠭᠤᠯᠭᠠᠬᠤ ᠵᠢᠰᠢᠶᠠᠨ ᠤ | ᠨᠢᠰᠬᠡᠯ ᠢ ᠪᠢᠲᠡᠭᠦᠮᠵᠢᠯᠡᠨ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠣᠷᠣᠨ ᠤ ᠳᠣᠲᠣᠷᠠᠬᠢ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢ | ᠬᠤᠷᠢᠭᠯᠠᠨ ᠠᠷᠢᠯᠭᠠᠬᠤ ᠳᠠᠶᠢᠯᠠᠯᠳᠤᠭᠠᠨ᠂ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠪᠡ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠡᠷᠡᠰ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠪᠡ᠃ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠶᠢ | ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠪᠠ ᠠᠰᠢᠭ ᠢ ᠦᠷᠭᠦᠯᠵᠢᠯᠡᠨ ᠳᠡᠭᠡᠭᠰᠢᠯᠡᠭᠦᠯᠪᠡ᠃ ᠦᠨᠳᠦᠰᠦᠨ ᠱᠠᠲᠤ ᠶᠢ | ᠶᠡᠭᠡ ᠪᠠᠷ ᠠᠳᠬᠤᠬᠤ᠂ ᠰᠠᠭᠤᠷᠢ ᠶᠢ ᠶᠡᠭᠡ ᠪᠠᠷ ᠠᠳᠬᠤᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭᠳᠠᠭᠠᠨ ᠤ ᠶᠠᠪᠤᠳᠠᠯ ᠢ ᠪᠥᠬᠦ | ᠲᠠᠯ᠎ᠠ ᠪᠠᠷ ᠬᠡᠷᠡᠭᠵᠢᠭᠦᠯᠦᠨ᠎ᠡ᠃ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠰᠢᠰᠲ᠋ᠧᠮ ᠪᠠ ᠳᠥᠷᠪᠡᠨ ᠱᠠᠲᠤᠨ ᠤ ᠬᠠᠤᠯᠢ ᠬᠡᠷᠡᠭᠵᠢᠭᠦᠯᠬᠦ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢ ᠪᠠᠷ ᠵᠠᠰᠠᠬᠤ ᠬᠢᠷᠢ | ᠲᠦᠪᠰᠢᠨ ᠪᠠ ᠬᠠᠤᠯᠢ ᠬᠡᠷᠡᠭᠵᠢᠭᠦᠯᠦᠯᠲᠡ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢᠯᠡᠳᠲᠡ ᠳᠡᠭᠡᠭᠰᠢᠯᠡᠪᠡ᠃ | ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠠᠮᠤᠷ ᠲᠦᠪᠰᠢᠨ ᠢ ᠦᠨᠡᠨᠴᠢ ᠰᠢᠳᠤᠷᠭᠤ ᠪᠠᠷ | ᠬᠠᠮᠠᠭᠠᠯᠠᠬᠤ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢᠬᠢ ᠭᠤᠤᠯ ᠪᠠᠶᠢᠳᠠᠯ ᠢ ᠵᠠᠷᠯᠠᠨ ᠮᠡᠳᠡᠭᠳᠡᠪᠡ᠃ ᠥᠪᠥᠷ | ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠦᠭᠦᠳᠡᠭᠡᠷ ᠬᠥᠳᠡᠯᠦᠯᠴᠡᠵᠦ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠠᠮᠤᠭ ᠤᠨ ᠥᠨᠳᠥᠷ ᠪᠠᠷᠢᠮᠵᠢᠶ᠎ᠠ᠂ | ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠨᠠᠷᠢᠨ ᠨᠢᠭᠲᠠ ᠪᠠᠶᠢᠷᠢᠯᠠᠭᠤᠯᠤᠯᠲᠠ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ | ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠥᠷᠥ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠴᠡᠶ᠃ | ᠤᠯᠤᠰ ᠲᠥᠷᠥ ᠪᠠᠷ ᠴᠠᠭᠳᠠᠭ᠎ᠠ ᠪᠠᠶᠢᠭᠤᠯᠬᠤ ᠶᠢ ᠴᠢᠩᠭᠠᠳᠬᠠᠵᠤ᠂ ᠦᠨᠡᠨᠴᠢ ᠰᠢᠳᠤᠷᠭᠤ ᠴᠠᠭᠳᠠᠭᠠᠨ ᠤ ᠰᠦᠭ ᠰᠦᠨᠡᠰᠦ ᠶᠢ ᠪᠦᠬᠦ ᠲᠠᠯ᠎ᠠ ᠪᠠᠷ ᠴᠤᠭᠴᠠᠯᠠᠪᠠ᠃ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠦᠨᠡᠨ ᠬᠦ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠪᠥᠬᠦ ᠲᠠᠯ᠎ᠠ ᠪᠠᠷ ᠵᠢᠷᠤᠮᠵᠢᠭᠤᠯᠤᠨ᠎ᠠ︔ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ | ᠬᠠᠮᠤᠭ ᠠᠴᠠ ᠪᠠᠭ᠋ᠠᠷᠬᠠᠯᠳᠠᠢ ᠴᠠᠭᠳᠠᠭ᠎ᠠ︾᠂ ︽ᠤᠮᠠᠷᠠᠲᠤ ᠬᠢᠯᠢ ᠶᠢ ᠳᠣᠭᠳᠣᠯᠤᠭᠤᠯᠤᠭᠰᠠᠨ ᠬᠠᠮᠤᠭ ᠤᠨ ᠪᠠᠭ᠋ᠠᠷᠬᠠᠯᠲᠠᠢ ᠬᠠᠪᠰᠤᠷᠤᠭᠴᠢ ᠴᠠᠭᠳᠠᠭ᠎ᠠ︾ ᠵᠡᠷᠭᠡ | ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ︽ᠠᠮᠤᠷ ᠠᠮᠤᠭᠤᠯᠠᠩ ᠥᠪᠥᠷ | ᠮᠣᠩᠭᠤᠯ︾ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠳᠣᠲᠣᠭᠠᠳᠤ ᠶᠢ ᠬᠠᠮᠠᠭᠠᠯᠠᠬᠤ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ ᠪᠠᠭᠠᠲᠤᠷ | ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠦᠷᠭᠦᠯᠵᠢᠯᠡᠨ ᠮᠡᠳᠡᠭᠡᠯᠡᠨ᠎ᠡ︔ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠭᠠᠲᠤᠷ ᠵᠢᠱᠢᠶᠡᠴᠢ ᠶᠢᠨ | ᠲᠡᠷᠢᠭᠦᠨ ᠤ ᠦᠢᠯᠡ ᠠᠵᠢᠯᠯᠠᠭ᠎ᠠ ᠶᠢ ᠲᠣᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠠᠷᠠᠳ ᠤᠨ ᠴᠠᠭᠳᠠᠭ᠎ᠠ | ᠬᠠᠪᠰᠤᠷᠤᠭᠴᠢ ᠴᠠᠭᠳᠠᠭ᠎ᠠ ᠶᠢᠨ ᠦᠨᠡᠨᠴᠢ ᠰᠢᠳᠤᠷᠭᠤ ᠪᠠᠷ ᠠᠮᠤᠷ ᠲᠦᠪᠰᠢᠨ ᠢ ᠬᠠᠮᠠᠭᠠᠯᠠᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠭᠵᠢᠭᠡᠪᠡ᠃ | ᠠᠮᠤᠷ ᠲᠣᠭᠲᠠᠭᠤᠨ ᠢ ᠬᠠᠮᠠᠭᠠᠯᠠᠬᠤ ᠶᠢ ᠴᠢᠩᠭᠠᠳᠬᠠᠵᠤ᠂ ᠨᠡᠶᠢᠭᠡᠮ ᠤᠨ ᠣᠷᠴᠢᠨ ᠲᠣᠭᠤᠷᠢᠨ ᠨᠠᠩ ᠰᠠᠶᠢᠨ ᠰᠠᠶᠢᠵᠢᠷᠠᠪᠠ᠃ ᠪᠥᠬᠦ ᠣᠷᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠶᠤᠯ ᠲᠦᠭᠰᠢᠭᠦᠷᠢ ᠶᠢᠨ ᠳᠠᠯᠳᠠ ᠬᠡᠮ ᠢ | ᠪᠠᠶᠢᠴᠠᠭᠠᠨ ᠴᠡᠭᠴᠡᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ︔ ︽ᠰᠦᠯᠵᠢᠶ᠎ᠡ ᠶᠢ ᠴᠡᠪᠡᠷᠰᠢᠭᠦᠯᠬᠦ 2022︾ ᠲᠤᠰᠬᠠᠢ ᠠᠵᠢᠯᠯᠠᠭ᠎ᠠ ᠶᠢ ᠭᠦᠨᠵᠡᠭᠡᠢ | ᠥᠷᠨᠢᠭᠦᠯᠵᠦ᠂ ᠰᠦᠯᠵᠢᠶᠡᠨ ᠤ ᠠᠮᠢ ᠠᠬᠤᠢ ᠶᠢ ᠲᠠᠰᠤᠷᠠᠯᠲᠠ ᠦᠭᠡᠢ ᠴᠡᠪᠡᠷᠰᠢᠭᠦᠯᠪᠡ︔ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ | ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠪᠠᠷ ᠵᠢᠯᠣᠭᠤᠳᠤᠮᠵᠢ ᠪᠣᠯᠭᠠᠵᠤ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾᠂ ︽ᠫᠤᠤ ᠰᠤᠮᠤ ᠶᠢ | ᠬᠤᠷᠢᠶᠠᠮᠵᠢᠯᠠᠵᠤ ᠳᠡᠯᠪᠡᠷᠡᠬᠦ ᠡᠳ᠋ ᠢ ᠵᠠᠰᠠᠬᠤ︾ ᠵᠡᠷᠭᠡ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ︔ ︽ᠰᠤᠷᠭᠠᠭᠤᠯᠢ ᠶᠢᠨ ᠠᠮᠤᠷ ᠲᠦᠪᠰᠢᠨ ᠢ ᠬᠠᠮᠠᠭᠠᠯᠠᠬᠤ︾ ᠲᠤᠰᠬᠠᠶ ᠠᠵᠢᠯ ᠢ ᠦᠷᠭᠦᠯᠵᠢᠯᠡᠨ ᠥᠷᠨᠢᠭᠦᠯᠵᠦ᠂ ᠵᠠᠮ | ᠬᠠᠷᠢᠯᠴᠠᠭᠠᠨ ᠤ ᠠᠳᠡᠯ ᠤᠨ ︽ᠬᠡᠮᠵᠢᠶ᠎ᠡ ᠶᠢ ᠪᠠᠭᠠᠰᠬᠠᠨ ᠶᠡᠭᠡ ᠶᠢ ᠬᠢᠵᠠᠭᠠᠷᠯᠠᠬᠤ︾ ᠶᠢ ᠭᠦᠨᠵᠡᠭᠡᠶᠢᠷᠡᠭᠦᠯᠪᠡ᠃ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠠᠶᠢᠵᠢᠷᠠᠭᠤᠯᠬᠤ ᠶᠢ ᠢᠮᠠᠭᠲᠠ ᠴᠢᠬᠤᠯᠠ ᠠᠴᠠ | ᠴᠢᠬᠤᠯᠠ ᠵᠦᠢᠯ ᠪᠣᠯᠭᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ 63 ᠵᠤᠷᠪᠤᠰ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠣᠯᠠᠨ | ᠲᠦᠮᠡᠨ ᠳᠤ ᠨᠡᠶᠢᠲᠡ 15 ᠲᠦᠮᠡᠨ ᠬᠥᠮᠦᠨ ᠤᠳᠠᠭ᠎ᠠ ᠠᠰᠢᠭ ᠬᠦᠷᠲᠡᠭᠡᠪᠡ︔ ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ ᠰᠠᠯᠪᠤᠷᠢ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ ᠭᠠᠷᠭᠠᠵᠤ᠂ ᠪᠥᠬᠦ ᠣᠷᠣᠨ ᠳᠤ ᠨᠡᠶᠢᠲᠡ 70 ︽ᠨᠢᠭᠡ ᠥᠷᠲᠡᠭᠡ ᠮᠠᠶ᠋ᠢᠭ︾ ᠤᠨ ᠲᠣᠮᠢᠯᠠᠭᠰᠠᠨ | ᠰᠠᠯᠪᠤᠷᠢ ᠶᠢ ᠪᠠᠶᠢᠭᠤᠯᠪᠠ︔ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ ᠢ ᠡᠯᠧᠺᠲᠷᠦᠨᠴᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 344 ᠲᠦᠮᠡᠨ | ᠡᠯᠧᠺᠲᠷᠣᠨ ᠵᠢᠯᠣᠭᠤᠴᠢ ᠶᠢᠨ ᠦᠨᠡᠮᠯᠡᠯ ᠢ ᠨᠢᠭᠡᠨᠲᠡ ᠭᠦᠢᠴᠡᠳᠭᠡᠪᠡ︔ ᠡᠷᠦᠬᠡ ᠠᠮᠠ ᠶᠢᠨ ᠲᠠᠩᠰᠠ ᠶᠢᠨ 86 ᠵᠦᠢᠯ ᠤᠨ ᠲᠤᠬᠠᠶᠢᠯᠠᠭᠰᠠᠨ ᠠᠵᠢᠯ ᠢ ᠪᠥᠬᠦ | ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠭᠡᠬᠦ ᠶᠢ ᠬᠡᠷᠡᠭᠵᠢᠭᠦᠯᠵᠦ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ 10641 ᠬᠤᠪᠢ ᠭᠥᠯᠢᠶᠡᠨ | ᠠᠪᠴᠤ ᠰᠢᠢᠳᠪᠦᠷᠢᠯᠡᠪᠡ︔ 5 ᠵᠦᠢᠯ ᠤᠨ ᠡᠷᠦᠬᠡ ᠠᠮᠠ ᠰᠢᠯᠵᠢᠭᠦᠯᠬᠦ ᠪᠠ ᠡᠷᠦᠬᠡ ᠠᠮᠠ ᠶᠢᠨ ᠲᠥᠷᠥᠯ ᠤᠨ ᠭᠡᠷᠡᠴᠢ ᠶᠢ ︽ᠮᠤᠵᠢ ᠠᠯᠤᠰᠯᠠᠨ ᠨᠡᠶᠢᠳᠡᠮ | ᠭᠦᠢᠴᠡᠳᠭᠡᠬᠦ︾ ᠶᠢ ᠪᠡᠶᠡᠯᠡᠭᠦᠯᠵᠦ᠂ ᠨᠢᠭᠡᠨᠲᠡ ᠮᠤᠵᠢ ᠠᠯᠤᠰᠯᠠᠨ 2587 ᠬᠤᠪᠢ ᠡᠷᠦᠬᠡ ᠠᠮᠠ ᠰᠢᠯᠵᠢᠭᠦᠯᠬᠦ ᠶᠢ ᠭᠦᠢᠴᠡᠳᠭᠡᠪᠡ᠃ | ᠴᠠᠭᠳᠠᠭ᠎ᠠ ᠶᠢ ᠴᠢᠩᠭ᠎ᠠ ᠵᠠᠰᠠᠬᠤ ᠶᠢ ᠴᠢᠩᠭᠠᠳᠬᠠᠵᠤ᠂ ᠰᠠᠬᠢᠯᠭ᠎ᠠ ᠪᠠᠲᠤ ᠣᠪᠣᠷ ᠰᠤᠷᠲᠠᠯ ᠢᠯᠡᠳᠲᠡ ᠰᠠᠶᠢᠵᠢᠷᠠᠪᠠ᠃ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠭᠤᠯᠭ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠶ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠶᠢᠨ | ᠬᠠᠨᠢ ᠨᠦᠬᠦᠷ᠂ ᠦᠷ᠎ᠡ ᠬᠡᠦᠬᠡᠳ ᠵᠢᠴᠢ ᠲᠡᠳᠡᠨ ᠤ ᠬᠠᠨᠢ ᠨᠦᠬᠦᠷ ᠬᠤᠳᠠᠯᠳᠤᠭ᠎ᠠ ᠡᠷᠭᠢᠯᠡᠵᠦ ᠠᠵᠤ ᠠᠬᠤᠶᠢᠯᠠᠯ ᠡᠷᠭᠢᠯᠡᠬᠦ ᠶᠢ ᠴᠠᠭᠠᠵᠠᠯᠠᠬᠤ ᠨᠠᠷᠢᠨ ᠲᠠᠩᠰᠠ︾ ᠶᠢ | ᠲᠣᠭᠲᠠᠭᠠᠨ ᠳᠠᠷᠤᠮᠠᠯᠯᠠᠨ ᠲᠠᠷᠬᠠᠭᠠᠵᠤ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠪᠣᠯᠬᠢᠴᠢᠯᠠᠬᠤ ᠠᠷᠠᠯᠵᠢᠶᠠᠯᠠᠬᠤ ᠠᠰᠠᠭᠤᠳᠠᠯ ᠢ | ᠲᠥᠪᠯᠡᠷᠡᠭᠦᠯᠦᠨ ᠵᠠᠰᠠᠬᠤ ᠠᠵᠢᠯ ᠢ ᠥᠷᠨᠢᠭᠦᠯᠵᠦ᠂ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ ︽ᠠᠷᠪᠠᠨ ᠨᠢᠭᠡᠨ ᠴᠢᠩᠭ᠎ᠠ | ᠴᠠᠭᠠᠵᠠᠯᠠᠬᠤ︾ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠭᠤᠭᠤᠯᠤᠨ 628 ᠠᠰᠠᠭᠤᠳᠠᠯ ᠢ | ᠪᠠᠶᠢᠴᠠᠭᠠᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ 642 ᠵᠤᠷᠪᠤᠰ ᠲᠣᠭᠲᠠᠭᠠᠵᠤ᠂ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ | ᠳᠠᠭᠤᠰᠬᠠᠪᠠ᠃ | ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ︽ᠳᠥᠷᠪᠡᠨ | ᠵᠦᠢᠯ ᠤᠨ ᠬᠡᠯᠪᠡᠷᠢ ᠪᠠᠶᠢᠳᠠᠯ︾ ᠢ ᠭᠦᠢᠴᠡᠳ ᠬᠡᠷᠡᠭᠯᠡᠵᠦ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠡᠳᠦᠷ ᠲᠤᠲᠤᠮ ᠤᠨ ᠬᠥᠮᠦᠵᠢᠯ ᠬᠠᠮᠢᠶᠠᠷᠤᠯᠲᠠ ᠶᠢ ᠦᠨᠡᠨ ᠬᠦ | ᠴᠢᠩᠭᠠᠳᠬᠠᠨ᠂ ᠲᠣᠭᠲᠠᠭᠠᠯ ᠠᠴᠠ ᠵᠥᠷᠢᠴᠡᠨ ᠳᠠᠶᠢᠯᠠᠯᠭ᠎ᠠ ᠬᠢᠵᠦ ᠠᠷᠢᠬᠢ ᠤᠤᠭᠤᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤ ᠥᠷᠨᠢᠭᠦᠯᠪᠡ︔ | ︽ᠵᠢᠷᠭᠤᠭ᠎ᠠ ᠲᠠᠢ ᠪᠣᠯᠵᠣᠨ ᠶᠠᠷᠢᠯᠴᠠᠬᠤ︾ ᠲᠣᠭᠲᠠᠴᠠ ᠶᠢ ᠪᠠᠶᠢᠭᠤᠯᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ | ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠭᠠᠳᠤ ᠶᠠᠪᠤᠳᠠᠯ ᠤᠨ ᠪᠠᠶᠢᠭᠤᠯᠤᠯᠲᠠ᠂ | ᠡᠩᠨᠡᠭᠡᠨ ᠤ ᠬᠠᠮᠢᠶᠠᠷᠤᠯᠲᠠ᠂ ᠰᠠᠬᠢᠯᠭ᠎ᠠ ᠪᠠᠲᠤ ᠣᠪᠣᠷ ᠰᠤᠷᠲᠠᠯ ᠴᠥᠮ ᠢᠯᠡᠳᠲᠡ ᠰᠠᠶᠢᠵᠢᠷᠠᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠪᠠᠰᠠ ᠵᠣᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ | ᠡᠳᠦᠷ ᠤᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠬᠦᠴᠦᠲᠡᠶ ᠰᠦᠷᠳᠡᠭᠦᠯᠵᠦ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠲᠤ ᠪᠠᠬᠢ ᠪᠠᠶᠢᠭᠤᠯᠵᠤ᠂ ᠠᠶᠤᠯ ᠲᠦᠭᠰᠢᠭᠦᠷᠢ ᠶᠢᠨ ᠳᠠᠯᠳᠠ | ᠬᠡᠮ ᠢ ᠪᠠᠶᠢᠴᠠᠭᠠᠨ ᠰᠢᠢᠳᠪᠦᠷᠢᠯᠡᠬᠦ ᠲᠠᠯ᠎ᠠ ᠶᠢᠨ ᠪᠠᠶᠢᠳᠠᠯ ᠢ ᠭᠦᠨᠵᠡᠭᠡᠶ ᠠᠬᠢᠭᠤᠯᠪᠠ᠃ | ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ | 7 ᠳ᠋ᠤᠭᠠᠷ ᠰᠠᠷ᠎ᠠ ᠶᠢᠨ ᠬᠤᠷᠢᠳ᠂ 8 ᠳ᠋ᠤᠭᠠᠷ ᠰᠠᠷ᠎ᠠ ᠶᠢᠨ ᠳᠤᠮᠳᠠᠴᠢ ᠪᠠᠷ ᠪᠥᠬᠦ ᠣᠷᠣᠨ ᠤ ︽ᠵᠣᠨ ᠤ ᠰᠥᠨᠢ ᠶᠢᠨ ᠠᠮᠤᠷ ᠢ ᠬᠠᠮᠠᠭᠠᠯᠠᠬᠤ ᠲᠣᠭᠤᠷᠢᠨ ᠪᠠᠶᠢᠴᠠᠭᠠᠬᠤ | ᠰᠡᠷᠭᠡᠶᠢᠯᠡᠨ ᠤᠬᠠᠭᠤᠯᠬᠤ ᠲᠥᠪᠯᠡᠷᠡᠩᠭᠦᠶ ᠨᠢᠭᠡᠳᠦᠯᠲᠡᠶ ᠠᠵᠢᠯᠯᠠᠭ᠎ᠠ︾ ᠶᠢ ᠵᠠᠯᠭᠠᠭ᠎ᠠ ᠪᠠᠷ ᠬᠤᠶᠠᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ︽ᠵᠠᠭᠤᠨ | ᠡᠳᠦᠷ ᠤᠨ ᠠᠵᠢᠯᠯᠠᠭ᠎ᠠ︾ ᠶᠢᠨ ᠢᠯᠡᠳᠲᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠦᠷ ᠬᠦᠴᠦᠨ ᠢ ᠪᠠᠳᠠᠷᠠᠭᠤᠯᠤᠨ᠂ ᠪᠥᠬᠦ | ᠣᠷᠣᠨ ᠤ ᠨᠡᠶᠢᠭᠡᠮ ᠤᠨ ᠠᠮᠤᠷ ᠲᠦᠪᠰᠢᠨ ᠤ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠪᠣᠳᠠᠲᠤ ᠦᠷ᠎ᠡ ᠪᠦᠲᠦᠮᠵᠢ ᠶᠢ ᠭᠠᠷᠭᠠᠵᠤ᠂ ᠪᠥᠬᠦ ᠣᠷᠣᠨ ᠤ | ᠡᠷᠡᠭᠦᠦ ᠶᠢᠨ ᠬᠡᠷᠡᠭ ᠤᠨ ᠪᠠᠶᠢᠳᠠᠯ ᠠᠳᠠᠯᠢ ᠬᠤᠭᠤᠴᠠᠭᠠᠨ ᠤ ᠬᠢ ᠠᠴᠠ 47.82% ᠢᠶᠠᠷ ᠪᠠᠭᠤᠷᠠᠵᠤ᠂ ᠠᠮᠤᠷ ᠢ ᠬᠠᠮᠠᠭᠠᠯᠠᠬᠤ ᠬᠡᠷᠡᠭ ᠤᠨ ᠪᠠᠶᠢᠳᠠᠯ ᠠᠳᠠᠯᠢ | ᠬᠤᠭᠤᠴᠠᠭᠠᠨ ᠤ ᠬᠢ ᠠᠴᠠ 19.3% ᠪᠠᠷ ᠪᠠᠭᠤᠷᠠᠪᠠ᠃ | ᠬᠤᠶᠠᠷ ᠤᠳᠠᠭᠠᠨ ᠤ ᠨᠢᠭᠡᠳᠦᠯᠲᠡᠶ ᠠᠵᠢᠯᠯᠠᠭ᠎ᠠ ᠳᠤᠮᠳᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠴᠣᠬᠢᠯᠲᠠ ᠥᠭᠬᠦ ᠰᠡᠷᠭᠡᠶᠢᠯᠡᠬᠦ | ᠬᠠᠮᠢᠶᠠᠷᠬᠤ ᠵᠠᠰᠠᠬᠤ︾ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠬᠦᠴᠦᠲᠡᠶ ᠠᠬᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ | ᠨᠡᠶᠢᠲᠡ 1.1 ᠲᠦᠮᠡ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ 8176 ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | 97.2 ᠲᠦᠮᠡᠨ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 14 ᠲᠦᠮᠡ ᠭᠠᠷᠤᠶ ᠤᠬᠠᠭᠤᠯᠭ᠎ᠠ ᠶᠢᠨ ᠸᠢᠳᠢᠣ᠋ ᠨᠡᠪᠲᠡᠷᠡᠭᠦᠯᠵᠦ᠂ 272 ᠲᠦᠮᠡ ᠭᠠᠷᠤᠶ | ᠬᠥᠮᠦᠨ ᠳᠤ ᠬᠥᠮᠦᠵᠢᠯ ᠬᠦᠷᠲᠡᠭᠡᠪᠡ᠃ | ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠤ ᠣᠲᠣ ᠶᠢᠨ ᠬᠡᠷᠡᠭ ᠦᠢᠯᠡᠳᠦᠭᠰᠡᠨ 21 ᠠᠮᠢᠨ ᠬᠡᠷᠡᠭ ᠢ ᠪᠦᠬᠦᠨ ᠢ ᠢᠯᠡᠷᠡᠭᠦᠯᠦᠭᠰᠡᠨ | ᠪᠥᠭᠡᠳ 14 ᠠᠮᠢᠨ ᠬᠡᠷᠡᠭ ᠤᠨ ᠳᠠᠷᠤᠭᠳᠠᠮᠠᠯ ᠬᠡᠷᠡᠭ ᠢ ᠳᠡᠩᠨᠡᠨ ᠢᠯᠡᠷᠡᠭᠦᠯᠪᠡ︔ ᠨᠢᠭᠡ ᠪᠦᠯᠦᠭ ᠪᠡᠯᠭᠡ ᠶᠢᠨ ᠬᠠᠯᠳᠠᠯᠭ᠎ᠠ᠂ ᠮᠡᠬᠡᠯᠡᠨ ᠬᠤᠳᠠᠯᠳᠤᠬᠤ ᠲᠥᠷᠥᠯ ᠤᠨ | ᠬᠡᠷᠡᠭ ᠢ ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ᠂ ᠢᠯᠠᠩᠭᠤᠶ᠎ᠠ ᠳᠣᠲᠣᠭᠠᠳᠤ ᠶᠢ ᠬᠠᠮᠠᠭᠠᠯᠠᠬᠤ ᠶᠠᠮᠤᠨ ᠤ ᠬᠢᠨᠠᠨ ᠬᠠᠷᠭᠤᠭᠤᠯᠵᠤ ᠮᠡᠬᠡᠯᠡᠨ ᠬᠤᠳᠠᠯᠳᠤᠭᠰᠠᠨ 5 | ᠬᠡᠷᠡᠭ ᠢ ᠲᠤᠷᠰᠢᠨ ᠪᠠᠶᠢᠴᠠᠭᠠᠵᠤ ᠳᠠᠭᠤᠰᠬᠠᠨ᠂ 19 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ 6 ᠡᠮᠡᠭᠲᠡᠶ ᠶᠢ ᠠᠪᠤᠷᠠᠪᠠ︔ 80 ᠭᠠᠷᠤᠶ ᠨᠠᠰᠤᠵᠢᠯ ᠤᠨ | ᠠᠰᠠᠷᠠᠮᠵᠢ ᠶᠢᠨ ᠮᠡᠬᠡᠯᠡᠯ ᠤᠨ ᠬᠡᠷᠡᠭ ᠢ ᠢᠯᠡᠷᠡᠭᠦᠯᠵᠦ᠂ 210 ᠭᠠᠷᠤᠶ ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠪᠤᠵᠠᠷ ᠵᠣᠭᠤᠰ ᠪᠤᠵᠠᠷ ᠡᠳ᠋ ᠢ 3 ᠳ᠋ᠦᠩᠰᠢᠭᠤᠷ | ᠰᠢᠬᠠᠮ ᠲᠥᠭᠦᠷᠢᠭ ᠤᠨ ᠬᠤᠬᠢᠷᠠᠯ ᠢ ᠡᠭᠡᠭᠦᠯᠦᠨ ᠠᠪᠴᠢᠷᠠᠵᠠᠶ︔ ᠠᠵᠤ ᠠᠬᠤᠢ ᠶᠢᠨ ᠶᠠᠯᠠᠲᠤ ᠬᠡᠷᠡᠭ ᠢ 298 ᠳᠡᠩᠨᠡᠨ ᠢᠯᠡᠷᠡᠭᠦᠯᠵᠦ᠂ 468 ᠶᠠᠯ᠎ᠠ ᠬᠢᠭᠰᠡᠨ | ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 4.26 ᠳ᠋ᠦᠩᠰᠢᠭᠤᠷ ᠲᠥᠭᠦᠷᠢᠭ ᠲᠤ ᠬᠦᠷᠴᠦ᠂ 2.32 ᠳ᠋ᠦᠩᠰᠢᠭᠤᠷ | ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ︔ ︽ᠣᠷᠴᠢᠨ ᠲᠣᠭᠤᠷᠢᠨ ᠢᠳᠡᠭᠡᠨ ᠤᠮᠳᠠᠭᠠᠨ ᠡᠮ ᠤᠨ ᠵᠦᠢᠯᠡᠰ︾ ᠤᠨ ᠬᠦᠷᠢᠶᠡᠨ ᠳᠠᠬᠢ | ᠡᠷᠡᠭᠦᠦ ᠶᠢᠨ ᠬᠡᠷᠡᠭ ᠢ 261 ᠢᠯᠡᠷᠡᠭᠦᠯᠵᠦ᠂ 391 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠡᠷᠡᠭ ᠲᠤ ᠬᠤᠯᠪᠣᠭᠳᠠᠭᠰᠠᠨ ᠥᠷᠲᠡᠭ ᠨᠢ 3536 ᠲᠦᠮᠡᠨ | ᠲᠥᠭᠦᠷᠢᠭ ᠲᠤ ᠬᠦᠷᠴᠡᠶ᠃ | ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠡᠶᠢᠭᠡᠮ ᠤᠨ ᠲᠠᠯ᠎ᠠ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ | ᠴᠠᠭᠳᠠᠭᠠᠨ ᠤ ᠬᠦᠴᠦᠨ ᠢ ᠨᠡᠶᠢᠲᠡ 34.9 ᠲᠦᠮᠡᠨ ᠬᠥᠮᠦᠨ ᠤᠳᠠᠭ᠎ᠠ ᠬᠥᠳᠡᠯᠭᠡᠵᠦ᠂ ᠨᠡᠶᠢᠭᠡᠮ ᠤᠨ ᠲᠠᠯ᠎ᠠ ᠶᠢᠨ ᠶᠡᠭᠡ ᠲᠣᠭᠤᠷᠢᠨ ᠪᠠᠶᠢᠴᠠᠭᠠᠬᠤ ᠠᠵᠢᠯᠯᠠᠭ᠎ᠠ ᠶᠢ | 6877 ᠤᠳᠠᠭ᠎ᠠ ᠥᠷᠨᠢᠭᠦᠯᠵᠦ᠂ ᠰᠥᠨᠢ ᠶᠢᠨ ᠪᠠᠶᠢᠴᠠᠭᠠᠯᠲᠠ ᠠᠴᠠ ᠡᠮᠦᠨ᠎ᠡ 7837 ᠤᠳᠠᠭ᠎ᠠ ᠪᠠᠶᠢᠴᠠᠭᠠᠵᠤ᠂ 217 ᠣᠷᠭᠤᠳᠠᠭᠤᠯ ᠬᠡᠷᠡᠭᠲᠡᠨ ᠢ ᠪᠠᠷᠢᠪᠴᠢᠯᠠᠵᠤ᠂ | ᠣᠯᠠᠨ ᠲᠦᠮᠡᠨ ᠳᠤ 16483 ᠤᠳᠠᠭ᠎ᠠ ᠦᠢᠯᠡᠴᠢᠯᠡᠨ ᠠᠪᠤᠷᠠᠨ ᠲᠤᠰᠠᠯᠠᠵᠤ᠂ ᠵᠡᠭᠡᠯᠢ ᠭᠤᠳᠤᠮᠵᠢ ᠶᠢᠨ ᠠᠮᠤᠷ ᠢ ᠬᠠᠮᠠᠭᠠᠯᠠᠬᠤ ᠡᠮᠬᠢ ᠳᠢᠭᠯᠢᠮ ᠢ ᠪᠦᠲᠦᠮᠵᠢᠲᠡᠶ | ᠬᠠᠮᠠᠭᠠᠯᠠᠪᠠ᠃ | ᠠᠵᠢᠯᠯᠠᠭ᠎ᠠ ᠶᠢᠨ ᠳᠤᠮᠳᠠ᠂ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠱᠠᠯᠢᠭ ᠵᠠᠪᠬᠠᠶ᠂ ᠵᠣᠭᠤᠰ ᠮᠥᠷᠦ᠋ᠢᠴᠡᠬᠦ᠂ | ᠬᠤᠤᠷᠲᠤ ᠡᠳ᠋ ᠫᠠᠨᠽᠠᠯᠠᠵᠤ ᠡᠳ᠋ᠯᠡᠬᠦ︾ ᠵᠡᠷᠭᠡ ᠲᠣᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠥᠬᠦ ᠲᠠᠯ᠎ᠠ ᠶᠢᠨ᠂ | ᠪᠦᠬᠦᠨ ᠢ ᠬᠠᠮᠤᠷᠤᠭᠰᠠᠨ ᠠᠵᠢᠯ ᠲᠥᠷᠥᠯ ᠤᠨ ᠲᠠᠯᠠᠪᠤᠷ ᠤᠨ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠵᠤᠭ᠎ᠠ ᠴᠡᠩᠭᠡᠯ ᠤᠨ | ᠭᠠᠵᠠᠷ ᠢ ᠨᠡᠶᠢᠲᠡ 2.9 ᠲᠦᠮᠡ᠂ ᠵᠣᠴᠢᠳ ᠤᠨ ᠪᠠᠭᠤᠳᠠᠯ ᠢ 5.5 ᠲᠦᠮᠡ᠂ ᠲᠦᠷᠢᠶᠡᠰᠦᠯᠡᠭᠰᠡᠨ ᠬᠡᠷ ᠢ 18.2 ᠲᠦᠮᠡ ᠪᠠᠶᠢᠴᠠᠭᠠᠪᠠ︔ 177 ᠠᠮᠤᠷ ᠲᠤᠭᠳᠠᠭᠤᠨ | ᠪᠣᠰᠤ ᠭᠠᠵᠠᠷ ᠢ ᠴᠡᠭᠴᠡᠯᠡᠨ ᠵᠠᠰᠠᠵᠤ᠂ ᠱᠠᠯᠢᠭ ᠵᠠᠪᠬᠠᠶ ᠵᠦᠢᠯ ᠲᠠᠢ ᠬᠤᠯᠪᠣᠭᠳᠠᠭᠰᠠᠨ ᠵᠠᠰᠠᠭ ᠵᠠᠬᠢᠷᠭᠠᠨ ᠤ ᠬᠡᠷᠡᠭ ᠢ 598 ᠪᠠᠶᠢᠴᠠᠭᠠᠨ ᠰᠢᠢᠳᠪᠦᠷᠢᠯᠡᠵᠦ᠂ 1364 | ᠬᠥᠮᠦᠨ ᠳᠤ ᠠᠮᠤᠷ ᠢ ᠬᠠᠮᠠᠭᠠᠯᠠᠬᠤ ᠰᠢᠳᠬᠡᠯ ᠥᠭᠴᠦ᠂ ᠵᠣᠭᠤᠰ ᠮᠦᠷᠦᠶᠢᠴᠡᠬᠦ ᠲᠠᠢ ᠬᠤᠯᠪᠣᠭᠳᠠᠭᠰᠠᠨ ᠵᠠᠰᠠᠭ ᠵᠠᠬᠢᠷᠭᠠᠨ ᠤ ᠬᠡᠷᠡᠭ ᠢ 1638 ᠪᠠᠶᠢᠴᠠᠭᠠᠨ | ᠰᠢᠢᠳᠪᠦᠷᠢᠯᠡᠵᠦ᠂ 8064 ᠬᠥᠮᠦᠨ ᠳᠤ ᠵᠠᠰᠠᠭ ᠵᠠᠬᠢᠷᠭᠠᠨ ᠤ ᠰᠢᠳᠬᠡᠯ ᠥᠭᠪᠡ᠃ | ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠡᠯ᠎ᠡ ᠲᠦᠷᠦᠯ ᠤᠨ ᠵᠥᠷᠢᠴᠡᠯ 11753 ᠶᠢ ᠴᠠᠭ | ᠲᠤᠬᠠᠢ ᠳᠤ ᠨᠢ ᠵᠢᠭᠰᠠᠭᠠᠨ ᠪᠠᠶᠢᠴᠠᠭᠠᠵᠤ᠂ ᠪᠦᠲᠦᠮᠵᠢᠲᠡᠢ ᠰᠢᠢᠳᠪᠦᠷᠢᠯᠡᠪᠡ︔ ︽ᠫᠤᠤ ᠰᠤᠮᠤ ᠶᠢ ᠬᠤᠷᠢᠶᠠᠮᠵᠢᠯᠠᠵᠤ ᠳᠡᠯᠪᠡᠷᠡᠬᠦ ᠡᠳ᠋ ᠢ ᠵᠠᠰᠠᠬᠤ︾ ᠲᠤᠰᠬᠠᠶ | ᠠᠵᠢᠯᠯᠠᠭ᠎ᠠ ᠶᠢ ᠬᠦᠴᠦᠲᠡᠶ ᠠᠬᠢᠭᠤᠯᠵᠤ᠂ ᠡᠯ᠎ᠡ ᠲᠥᠷᠥᠯ ᠤᠨ ᠫᠤᠤ ᠵᠡᠪᠰᠡᠭ ᠢ 140᠂ ᠰᠤᠮᠤ ᠶᠢ 5.9 ᠲᠦᠮᠡ᠂ ᠲᠡᠰᠦᠷᠡᠭᠦᠯᠦᠭᠴᠢ ᠶᠢ 1.7 ᠲᠦᠮᠡ᠂ ᠳᠠᠷᠢ ᠶᠢ | 7312 ᠺᠢᠯᠣᠭ᠍ᠷᠠᠮ᠂ ᠵᠠᠬᠢᠷᠤᠨ ᠬᠠᠮᠢᠶᠠᠷᠬᠤ ᠬᠢᠲᠤᠭ᠎ᠠ ᠪᠠᠭᠠᠵᠢ ᠶᠢ 2193 ᠶᠢ ᠬᠤᠷᠢᠶᠠᠨ ᠠᠪᠤᠪᠠ︔ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠰᠬᠠᠶ | ᠴᠡᠭᠴᠡᠯᠡᠨ ᠵᠠᠰᠠᠯᠲᠠ ᠶᠢ ᠭᠦᠨᠵᠡᠭᠡᠶ ᠠᠬᠢᠭᠤᠯᠵᠤ᠂ ᠠᠷᠢᠬᠢ ᠤᠤᠭᠤᠵᠤ ᠲᠡᠷᠭᠡ ᠵᠢᠯᠣᠭᠤᠳᠤᠭᠰᠠᠨ ᠪᠠ ᠰᠣᠭᠲᠣᠭᠤ ᠪᠠᠷ ᠲᠡᠷᠭᠡ ᠵᠢᠯᠣᠭᠤᠳᠤᠭᠰᠠᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ 5148 ᠤᠳᠠᠭ᠎ᠠ ᠪᠠᠶᠢᠴᠠᠭᠠᠨ ᠰᠢᠢᠳᠪᠦᠷᠢᠯᠡᠵᠦ᠂ ︽ᠵᠡᠭᠡᠯᠢ ᠶᠢ ᠦᠢᠮᠡᠭᠦᠯᠦᠭᠰᠡᠨ︾ ᠠᠷᠠᠳ ᠢ ᠦᠢᠮᠡᠭᠦᠯᠦᠭᠰᠡᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 121 ᠤᠳᠠᠭ᠎ᠠ ᠪᠠᠶᠢᠴᠠᠭᠠᠨ ᠰᠢᠢᠳᠪᠦᠷᠢᠯᠡᠵᠦ᠂ ᠪᠥᠬᠦ ᠣᠷᠣᠨ ᠤ ᠡᠩ ᠤᠨ ᠵᠠᠮ ᠬᠠᠷᠢᠯᠴᠠᠭᠠᠨ ᠤ ᠠᠳᠡᠯ | ᠠᠳᠠᠯᠢ ᠬᠤᠭᠤᠴᠠᠭᠠᠨ ᠤ ᠬᠢ ᠠᠴᠠ 19.52% ᠢᠶᠠᠷ ᠪᠠᠭᠤᠷᠠᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠲᠤᠬᠠᠶ ᠶᠢᠨ | ᠲᠠᠯᠠᠪᠠᠶ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠤᠮᠠᠷᠠᠲᠤ ᠶᠢᠨ ᠰᠢᠨ᠎ᠡ ᠰᠣᠨᠢᠨ ᠤ ᠰᠤᠷᠪᠤᠯᠵᠢᠯᠠᠭᠴᠢ᠄ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢᠨ᠎ᠡ ᠠᠶᠤᠯ ᠲᠦᠭᠰᠢᠭᠦᠷᠢ | ᠥᠷᠢᠰᠥᠯᠳᠦᠭᠡᠨ ᠢ ᠬᠡᠷᠬᠢᠨ ᠠᠷᠭᠠᠴᠠᠭᠠᠬᠤ ᠪᠣᠶ︖ ᠥᠷᠭᠡᠨ ᠤᠯᠠᠨ ᠲᠦᠮᠡᠨ ᠤ ᠰᠢᠨ᠎ᠡ ᠬᠡᠷᠡᠭᠴᠡᠭᠡ ᠶᠢ ᠬᠡᠷᠬᠢᠨ ᠬᠠᠩᠭᠠᠬᠤ ᠪᠤᠢ︖ ᠴᠢᠨᠠᠷ ᠰᠠᠶᠢᠲᠠᠶ | ᠬᠥᠭᠵᠢᠯᠲᠡ ᠶᠢ ᠬᠡᠷᠬᠢᠨ ᠪᠡᠶᠡᠯᠡᠭᠦᠯᠬᠦ ᠪᠣᠶ︖ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠶᠢᠨ ᠯᠦᠩ᠄ ᠰᠢᠨ᠎ᠡ ᠴᠠᠭ ᠦᠶ᠎ᠡ ᠶᠢᠨ ᠰᠢᠨ᠎ᠡ ᠪᠠᠶᠢᠳᠠᠯ᠂ ᠰᠢᠨ᠎ᠡ | ᠡᠭᠦᠷᠭᠡ᠂ ᠰᠢᠨ᠎ᠡ ᠥᠷᠢᠰᠥᠯᠳᠦᠭᠡᠨ ᠤ ᠡᠮᠦᠨ᠎ᠡ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠡᠷᠦᠩᠬᠡᠶ ᠱᠦᠵᠢ ᠰᠢ ᠶᠢᠨ ᠫᠢᠩ ᠤᠨ | ︽ᠨᠠᠮ ᠳᠤ ᠪᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠰᠠᠬᠢᠯᠭ᠎ᠠ ᠪᠠᠲᠤ ᠶᠢ ᠴᠢᠩᠭ᠎ᠠ ᠪᠠᠶᠢᠬᠤ︾ | ᠶᠡᠷᠦᠩᠬᠡᠶ ᠱᠠᠭᠠᠷᠳᠠᠯᠭ᠎ᠠ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠤᠯᠤᠰ ᠲᠥᠷᠥ ᠶᠢᠨ ᠤᠬᠠᠮᠰᠠᠷ ᠪᠣᠯᠤᠨ ᠠᠮᠤᠷ ᠲᠦᠪᠰᠢᠨ ᠪᠠᠶᠢᠬᠤ | ᠦᠶ᠎ᠡ ᠳᠤ ᠪᠠᠨ ᠠᠶᠤᠯ ᠲᠦᠭᠰᠢᠭᠦᠷᠢ ᠶᠢ ᠮᠠᠷᠲᠠᠬᠤ ᠥᠬᠡᠶ ᠰᠠᠨᠠᠭᠠᠰᠢᠷᠠᠬᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠴᠠᠭ ᠢᠮᠠᠭᠲᠠ ᠣᠯᠠᠨ ᠲᠦᠮᠡᠨ ᠢ | ︽ᠰᠠᠨᠠᠭ᠎ᠠ ᠠᠮᠤᠷ ᠪᠠᠶᠢᠯᠭᠠᠬᠤ︾ ᠪᠠᠷ ᠰᠣᠯᠢᠵᠤ᠂ ᠵᠢᠮ᠎ᠡ ᠶᠣᠰᠣ ᠶᠢ ᠰᠦᠪᠡᠭᠴᠢᠯᠡᠬᠦ᠂ ᠤᠷᠢᠳᠠᠪᠠᠷ ᠰᠢᠲᠠᠷ᠎ᠠ ᠲᠠᠯᠪᠢᠬᠤ᠂ ᠰᠠᠨᠠᠭᠠᠴᠢᠯᠠᠭᠠᠲᠤ ᠲᠡᠶᠢᠨ ᠬᠢᠬᠦ ᠶᠢ | ᠪᠠᠷᠢᠮᠲᠠᠯᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠡᠭᠦᠰᠬᠦ ᠠᠴᠠ ᠨᠢ ᠡᠮᠦᠨ᠎ᠡ ᠰᠡᠷᠭᠡᠶᠢᠯᠡᠬᠦ᠂ ᠡᠭᠦᠰᠬᠦ ᠠᠴᠠ ᠨᠢ ᠡᠮᠦᠨ᠎ᠡ ᠰᠡᠷᠭᠡᠶᠢᠯᠡᠬᠦ ᠪᠠᠷ ᠴᠢᠷᠮᠠᠶᠢᠪᠠ︔ | ︽ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ︾ ᠶᠢ ᠪᠠᠷᠢᠮᠲᠠᠯᠠᠵᠤ᠂ ᠣᠯᠠᠨ ᠲᠦᠮᠡᠨ ᠤ ᠠᠰᠢᠭ ᠲᠤᠰᠠ ᠪᠠᠷ ᠭᠤᠤᠯ ᠪᠣᠯᠭᠠᠵᠤ᠂ | ᠣᠯᠠᠨ ᠲᠦᠮᠡᠨ ᠳᠤ ᠲᠠᠭᠠᠰᠢᠶᠠᠭᠳᠠᠬᠤ ᠪᠠᠷ ᠦᠨᠳᠦᠰᠦ ᠪᠣᠯᠭᠠᠵᠤ᠂ ᠰᠢᠨ᠎ᠡ ᠴᠠᠭ ᠦᠶ᠎ᠡ ᠶᠢᠨ ᠣᠯᠠᠨ ᠲᠦᠮᠡᠨᠴᠢ ᠱᠤᠭᠤᠮ ᠢᠶᠠᠷ ᠯᠠᠪᠳᠠᠭᠤᠨ ᠪᠠᠲᠤᠲᠠᠶ ᠰᠠᠶᠢᠲᠤᠷ | ᠵᠠᠮᠨᠠᠵᠤ᠂ ︽ᠲᠥᠪ ᠭᠤᠤᠯᠴᠢ ᠰᠢᠳᠤᠷᠭᠤ ᠶᠣᠰᠣ︾ ᠶᠢ ᠢᠮᠠᠭᠲᠠ ᠳᠣᠲᠣᠭᠠᠳᠤ ᠶᠢ ᠬᠠᠮᠠᠭᠠᠯᠠᠬᠤ ᠠᠵᠢᠯ ᠤᠨ ᠠᠮᠢᠨ ᠰᠤᠳᠠᠰᠤ ᠪᠠ ᠥᠨᠳᠥᠷ ᠳᠠᠷᠤᠯᠲᠠ ᠶᠢᠨ | ᠱᠤᠭᠤᠮ ᠪᠣᠯᠭᠠᠵᠤ᠂ ᠴᠣᠬᠢᠯᠲᠠ ᠥᠭᠴᠦ ᠵᠠᠰᠠᠬᠤ ᠬᠤᠷᠴᠠ ᠦᠵᠦᠭᠦᠷ ᠢ ᠢᠮᠠᠭᠲᠠ ᠠᠷᠠᠳ ᠣᠯᠠᠨ ᠤ ᠬᠠᠮᠤᠭ ᠠᠴᠠ ᠵᠢᠭᠰᠢᠨ ᠬᠤᠷᠣᠰᠴᠤ ᠪᠠᠶᠢᠭ᠎ᠠ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠨᠳᠤᠭᠤᠯᠵᠤ᠂ ︽ᠠᠷᠠᠳ ᠲᠤ ᠠᠰᠢᠭ ᠬᠦᠷᠲᠡᠭᠡᠬᠦ︾ ᠶᠢ ᠢᠮᠠᠭᠲᠠ ᠳᠣᠲᠣᠭᠠᠳᠤ ᠶᠢ ᠬᠠᠮᠠᠭᠠᠯᠠᠬᠤ ᠥᠭᠡᠷᠡᠴᠢᠯᠡᠯᠲᠡ ᠶᠢᠨ | ᠵᠣᠷᠢᠯᠲᠠ᠂ ᠲᠤᠰᠤᠯᠲᠠ ᠪᠣᠯᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠶᠢᠪᠠᠯ ᠳᠣᠲᠣᠭᠠᠳᠤ ᠶᠢ ᠬᠠᠮᠠᠭᠠᠯᠠᠬᠤ ᠨᠢ ᠯᠠᠪᠲᠠᠶ ᠬᠠᠷᠢᠭᠤ ᠲᠤᠰᠬᠠᠯ ᠲᠠᠢ ᠪᠠᠶᠢᠬᠤ ᠶᠢ | ᠦᠨᠡᠨ ᠬᠦ ᠪᠠᠳᠤᠯᠠᠪᠠ︔ ︽ᠠᠵᠢᠯ ᠢᠶᠠᠨ ᠰᠠᠶᠢᠨ ᠬᠢᠬᠦ ᠶᠢ ᠪᠠᠷᠢᠮᠲᠠᠯᠠᠬᠤ᠂ ᠡᠩᠨᠡᠭᠡᠨ ᠤ ᠲᠥᠪ ᠰᠤᠷᠲᠠᠯ ᠪᠠ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ︾ | ᠶᠢ ᠪᠠᠷᠢᠮᠲᠠᠯᠠᠵᠤ᠂ ᠥᠪᠥᠷ ᠮᠣᠩᠭᠤᠯ ᠤᠨ ︽ᠵᠢᠷᠭᠤᠭᠠᠨ ᠵᠦᠢᠯ ᠤᠨ ᠳᠦᠷᠢ ᠲᠥᠷᠬᠦ︾ ᠶᠢ ᠪᠣᠶ ᠪᠣᠯᠭᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠰᠦᠨ ᠱᠤᠤ ᠴᠧᠩ ᠤᠨ ᠵᠢᠭᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠬᠤ ᠪᠠ ᠦᠬᠡᠨᠴᠡ ᠵᠠᠰᠠᠭ ᠵᠠᠯᠬᠠᠭᠤ ᠵᠠᠰᠠᠭ ᠤᠨ ᠦᠵᠡᠭᠳᠡᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ | ︽ᠲᠠᠪᠤᠨ ᠲᠡᠷᠢᠭᠦᠨ ᠳᠡᠰ︾ ᠤᠨ ᠬᠥᠭᠵᠢᠯᠲᠡ ᠶᠢᠨ ᠬᠠᠷᠠᠯᠲᠠ ᠶᠢ ᠲᠤᠭᠳᠠᠭᠠᠨ᠂ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ | ᠴᠢᠩᠭ᠎ᠠ ᠠᠳᠬᠤᠵᠤ᠂ ᠡᠩᠨᠡᠭᠡᠨ ᠤ ᠳᠣᠲᠣᠭᠠᠳᠤ ᠶᠢᠨ ᠬᠥᠳᠡᠯᠭᠡᠬᠦ ᠬᠦᠴᠦᠨ᠂ ᠡᠩᠨᠡᠭᠡᠨ ᠤ ᠠᠮᠢᠵᠢᠷᠠᠯ ᠤᠨ ᠬᠦᠴᠦᠨ ᠢ ᠪᠠᠳᠠᠷᠠᠭᠤᠯᠬᠤ᠂ ᠡᠩᠨᠡᠭᠡᠨ ᠤ ᠳᠠᠶᠢᠴᠢᠨ | ᠬᠦᠴᠦᠨ ᠢ ᠳᠡᠭᠡᠭᠰᠢᠯᠡᠭᠦᠯᠬᠦ ᠶᠢ ᠳᠠᠰᠤᠷᠠᠯᠲᠠ ᠦᠭᠡᠢ ᠰᠦᠪᠡᠭᠴᠢᠯᠡᠵᠦ᠂ ︽ᠬᠤᠶᠠᠷ ᠬᠠᠯᠬᠠᠪᠴᠢ︾ ᠶᠢᠨ ᠤᠯᠤᠰ ᠲᠥᠷᠥ ᠶᠢᠨ ᠡᠭᠦᠷᠭᠡᠯᠡᠯ᠂ ᠬᠠᠷᠢᠭᠤᠴᠠᠯᠭ᠎ᠠ | ᠡᠭᠦᠷᠭᠡᠯᠡᠬᠦ᠂ ᠡᠭᠦᠷᠭᠡ ᠬᠠᠷᠢᠭᠤᠴᠠᠯᠭ᠎ᠠ ᠶᠢᠨ ᠦᠨᠡᠨᠴᠢ ᠰᠢᠳᠤᠷᠭᠤ ᠬᠠᠮᠠᠭᠠᠯᠠᠭᠴᠢ ᠪᠣᠯᠵᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠬᠠᠭᠤᠳᠠᠰᠤ ᠶᠢ ᠯᠠᠪᠳᠠᠭᠤᠨ ᠪᠠᠲᠤᠲᠠᠶ ᠪᠢᠴᠢᠭᠯᠡᠶ᠎ᠡ᠃ | ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠦᠨᠡᠨᠴᠢ ᠰᠢᠳᠤᠷᠭᠤ ᠪᠠᠷ ᠠᠮᠤᠷ ᠲᠤᠭᠳᠠᠭᠤᠨ ᠢ ᠬᠠᠮᠠᠭᠠᠯᠠᠬᠤ︾ ᠭᠤᠤᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠶᠢ ᠬᠡᠷᠬᠢᠨ ᠦᠷᠭᠦᠯᠵᠢᠯᠡᠨ ᠭᠦᠨᠵᠡᠭᠡᠶ ᠥᠷᠨᠢᠭᠦᠯᠬᠦ ᠪᠣᠶ︖ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠶᠡᠷᠦᠩᠬᠡᠶᠢᠯᠡᠭᠰᠡᠨ ᠭᠠᠵᠠᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠬᠠᠶ ᠱᠧᠩ᠄ | ᠲᠠᠷᠠᠭᠠᠴᠢ ᠶᠢᠨ ᠠᠯᠬᠤᠮ ᠳᠤ ᠪᠢᠳᠡ ᠭᠤᠷᠪᠠᠨ ︽ᠨᠢᠭᠡ ᠠᠯᠬᠤᠮ︾ ᠢ ᠦᠷᠭᠦᠯᠵᠢᠯᠡᠨ ᠰᠠᠶᠢᠲᠤᠷ ᠬᠢᠨ᠎ᠠ᠄ ᠲᠤᠬᠠᠶᠢᠯᠠᠪᠠᠯ ᠭᠤᠤᠯ ᠬᠠᠷᠢᠭᠤᠴᠠᠯᠭ᠎ᠠ ᠭᠤᠤᠯ ᠠᠵᠢᠯ ᠢ | ᠤᠯᠠᠮ ᠨᠢᠭᠡ ᠠᠯᠬᠤᠮ ᠰᠠᠶᠢᠲᠤᠷ ᠠᠳᠬᠤᠵᠤ᠂ ᠪᠣᠳᠠᠲᠤ ᠠᠮᠵᠢᠯᠲᠠ ᠪᠦᠲᠦᠮᠵᠢ ᠶᠢ ᠡᠷᠬᠢᠮᠯᠡᠨ᠎ᠡ᠃ ᠪᠢᠳᠡ ︽ᠨᠠᠷᠢᠯᠢᠭ᠂ ᠰᠠᠶᠢᠨ᠂ ᠣᠬᠢ︾ ᠠᠵᠢᠯ ᠤᠨ ᠰᠤᠷᠲᠠᠯ ᠢ | ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠦᠨ᠂ | ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠪᠠ ᠲᠣᠭᠲᠠᠭᠤᠨ ᠪᠤᠰᠤ ᠬᠦᠴᠦᠨ ᠵᠦᠢᠯ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠪᠥᠬᠦ | ᠴᠠᠭᠳᠠᠭ᠎ᠠ ᠶᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠨᠠᠩ ᠴᠢᠩᠭ᠎ᠠ ᠤᠯᠤᠰ ᠲᠥᠷᠥ ᠶᠢᠨ ᠡᠭᠦᠷᠭᠡᠯᠡᠯ᠂ ᠡᠭᠦᠷᠭᠡ ᠬᠠᠷᠢᠭᠤᠴᠠᠯᠭ᠎ᠠ᠂ ᠬᠠᠷᠢᠭᠤᠴᠠᠯᠭ᠎ᠠ | ᠡᠭᠦᠷᠭᠡᠯᠡᠯ ᠢᠶᠠᠷ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠪᠣᠳᠠᠲᠠᠶ ᠨᠠᠷᠢᠯᠢᠭ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ | ᠲᠠᠯᠪᠢᠨ᠎ᠠ᠃ ᠠᠷᠭ᠎ᠠ ᠪᠠᠷᠢᠯ ᠬᠡᠯᠪᠡᠷᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠪᠢᠳᠡ ᠭᠤᠤᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠶᠢᠨ ᠤᠬᠠᠭᠤᠯᠭ᠎ᠠ ᠶᠢᠨ ᠠᠭᠤᠯᠭ᠎ᠠ ᠪᠣᠯᠤᠨ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠬᠠᠭᠤᠯᠭ᠎ᠠ ᠶᠢᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠰᠢᠨ᠎ᠡ ᠵᠠᠭᠤᠴᠢᠯᠠᠭᠤᠷ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠰᠣᠨᠢᠨ᠂ ᠰᠦᠯᠵᠢᠶ᠎ᠡ᠂ ᠸᠢᠴᠠᠲ᠂ ᠰᠡᠳᠬᠦᠯ᠂ | ᠰᠣᠨᠢᠨ ᠮᠡᠳᠡᠭᠡ ᠨᠡᠶᠢᠲᠡᠯᠡᠬᠦ ᠬᠤᠷᠠᠯ ᠵᠡᠷᠭᠡ ᠪᠠᠷ ᠮᠡᠳᠡᠭᠳᠡᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠢ ᠬᠠᠮᠠᠭᠠᠯᠠᠬᠤ ᠪᠤᠳᠠᠳᠤ ᠦᠢᠯᠡᠳᠦᠯᠭᠡ ᠪᠣᠯᠤᠨ ᠡᠯᠪᠡᠭ ᠦᠷ᠎ᠡ ᠪᠦᠳᠦᠮᠵᠢ ᠶᠢ ᠭᠦᠢᠴᠡᠳ ᠢᠯᠡᠷᠡᠭᠦᠯᠦᠨ᠎ᠡ᠃ ᠳᠣᠲᠣᠭᠠᠳᠤ ᠭᠠᠳᠠᠭᠠᠳᠤ ᠶᠢᠨ | ᠤᠬᠠᠭᠤᠯᠭ᠎ᠠ ᠶᠢᠨ ᠡᠬᠢ ᠪᠠᠶᠠᠯᠢᠭ ᠢ ᠭᠦᠢᠴᠡᠳ ᠰᠠᠶᠢᠲᠤᠷ ᠠᠰᠢᠭᠯᠠᠵᠤ ᠠᠮᠢᠳᠤᠯᠢᠭ ᠬᠡᠷᠡᠭᠯᠡᠬᠦ ᠲᠠᠯ᠎ᠠ ᠪᠠᠷ ᠲᠠᠰ ᠳᠡᠪᠰᠢᠭᠦᠯᠬᠦ᠂ ᠵᠠᠭᠤᠴᠢᠯᠠᠭᠤᠷ ᠤᠨ | ᠰᠤᠷᠪᠤᠯᠵᠢᠯᠠᠭᠴᠢ ᠶᠢ ᠵᠣᠬᠢᠶᠠᠨ ᠪᠠᠶᠢᠭᠤᠯᠵᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠴᠠᠭᠳᠠᠭ᠎ᠠ ᠶᠢ ᠲᠠᠭᠠᠨ ᠪᠠᠶᠢᠯᠳᠤᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠠᠵᠢᠯ ᠤᠨ ᠳᠤᠮᠳᠠ ᠴᠣᠯᠭᠤᠷᠠᠨ ᠭᠠᠷᠤᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠠ ᠬᠥᠮᠦᠰ ᠤᠨ ᠰᠡᠳᠬᠢᠯ ᠢ | ᠬᠥᠳᠡᠯᠭᠡᠮ᠎ᠡ ᠦᠢᠯᠡ ᠠᠵᠢᠯᠯᠠᠭ᠎ᠠ ᠶᠢ ᠭᠦᠨᠵᠡᠭᠡᠶ ᠤᠬᠠᠭᠤᠯᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠥᠷᠭᠡᠨ ᠣᠯᠠᠨ ᠠᠷᠠᠳ ᠤᠨ | ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠪᠥᠬᠦ ᠬᠦᠴᠦᠨ ᠢᠶᠠᠷ ᠢᠶᠠᠨ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠵᠢᠯ ᠳᠤ ᠣᠷᠣᠯᠴᠠᠭᠰᠠᠨ ᠰᠠᠶᠢᠨ | ᠰᠠᠶᠢᠬᠠᠨ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠤᠷ ᠢ ᠬᠠᠮᠠᠭᠠᠯᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ | ᠪᠣᠶ ᠪᠣᠯᠭᠠᠨ᠎ᠠ᠃ ᠰᠢᠯᠭᠠᠨ ᠬᠢᠨᠠᠵᠤ ᠬᠢᠨᠠᠨ ᠵᠢᠯᠣᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠩᠨᠡᠭᠡ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠪᠢᠳᠡ ᠪᠠᠰᠠ | ᠣᠯᠠᠨ ᠵᠦᠢᠯ ᠤᠨ ᠠᠷᠭ᠎ᠠ ᠶᠢ ᠭᠦᠢᠴᠡᠳ ᠬᠡᠷᠡᠭᠯᠡᠵᠦ᠂ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠬᠤ᠂ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠠᠬᠢᠴᠠ ᠶᠢᠨ ᠦᠷ᠎ᠡ ᠪᠦᠲᠦᠮᠵᠢ ᠵᠡᠷᠭᠡ ᠲᠠᠯ᠎ᠠ ᠶᠢᠨ ᠪᠠᠶᠢᠳᠠᠯ ᠢ ᠪᠦᠲᠦᠮᠵᠢᠲᠡᠶ ᠠᠬᠢᠭᠤᠯᠬᠤ ᠶᠢ ᠴᠢᠩᠭᠠᠳᠬᠠᠨ᠎ᠠ᠃ ᠡᠩᠨᠡᠭᠡᠨ ᠤ | ᠠᠷᠢᠭᠤᠨ ᠴᠢᠬᠡᠴᠢ ᠶᠢᠨ ᠬᠥᠮᠦᠵᠢᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠦᠵᠡᠯ ᠰᠠᠨᠠᠭ᠎ᠠ ᠤᠯᠤᠰ ᠲᠦᠷᠦ ᠪᠠ ᠬᠠᠤᠯᠢ | ᠬᠡᠷᠡᠭᠵᠢᠭᠦᠯᠬᠦ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠡᠩ ᠤᠨ ᠦᠶ᠎ᠡ ᠳᠤ ᠴᠢᠩᠭ᠎ᠠ ᠪᠠᠶᠢᠬᠤ᠂ ᠡᠳᠦᠷ ᠲᠤᠳᠤᠮ ᠤᠨ ᠠᠵᠢᠯ ᠳᠤ ᠬᠠᠮᠢᠶᠠᠷᠬᠤ ᠶᠢ | ᠪᠠᠷᠢᠮᠲᠠᠯᠠᠨ᠎ᠠ᠃ ᠡᠭᠦᠨ ᠤ ᠬᠠᠮᠲᠤ ᠪᠥᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠶᠢᠪᠤᠰᠢᠷᠠᠬᠤ ᠦᠵᠡᠯ ᠰᠠᠨᠠᠭ᠎ᠠ᠂ ᠬᠠᠯᠠᠰᠢᠷᠠᠬᠤ | ᠰᠡᠳᠬᠢᠯᠭᠡ᠂ ᠭᠤᠷᠢᠳᠠᠬᠤ ᠪᠣᠳᠣᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠡᠯ᠎ᠡ ᠵᠦᠢᠯ ᠤᠨ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ | ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠴᠢᠩᠭ᠎ᠠ ᠡᠩᠨᠡᠭᠡ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃ | |