ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠤᠭᠠᠳᠤ ᠶᠢ ᠬᠠᠮᠠᠭᠠᠯᠠᠬᠤ ᠶᠠᠮᠤᠨ ᠤ ᠰᠦᠯᠵᠢᠶᠡᠨ ᠤ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠶᠠᠯᠠᠯᠠᠨ ᠰᠢᠢᠳᠬᠡᠬᠦ ᠲᠤᠬᠠᠢ ᠵᠢᠯᠣᠭᠤᠳᠬᠤ ᠰᠠᠨᠠᠯ
ᠨᠡᠶᠢᠲᠡᠯᠡᠭᠰᠡᠨ ᠴᠠᠭ᠄
2023/10/16
      ᠰᠦᠯᠵᠢᠶᠡᠨ ᠤ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠶᠠᠯᠠᠯᠠᠨ ᠰᠢᠢᠳᠬᠡᠬᠦ ᠶᠢᠨ ᠲᠥᠯᠥᠭᠡ᠂ ᠠᠷᠠᠳ ᠢᠷᠭᠡᠳ ᠤᠨ ᠬᠦᠮᠦᠨ ᠴᠢᠨᠠᠷ ᠤᠨ ᠡᠷᠬᠡ ᠠᠰᠢᠭ ᠪᠠ ᠰᠦᠯᠵᠢᠶᠡᠨ ᠤ ᠡᠮᠬᠢ ᠵᠢᠷᠤᠮ ᠢ ᠪᠦᠲᠦᠮᠵᠢᠲᠡᠶ ᠬᠠᠮᠠᠭᠠᠯᠠᠬᠤ ᠶᠢᠨ ᠲᠥᠯᠦᠭᠡ᠂ ᠡᠷᠡᠭᠦᠦ ᠶᠢᠨ ᠬᠠᠤᠯᠢ᠂ ᠡᠷᠡᠭᠦᠦ ᠶᠢᠨ ᠵᠠᠷᠭᠤ ᠶᠢᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ᠢᠷᠭᠡᠨ ᠤ ᠵᠠᠷᠭᠤ ᠶᠢᠨ ᠬᠠᠤᠯᠢ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠤᠯᠢ ᠵᠢᠴᠢ ︽ᠮᠡᠳᠡᠭᠡ ᠵᠠᠩᠭᠢ ᠲᠣᠣᠷ ᠰᠦᠯᠵᠢᠶ᠎ᠡ ᠶᠢ ᠠᠰᠢᠭᠯᠠᠨ ᠭᠦᠳᠭᠡᠨ ᠭᠦᠵᠢᠷᠯᠡᠬᠦ ᠵᠡᠷᠭᠡ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠲᠠᠶᠢᠯᠪᠤᠷᠢᠯᠠᠯᠲᠠ︾ ᠵᠡᠷᠭᠡ ᠬᠠᠤᠯᠢ ᠴᠠᠭᠠᠵᠠ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠣᠭᠲᠠᠭᠠᠯ ᠢ ᠦᠨᠳᠦᠰᠦᠯᠡᠨ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠦᠢᠯᠡᠳᠦᠯᠭᠡ ᠲᠠᠢ ᠤᠶᠠᠯᠳᠤᠭᠤᠯᠵᠤ᠂ ᠲᠣᠰ ᠰᠠᠨᠠᠯ ᠢ ᠲᠣᠭᠲᠠᠭᠠᠪᠠ᠃     ᠨᠢᠭᠡ᠂ ᠰᠦᠯᠵᠢᠶᠡᠨ ᠤ ᠬᠦᠴᠦᠷᠬᠡᠭᠯᠡᠯ ᠤᠨ ᠨᠡᠶᠢᠭᠡᠮ ᠤᠨ ᠬᠤᠤᠷ ᠬᠥᠨᠥᠭᠡᠯ ᠢ ᠭᠦᠢᠴᠡᠳ ᠲᠠᠨᠢᠵᠤ᠂ ᠠᠷᠠᠳ ᠢᠷᠭᠡᠳ ᠤᠨ ᠡᠷᠬᠡ ᠠᠰᠢᠭ ᠪᠣᠯᠤᠨ ᠰᠦᠯᠵᠢᠶᠡᠨ ᠤ ᠡᠮᠬᠢ ᠳᠢᠭᠯᠢᠮ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠳᠡᠢ᠃     1. ᠮᠡᠳᠡᠭᠡ ᠵᠠᠩᠭᠢ ᠶᠢᠨ ᠰᠦᠯᠵᠢᠶ᠎ᠡ ᠳᠡᠭᠡᠷ᠎ᠡ ᠬᠤᠪᠢ ᠬᠥᠮᠦᠨ ᠢ ᠬᠠᠷᠢᠶᠠᠨ ᠳᠣᠷᠣᠮᠵᠢᠯᠠᠬᠤ᠂ ᠴᠤᠤᠷᠬᠠᠯ ᠲᠠᠯᠪᠢᠬᠤ᠂ ᠬᠤᠪᠢ ᠶᠢᠨ ᠨᠢᠭᠤᠴᠠ ᠳᠤ ᠬᠠᠯᠳᠠᠬᠤ ᠵᠡᠷᠭᠡ ᠮᠡᠳᠡᠭᠡ ᠵᠠᠩᠭᠢ ᠶᠢ ᠳᠤᠷ᠎ᠠ ᠪᠠᠷ ᠢᠶᠠᠨ ᠨᠡᠢᠲᠡᠯᠡᠬᠦ ᠰᠦᠯᠵᠢᠶᠡᠨ ᠤ ᠬᠦᠴᠦᠷᠬᠡᠭᠯᠡᠯ ᠤᠨ ᠦᠢᠯᠡ ᠠᠵᠢᠯᠯᠠᠭ᠎ᠠ ᠳᠤ ᠴᠢᠭᠯᠡᠭᠦᠯᠦᠨ᠂ ᠪᠤᠰᠤᠳ ᠤᠨ ᠨᠡᠷ᠎ᠡ ᠬᠦᠨᠲᠦ ᠶᠢ ᠮᠠᠭᠤᠰᠢᠶᠠᠨ ᠬᠦᠨᠦᠭᠡᠬᠦ᠂ ᠪᠤᠰᠤᠳ ᠤᠨ ᠨᠡᠷ᠎ᠡ ᠲᠥᠷᠥ ᠶᠢ ᠭᠤᠲᠤᠭᠠᠬᠤ᠂ ᠵᠠᠷᠢᠮ ᠨᠢ ᠪᠤᠰᠤᠳ ᠬᠥᠮᠥᠨ ᠢ ︽ᠨᠡᠶᠢᠭᠡᠮᠴᠢ ᠴᠢᠨᠠᠷᠲᠠᠢ ᠦᠬᠦᠬᠦ︾ ᠴᠢᠨᠠᠭᠰᠢᠯᠠᠭᠠᠳ ᠤᠶᠤᠨ ᠰᠠᠨᠠᠭᠠᠨ ᠤ ᠬᠡᠪ ᠤᠨ ᠪᠠᠶᠢᠳᠠᠯ ᠢᠶᠠᠨ ᠠᠯᠳᠠᠭᠰᠠᠨ᠂ ᠪᠡᠶ᠎ᠡ ᠪᠠᠨ ᠬᠤᠣᠷᠯᠠᠭᠰᠠᠨ ᠵᠡᠷᠭᠡ ᠬᠦᠨᠳᠦ ᠨᠣᠴᠢᠲᠠᠢ ᠦᠷ᠎ᠡ ᠳ᠋ᠦᠩ ᠢ ᠪᠣᠢ ᠪᠤᠯᠭᠠᠳᠠᠭ︔ ᠰᠦᠯᠵᠢᠶᠡᠨ ᠤ ᠡᠮᠬᠢ ᠳᠢᠭᠯᠢᠮ ᠢ ᠰᠠᠮᠠᠭᠤᠷᠠᠭᠤᠯᠵᠤ᠂ ᠰᠦᠯᠵᠢᠶᠡᠨ ᠤ ᠠᠮᠢ ᠠᠬᠤᠢ ᠶᠢ ᠡᠪᠳᠡᠨ᠂ ᠰᠦᠯᠵᠢᠶᠡᠨ ᠳᠡᠭᠡᠷ᠎ᠡ ᠬᠡᠷᠴᠡᠭᠡᠶᠢᠯᠡᠨ ᠠᠭᠠᠰᠢᠯᠠᠵᠤ᠂ ᠨᠡᠶᠢᠭᠡᠮ ᠨᠡᠶᠢᠳᠡ ᠶᠢᠨ ᠠᠮᠤᠷ ᠲᠥᠪᠰᠢᠨ ᠤ ᠪᠠᠶᠢᠳᠠᠯ ᠢ ᠬᠦᠨᠳᠦ ᠨᠣᠴᠢᠲᠠᠢ ᠨᠦᠯᠦᠭᠡᠯᠡᠳᠡᠭ᠃ ᠬᠠᠤᠯᠢ ᠠᠴᠠ ᠵᠥᠷᠢᠴᠡᠭᠰᠡᠨ ᠤᠯᠠᠮᠵᠢᠯᠠᠯᠲᠤ ᠶᠠᠯᠠᠲᠤ ᠠᠵᠢᠯᠯᠠᠭ᠎ᠠ ᠲᠠᠢ ᠠᠳᠠᠯᠢ ᠦᠭᠡᠢ᠂ ᠰᠦᠯᠵᠢᠶᠡᠨ ᠤ ᠬᠦᠴᠦᠷᠬᠡᠭᠯᠡᠯ ᠨᠢ ᠶᠡᠷᠦ ᠨᠢ ᠲᠠᠨᠢᠯ ᠪᠤᠰᠤ ᠬᠥᠮᠦᠨ ᠳᠤ ᠴᠢᠭᠯᠡᠭᠦᠯᠦᠨ ᠬᠡᠷᠡᠭᠵᠢᠭᠦᠯᠵᠦ᠂ ᠬᠤᠬᠢᠷᠠᠯ ᠠᠮᠰᠠᠭᠴᠢ ᠠᠴᠠ ᠬᠦᠨᠦᠭᠡᠭᠴᠢ ᠶᠢ ᠨᠤᠲᠠᠯᠠᠬᠤ᠂ ᠭᠡᠷᠡᠴᠢ ᠪᠠᠷᠢᠮᠲᠠ ᠴᠤᠭᠯᠠᠭᠤᠯᠬᠤ ᠵᠡᠷᠭᠡ ᠲᠠᠯ᠎ᠠ ᠪᠠᠷ ᠪᠣᠳᠠᠲᠠᠶ ᠬᠦᠴᠢᠷᠳᠡᠯ ᠣᠷᠣᠰᠢᠵᠤ᠂ ᠡᠷᠬᠡ ᠪᠠᠨ ᠬᠠᠮᠠᠭᠠᠯᠠᠬᠤ ᠥᠷᠲᠡᠭ ᠲᠦᠢᠯ ᠤᠨ ᠥᠨᠳᠥᠷ ᠪᠠᠶᠢᠳᠠᠭ᠃ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠦᠯᠵᠢᠶᠡᠨ ᠤ ᠬᠦᠴᠦᠷᠬᠡᠭᠯᠡᠯ ᠤᠨ ᠨᠡᠶᠢᠭᠡᠮ ᠤᠨ ᠬᠤᠤᠷ ᠬᠥᠨᠥᠭᠡᠯ ᠢ ᠭᠦᠢᠴᠡᠳ ᠲᠠᠨᠢᠵᠤ᠂ ᠴᠢᠩᠭ᠎ᠠ ᠰᠢᠢᠳᠬᠡᠬᠦ ᠵᠣᠭᠰᠣᠯᠲᠠ ᠪᠠᠨ ᠪᠠᠷᠢᠮᠲᠠᠯᠠᠨ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠬᠢᠷᠠᠯ ᠠᠮᠰᠠᠭᠴᠢ ᠳᠤ ᠪᠦᠲᠦᠮᠵᠢᠲᠡᠶ ᠬᠠᠤᠯᠢ ᠴᠠᠭᠠᠵᠠ ᠶᠢᠨ ᠲᠡᠳᠬᠦᠮᠵᠢ ᠬᠠᠩᠭᠠᠵᠤ᠂ ᠠᠷᠠᠳ ᠢᠷᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠣᠯᠠᠨ ᠨᠡᠶᠢᠲᠡ ᠶᠢᠨ ᠲᠠᠶᠢᠪᠤᠩᠲᠤ ᠲᠥᠷᠥᠭᠳᠡᠯ ᠢ ᠬᠠᠮᠠᠭᠠᠯᠠᠵᠤ᠂ ᠰᠦᠯᠵᠢᠶᠡᠨ ᠤ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ᠃     ᠬᠤᠶᠠᠷ᠂ ᠬᠠᠤᠯᠢ ᠴᠠᠭᠠᠵᠠ ᠶᠢ ᠣᠨᠣᠪᠴᠢᠲᠠᠶ ᠬᠡᠷᠡᠭᠯᠡᠵᠦ᠂ ᠰᠦᠯᠵᠢᠶᠡᠨ ᠤ ᠬᠦᠴᠦᠷᠬᠡᠭᠯᠡᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠬᠦ ᠬᠡᠷᠡᠭᠳᠡᠢ᠃     2. ᠰᠦᠯᠵᠢᠶ᠎ᠡ ᠪᠠᠷ ᠭᠥᠳᠭᠡᠬᠦ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠶᠠᠯᠠᠯᠠᠨ ᠰᠢᠢᠳᠭᠡᠨ᠎ᠡ᠃ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠴᠤᠤᠷᠬᠠᠯ ᠲᠠᠷᠬᠠᠭᠠᠭᠰᠠᠨ᠂ ᠪᠤᠰᠤᠳ ᠤᠨ ᠨᠡᠷ᠎ᠡ ᠬᠦᠨᠳᠦ ᠶᠢ ᠭᠤᠲᠤᠭᠠᠬᠤ ᠪᠠ ᠨᠡᠷ᠎ᠡ ᠠᠰᠢᠭ ᠢ ᠬᠤᠬᠢᠷᠠᠭᠤᠯᠤᠭᠰᠠᠨ᠂ ᠦᠢᠯᠡ ᠪᠠᠶᠢᠳᠠᠯ ᠨᠢ ᠬᠦᠨᠲᠦ ᠨᠣᠴᠢᠲᠠᠢ᠂ ᠡᠷᠡᠭᠦᠦ ᠶᠢᠨ ᠬᠠᠤᠯᠢ  ᠶᠢᠨ ᠬᠤᠶᠠᠷ ᠵᠠᠭᠤ ᠳᠥᠴᠢᠨ ᠵᠢᠷᠭᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠭᠥᠳᠭᠡᠨ ᠭᠦᠵᠢᠷᠯᠡᠭᠰᠡᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠭᠡᠨ᠎ᠡ᠃     3. ᠰᠦᠯᠵᠢᠶᠡᠨ ᠤ ᠳᠣᠷᠣᠮᠵᠢᠯᠠᠯ ᠤᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠶᠠᠯᠠᠯᠠᠨ ᠰᠢᠢᠳᠭᠡᠨ᠎ᠡ᠃ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠳᠤᠷ᠎ᠠ ᠲᠠᠪᠠ ᠪᠠᠷ ᠬᠠᠷᠢᠶᠠᠬᠤ᠂ ᠮᠠᠭᠤ ᠰᠠᠨᠠᠭ᠎ᠠ ᠪᠠᠷ ᠭᠦᠳᠬᠡᠬᠦ᠂ ᠬᠤᠪᠢ ᠶᠢᠨ ᠨᠢᠭᠤᠴᠠ ᠶᠢ ᠢᠯᠡᠷᠡᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ ᠪᠤᠰᠤᠳ ᠢ ᠢᠯᠡ ᠪᠠᠷ ᠲᠣᠷᠣᠮᠵᠢᠯᠠᠵᠤ᠂ ᠦᠶᠢᠯᠡ ᠪᠠᠶᠢᠳᠠᠯ ᠨᠢ ᠬᠦᠨᠳᠦ ᠨᠣᠴᠢᠲᠠᠢ᠂ ᠡᠷᠡᠭᠦᠦ ᠶᠢᠨ ᠬᠠᠤᠯᠢ ᠶᠢᠨ ᠬᠤᠶᠠᠷ ᠵᠠᠭᠤ ᠳᠥᠴᠢᠨ ᠵᠢᠷᠭᠤᠳᠤᠭᠠᠷ ᠵᠦᠶᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠪᠠᠯ ᠭᠤᠲᠤᠭᠠᠨ ᠳᠣᠷᠤᠮᠵᠢᠯᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠭᠡᠨ᠎ᠡ᠃     4. ᠡᠷᠬᠡᠲᠦ ᠠᠷᠠᠳ ᠤᠨ ᠬᠤᠪᠢ ᠬᠥᠮᠦᠨ ᠤ ᠮᠡᠳᠡᠭᠡ ᠵᠠᠩᠭᠢ ᠳᠤ ᠬᠠᠯᠳᠠᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠶᠠᠯᠠᠯᠠᠨ ᠰᠢᠢᠳᠭᠡᠨ᠎ᠡ᠃︽ᠬᠤᠪᠢ ᠶᠢᠨ ᠮᠡᠳᠡᠭᠡᠯᠡᠯ ᠬᠠᠶᠢᠬᠤ︾ ᠶᠢ ᠵᠣᠬᠢᠶᠠᠨ ᠪᠠᠶᠢᠭᠤᠯᠵᠤ᠂ ᠬᠠᠤᠯᠢ ᠶᠢ ᠵᠥᠷᠢᠴᠡᠨ ᠴᠤᠭᠯᠠᠭᠤᠯᠤᠭᠰᠠᠨ ᠪᠥᠭᠡᠳ ᠣᠨᠴᠠ ᠲᠣᠭᠲᠠᠭᠰᠠᠨ ᠪᠤᠰᠤ ᠣᠯᠠᠩᠬᠢ ᠬᠥᠮᠦᠨ ᠳᠤ ᠠᠷᠠᠳ ᠢᠷᠭᠡᠨ ᠤ ᠬᠤᠪᠢ ᠬᠥᠮᠦᠨ ᠤ ᠮᠡᠳᠡᠭᠡ ᠵᠠᠩᠭᠢ ᠶᠢ ᠨᠡᠶᠢᠳᠡᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠢ᠂ ᠡᠷᠡᠭᠦᠦ ᠶᠢᠨ ᠬᠠᠤᠯᠢ ᠶᠢᠨ ᠬᠤᠶᠠᠷ ᠵᠠᠭᠤ ᠲᠠᠪᠢᠨ ᠭᠤᠷᠪᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠭᠰᠡᠨ ᠪᠣᠯ᠂ ᠠᠷᠠᠳ ᠢᠷᠭᠡᠨ ᠤ ᠬᠤᠪᠢ ᠬᠥᠮᠦᠨ ᠤ ᠮᠡᠳᠡᠭᠡ ᠵᠠᠩᠭᠢ ᠳᠤ ᠬᠠᠯᠳᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠭᠡᠨ᠎ᠡ︔ ᠡᠷᠡᠭᠦᠦ ᠶᠢᠨ ᠬᠠᠤᠯᠢ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠣᠭᠲᠠᠭᠠᠯ ᠶᠣᠰᠣᠭᠠᠷ ᠬᠠᠮᠲᠤ ᠳᠤ ᠨᠢ ᠪᠤᠰᠤᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠰᠢᠢᠳᠭᠡᠵᠦ ᠲᠣᠷᠭᠠᠬᠤ ᠨᠢ ᠬᠦᠨᠳᠦ ᠰᠢᠭ ᠲᠣᠭᠲᠠᠭᠠᠯ ᠶᠣᠰᠣᠭᠠᠷ ᠶᠠᠯ᠎ᠠ ᠲᠣᠭᠲᠠᠭᠠᠵᠤ ᠰᠢᠢᠳᠭᠡᠨ᠎ᠡ᠃     5. ᠰᠦᠯᠵᠢᠶᠡᠨ ᠤ ᠬᠦᠴᠦᠷᠬᠡᠭᠯᠡᠯ ᠤᠨ ᠬᠡᠷᠡᠭ ᠢ ᠠᠰᠢᠭᠯᠠᠨ ᠬᠢᠭᠰᠡᠨ ᠮᠠᠭᠤ ᠰᠠᠨᠠᠭ᠎ᠠ ᠲᠠᠢ ᠪᠠᠷ ᠡᠵᠡᠩᠨᠡᠨ ᠪᠤᠷᠤᠯᠠᠭᠤᠯᠵᠤ ᠬᠥᠭᠡᠷᠭᠡᠳᠡᠬᠦ ᠠᠵᠢᠯᠯᠠᠭ᠎ᠠ ᠶᠢ ᠬᠠᠤᠯᠢ ᠶᠣᠰᠣᠭᠠᠷ ᠶᠠᠯᠠᠯᠠᠨ ᠰᠢᠢᠳᠭᠡᠨ᠎ᠡ᠃ ᠶᠡᠭᠡ ᠪᠠᠷ ᠰᠤᠷᠳᠠᠯᠴᠢᠯᠠᠨ ᠬᠥᠭᠡᠷᠭᠡᠳᠡᠵᠦ᠂ ᠬᠦᠳᠦᠯᠦᠨ ᠣᠷᠤᠭᠤᠯᠬᠤ ᠵᠡᠷᠭᠡ ᠵᠣᠷᠢᠯᠭ᠎ᠠ ᠳᠤ ᠰᠠᠭᠤᠷᠢᠯᠠᠨ᠂ ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠣᠯᠠᠨ ᠨᠡᠶᠢᠲᠡ ᠶᠢᠨ ᠳᠠᠩᠰᠠᠨ ᠨᠣᠮᠧᠷ ᠵᠡᠷᠭᠡ ᠶᠢ ᠠᠰᠢᠭᠯᠠᠨ ᠰᠦᠯᠵᠢᠶᠡᠨ ᠤ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠲᠤᠬᠠᠢ ᠮᠡᠳᠡᠭᠡ ᠵᠠᠩᠭᠢ ᠶᠢ ᠲᠠᠷᠬᠠᠭᠠᠨ ᠳᠠᠮᠵᠢᠭᠤᠯᠵᠤ᠂ ᠡᠷᠡᠭᠦᠦ ᠶᠢᠨ ᠬᠠᠤᠯᠢ ᠶᠢᠨ ᠬᠤᠶᠠᠷ ᠵᠠᠭᠤ ᠨᠠᠶᠠᠨ ᠳᠣᠯᠣᠳᠤᠭᠠᠷ ᠵᠦᠢᠯ ᠤᠨ ᠨᠢᠭᠡ ᠵᠦᠢᠯ ᠤᠨ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠮᠡᠳᠡᠭᠡ ᠵᠠᠩᠭᠢ ᠰᠦᠯᠵᠢᠶ᠎ᠡ ᠶᠢ ᠬᠠᠤᠯᠢ ᠪᠤᠰᠤ ᠪᠠᠷ ᠠᠰᠢᠭᠯᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠬᠡᠨ᠎ᠡ︔ ᠡᠷᠡᠭᠦᠦ ᠶᠢᠨ ᠬᠠᠤᠯᠢ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠣᠭᠲᠠᠭᠠᠯ ᠶᠣᠰᠣᠭᠠᠷ ᠬᠠᠮᠲᠤ ᠳᠤ ᠨᠢ ᠪᠤᠰᠤᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠰᠢᠢᠳᠭᠡᠵᠦ ᠲᠣᠷᠭᠠᠬᠤ ᠨᠢ ᠬᠦᠨᠳᠦ ᠰᠢᠭ ᠲᠣᠭᠲᠠᠭᠠᠯ ᠶᠣᠰᠣᠭᠠᠷ ᠶᠠᠯ᠎ᠠ ᠲᠣᠭᠲᠠᠭᠠᠵᠤ ᠰᠢᠢᠳᠭᠡᠨ᠎ᠡ᠃     6. ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠶᠢ ᠭᠦᠢᠴᠡᠳᠭᠡᠬᠦ ᠦᠭᠡᠢ ᠠᠵᠢᠯᠯᠠᠭ᠎ᠠ ᠶᠢ ᠬᠠᠤᠯᠢ ᠶᠣᠰᠣᠭᠠᠷ ᠶᠠᠯᠠᠯᠠᠨ ᠰᠢᠢᠳᠭᠡᠨ᠎ᠡ᠃ ᠰᠦᠯᠵᠢᠶᠡᠨ ᠤ ᠬᠦᠴᠦᠷᠬᠡᠭᠯᠡᠯ ᠤᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠮᠡᠳᠡᠭᠡ ᠵᠠᠩᠭᠢ ᠨᠢ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠠᠴᠠ ᠪᠣᠯᠤᠭᠰᠠᠨ ᠢ ᠰᠦᠯᠵᠢᠶᠡᠨ ᠤ ᠦᠢᠯᠡᠴᠢᠯᠡᠭᠡ ᠬᠠᠩᠭᠠᠭᠴᠢ ᠠᠴᠠ ᠣᠯᠵᠤ ᠮᠡᠳᠡᠭᠡᠳ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠶᠢᠭᠠᠳ ᠵᠠᠯᠠᠷᠠᠭᠤᠯᠬᠤ ᠠᠷᠭ᠎ᠠ ᠬᠡᠮᠵᠢᠶ᠎ᠡ ᠠᠪᠤᠭᠤᠯᠤᠭᠰᠠᠨ ᠪᠣᠯᠪᠠᠴᠤ ᠵᠠᠯᠠᠷᠠᠭᠤᠯᠤᠭᠰᠠᠨ ᠦᠭᠡᠢ ᠠᠴᠠ ᠪᠣᠯᠤᠭᠠᠳ᠂ ᠬᠠᠤᠯᠢ ᠠᠴᠠ ᠵᠦᠷᠢᠴᠡᠭᠰᠡᠨ ᠮᠡᠳᠡᠭᠡ ᠵᠠᠩᠬᠢ ᠶᠢ ᠶᠡᠭᠡ ᠬᠡᠮᠵᠢᠶ᠎ᠡ ᠪᠠᠷ ᠲᠠᠷᠬᠠᠭᠠᠬᠤ ᠪᠤᠶᠤ ᠪᠤᠰᠤᠳ ᠬᠦᠨᠳᠤ ᠨᠤᠴᠢᠳᠠᠢ ᠦᠢᠯᠡ ᠪᠠᠶᠢᠳᠠᠯ ᠲᠠᠢ ᠪᠣᠯᠭᠠᠵᠤ᠂ ᠡᠷᠡᠭᠦᠦ ᠶᠢᠨ ᠬᠠᠤᠯᠢ ᠶᠢᠨ ᠬᠤᠶᠠᠷ ᠵᠠᠭᠤ ᠨᠠᠶᠠᠨ ᠵᠢᠷᠭᠤᠳᠤᠭᠠᠷ ᠵᠦᠢᠯ ᠤᠨ ᠨᠢᠭᠡ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ ᠶᠠᠯ᠎ᠠ ᠪᠠᠷ ᠰᠢᠢᠳᠭᠡᠨ᠎ᠡ︔ ᠡᠷᠡᠭᠦᠦ ᠶᠢᠨ ᠬᠠᠤᠯᠢ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠣᠭᠲᠠᠭᠠᠯ ᠶᠣᠰᠣᠭᠠᠷ ᠬᠠᠮᠲᠤ ᠳᠤ ᠨᠢ ᠪᠤᠰᠤᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠰᠢᠢᠳᠭᠡᠵᠦ ᠲᠣᠷᠭᠠᠬᠤ ᠨᠢ ᠬᠦᠨᠳᠦ ᠰᠢᠭ ᠲᠣᠭᠲᠠᠭᠠᠯ ᠶᠣᠰᠣᠭᠠᠷ ᠶᠠᠯ᠎ᠠ ᠲᠣᠭᠲᠠᠭᠠᠵᠤ ᠰᠢᠢᠳᠭᠡᠨ᠎ᠡ᠃     7. ᠰᠦᠯᠵᠢᠶᠡᠨ ᠤ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠶᠠᠯᠠᠯᠠᠨ ᠰᠢᠢᠳᠭᠡᠨ᠎ᠡ᠃ ᠰᠦᠯᠵᠢᠶ᠎ᠡ ᠪᠠᠷ ᠭᠤᠲᠤᠭᠠᠨ ᠳᠤᠷᠤᠮᠵᠢᠯᠠᠬᠤ᠂ ᠭᠥᠳᠭᠡᠬᠦ ᠵᠡᠷᠭᠡ ᠰᠦᠯᠵᠢᠶᠡᠨ ᠤ ᠬᠦᠴᠦᠷᠬᠡᠭᠯᠡᠯ ᠤᠨ ᠠᠵᠢᠯᠯᠠᠭ᠎ᠠ ᠨᠢ ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠣᠯᠪᠠᠴᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠬᠦ ᠬᠠᠤᠯᠢ ᠵᠡᠷᠭᠡ ᠲᠣᠭᠲᠠᠭᠠᠯ ᠳᠤ ᠨᠡᠶᠢᠴᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠥᠭᠭᠦᠨ᠎ᠡ᠃     8. ᠰᠦᠯᠵᠢᠶᠡᠨ ᠤ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠭᠡᠨ᠎ᠡ᠃ ᠰᠦᠯᠵᠢᠶᠡᠨ ᠤ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠶᠠᠯᠠᠯᠠᠨ ᠰᠢᠢᠳᠭᠡᠬᠦ ᠵᠣᠷᠢᠭ ᠰᠠᠨᠠᠭ᠎ᠠ ᠶᠢ ᠢᠯᠡᠷᠡᠭᠦᠯᠵᠦ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠭᠦᠢᠴᠡᠳ ᠮᠡᠳᠡᠷᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠵᠦ ᠬᠠᠤᠯᠢ ᠪᠠᠷᠢᠬᠤ ᠶᠢ ᠴᠢᠩᠳᠠᠯᠠᠬᠤ ᠶᠢ ᠪᠠᠷᠢᠮᠲᠠᠯᠠᠨ᠂ ᠰᠦᠯᠵᠢᠶᠡᠨ ᠤ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠵᠦ᠂ ︽ᠬᠠᠤᠯᠢ ᠣᠯᠠᠨ ᠬᠦᠮᠦᠨ ᠢ ᠦᠯᠦ ᠥᠮᠦᠭᠯᠡᠬᠦ︾ ᠪᠤᠷᠤᠭᠤ ᠬᠡᠯᠪᠡᠷᠢᠯ ᠢ ᠦᠨᠡᠨ ᠬᠦ ᠵᠠᠯᠠᠷᠠᠭᠤᠯᠤᠨ᠎ᠠ᠃ ᠮᠠᠭᠤ ᠰᠠᠨᠠᠭ᠎ᠠ ᠲᠠᠢ ᠪᠠᠷ ᠬᠡᠷᠡᠭ ᠡᠭᠦᠰᠬᠡᠭᠴᠢ᠂ ᠵᠣᠬᠢᠶᠠᠨ ᠪᠠᠶᠢᠭᠤᠯᠤᠭᠴᠢ᠂ ᠬᠡᠷᠡᠭ ᠢ ᠦᠳᠦᠭᠡᠵᠦ ᠤᠯᠠᠮ ᠶᠡᠭᠡᠳᠭᠡᠭᠡᠳ ᠣᠯᠠᠨᠲᠠ ᠰᠤᠷᠭᠠᠪᠠᠴᠤ ᠵᠠᠰᠠᠷᠠᠬᠤ ᠦᠭᠡᠢ ᠡᠲᠡᠭᠡᠳ ᠲᠤ ᠭᠤᠣᠯᠳᠠᠯᠭ᠎ᠠ ᠲᠠᠢ ᠴᠣᠬᠢᠯᠲᠠ ᠥᠭᠭᠦᠨ᠎ᠡ᠃ ᠰᠦᠯᠵᠢᠶᠡᠨ ᠤ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ᠂ ᠲᠣᠤᠷ᠎ᠠ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠠᠯ᠂ ᠬᠠᠤᠯᠢ ᠶᠣᠰᠣᠭᠠᠷ ᠬᠦᠨᠳᠦ ᠪᠠᠷ ᠰᠢᠢᠳᠬᠡᠨ᠎ᠡ᠄     ︵1︶ ᠨᠠᠰᠤᠨ ᠳᠤ ᠦᠯᠦ ᠬᠦᠷᠦᠭᠰᠡᠳ᠂ ᠵᠡᠮᠳᠡᠭᠴᠦᠳ ᠲᠤ ᠴᠢᠭᠯᠡᠭᠦᠯᠦᠨ ᠬᠡᠷᠡᠭᠵᠢᠭᠦᠯᠦᠭᠰᠡᠨ︔     ︵2︶ ︽ᠤᠰᠤᠨ ᠴᠡᠷᠢᠭ︾᠂ ︽ᠵᠤᠳᠤᠭᠠᠴᠢᠨ︾ ᠪᠤᠶᠤ ᠪᠤᠰᠤᠳ ᠬᠥᠮᠦᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ︔     ︵3︶ ︽ᠪᠡᠯᠭᠡ ᠳᠤ ᠬᠤᠯᠪᠤᠭᠳᠠᠬᠤ︾ ᠰᠡᠳᠦᠪ ᠢ ᠨᠠᠶᠢᠷᠠᠭᠤᠯᠤᠨ ᠵᠣᠬᠢᠶᠠᠭᠠᠳ ᠪᠣᠰᠤᠳ ᠤᠨ ᠨᠡᠷ᠎ᠡ ᠬᠦᠨᠳᠦ ᠳᠤ ᠬᠠᠯᠳᠠᠭᠰᠠᠨ︔     ︵4︶ ︽ᠭᠦᠨ ᠨᠡᠶᠢᠯᠡᠯᠭᠡ︾ ᠵᠡᠷᠭᠡ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠢ ᠠᠰᠢᠭᠯᠠᠨ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠨᠡᠶᠢᠲᠡᠯᠡᠭᠰᠡᠨ︔     ︵5︶ ᠰᠦᠯᠵᠢᠶᠡᠨ ᠤ ᠦᠢᠯᠡᠴᠢᠯᠡᠭᠡ ᠬᠠᠩᠭᠠᠭᠴᠢ ᠶᠢᠨ ᠰᠡᠳᠦᠵᠦ᠂ ᠵᠣᠬᠢᠶᠠᠨ ᠪᠠᠶᠢᠭᠤᠯᠤᠭᠰᠠᠨ᠃     9. ᠢᠷᠭᠡᠨ ᠤ ᠬᠡᠷᠡᠭ ᠤᠨ ᠡᠷᠬᠡ ᠪᠠᠨ ᠬᠠᠮᠠᠭᠠᠯᠠᠬᠤ ᠶᠢ ᠬᠠᠤᠯᠢ ᠶᠣᠰᠣᠭᠠᠷ ᠳᠡᠮᠵᠢᠨ᠎ᠡ᠃ ᠰᠦᠯᠵᠢᠶᠡᠨ ᠤ ᠬᠦᠴᠦᠷᠬᠡᠭᠯᠡᠯ ᠤᠨ ᠠᠵᠢᠯᠯᠠᠭ᠎ᠠ ᠪᠠᠷ ᠪᠣᠰᠤᠳ ᠲᠤ ᠴᠢᠭᠯᠡᠭᠦᠯᠦᠨ᠂ ᠪᠤᠰᠤᠳ ᠤᠨ ᠨᠡᠷ᠎ᠡ ᠬᠦᠨᠳᠦ ᠶᠢᠨ ᠡᠷᠬᠡ᠂ ᠬᠤᠪᠢ ᠶᠢᠨ ᠨᠢᠭᠤᠴᠠ ᠳᠤ ᠬᠤᠯᠪᠣᠭᠳᠠᠬᠤ ᠡᠷᠬᠡ ᠵᠡᠷᠭᠡ ᠨᠡᠷ᠎ᠡ ᠬᠦᠨᠳᠦ ᠶᠢᠨ ᠡᠷᠬᠡ ᠳᠤ ᠬᠠᠯᠳᠠᠵᠤ᠂ ᠬᠤᠬᠢᠷᠠᠯ ᠠᠮᠰᠠᠭᠴᠢ ᠦᠢᠯᠡ ᠠᠵᠢᠯᠯᠠᠭᠠᠲᠠᠨ ᠳᠤ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠬᠠᠤᠯᠢ ᠶᠣᠰᠣᠭᠠᠷ ᠳᠡᠮᠵᠢᠯᠭᠡ ᠦᠵᠡᠭᠦᠯᠦᠨ᠎ᠡ᠃     10. ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠣᠨᠣᠪᠴᠢᠲᠠᠶ ᠡᠵᠡᠮᠰᠢᠨ᠎ᠡ᠃ ᠪᠤᠰᠤᠳ ᠤᠨ ᠶᠠᠯ᠎ᠠ ᠬᠢᠭᠰᠡᠨ ᠪᠤᠶᠤ ᠬᠠᠤᠯᠢ ᠰᠠᠬᠢᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠮᠡᠳᠡᠭᠡ ᠵᠠᠩᠭᠢ ᠰᠦᠯᠵᠢᠶ᠎ᠡ ᠪᠠᠷ ᠢᠯᠡᠴᠢᠯᠡᠨ ᠮᠡᠳᠡᠭᠦᠯᠵᠦ᠂ ᠢᠯᠡᠴᠢᠯᠡᠬᠦ ᠳᠤ ᠪᠠᠨ ᠵᠣᠷᠢᠭᠤᠳᠠ ᠣᠷᠣ ᠦᠭᠡᠢ ᠭᠠᠵᠠᠷ ᠣᠪᠤᠭ᠎ᠠ ᠪᠣᠰᠬᠠᠭᠰᠠᠨ ᠪᠣᠶᠤ ᠣᠷᠣ ᠦᠭᠡᠢ ᠭᠠᠵᠠᠷ ᠣᠪᠤᠭ᠎ᠠ ᠪᠣᠰᠬᠠᠭᠰᠠᠨ ᠪᠤᠳᠠᠳᠤ ᠬᠡᠷᠡᠭ ᠪᠣᠯᠬᠤ ᠶᠢ ᠲᠣᠳᠤᠷᠬᠠᠢ ᠮᠡᠳᠡᠵᠦ ᠪᠠᠶᠢᠭᠠᠳ ᠵᠣᠷᠢᠭᠤᠳᠠ ᠲᠠᠷᠬᠠᠭᠠᠭᠰᠠᠨ ᠪᠢᠰᠢ ᠯᠡ ᠶᠤᠮ ᠪᠣᠯ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠭᠥᠳᠭᠡᠨ ᠭᠦᠵᠢᠷᠯᠡᠭᠰᠡᠨ ᠢᠶᠠᠷ ᠮᠠᠭᠠᠳᠯᠠᠨ ᠲᠤᠭᠳᠠᠭᠠᠵᠤ ᠪᠣᠯᠬᠤ ᠦᠭᠡᠢ᠃ ᠪᠣᠰᠤᠳ ᠤᠨ ᠦᠭᠡ ᠶᠠᠷᠢᠶ᠎ᠠ ᠦᠢᠯᠡ ᠠᠵᠢᠯᠯᠠᠭ᠎ᠠ ᠳᠤ ᠴᠢᠭᠯᠡᠭᠦᠯᠦᠨ ᠰᠢᠭᠦᠮᠵᠢ ᠨᠡᠶᠢᠳᠡᠯᠡᠵᠦ᠂ ᠰᠢᠭᠦᠮᠵᠢᠯᠡᠯ ᠲᠤᠷᠠᠳᠴᠤ᠂ ᠦᠵᠡᠯᠳᠡ ᠨᠢ ᠪᠠᠭ᠋ᠠᠨ ᠬᠡᠯᠪᠡᠶᠢᠬᠦᠦ ᠪᠠᠶᠢᠵᠤ᠂ ᠦᠭᠡ ᠶᠠᠷᠢᠶ᠎ᠠ ᠨᠢ ᠪᠠᠭ᠋ᠠᠨ ᠬᠡᠳᠦᠷᠡᠮᠡᠬᠡᠢ ᠪᠠᠶᠢᠭᠰᠠᠨ ᠴᠤ ᠲᠤᠷ᠎ᠠ ᠪᠠᠷ ᠢᠶᠠᠨ ᠬᠠᠷᠢᠶᠠᠯ ᠵᠦᠭᠡᠯ᠂ ᠮᠠᠭᠤ ᠰᠠᠨᠠᠭ᠎ᠠ  ᠲᠠᠢ ᠪᠠᠷ ᠭᠥᠳᠭᠡᠨ ᠮᠠᠭᠠᠳᠯᠠᠭᠰᠠᠨ ᠪᠢᠰᠢ ᠯᠡ ᠶᠤᠮ ᠪᠣᠯ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠭᠤᠲᠤᠭᠠᠨ ᠲᠤᠷᠤᠮᠵᠢᠯᠠᠭᠰᠠᠨ ᠢᠶᠠᠷ ᠮᠠᠭᠠᠳᠯᠠᠨ ᠲᠤᠭᠳᠠᠭᠠᠵᠤ ᠪᠣᠯᠬᠤ ᠦᠭᠡᠢ᠃     ᠭᠤᠷᠪᠠ᠂ ᠵᠠᠷᠭᠤ ᠶᠢᠨ ᠵᠢᠷᠤᠮ ᠢ ᠰᠠᠭᠠᠳ ᠦᠭᠡᠢ ᠨᠡᠪᠲᠡᠷᠡᠭᠦᠯᠵᠦ᠂ ᠴᠠᠭ ᠲᠤᠬᠠᠢ ᠳᠤ ᠨᠢ ᠬᠦᠴᠦᠨ ᠲᠠᠢ ᠬᠠᠤᠯᠢ ᠴᠠᠭᠠᠵᠠ ᠶᠢᠨ ᠲᠡᠳᠬᠦᠮᠵᠢ ᠬᠠᠩᠭᠠᠬᠤ ᠬᠡᠷᠡᠭᠳᠡᠢ᠃     11. ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠬᠠᠮᠵᠢᠨ ᠭᠡᠷᠡᠴᠢ ᠴᠤᠭᠯᠠᠭᠤᠯᠬᠤ ᠬᠠᠤᠯᠢ ᠴᠠᠭᠠᠵᠠ ᠶᠢᠨ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠡᠷᠡᠭᠦᠦ ᠶᠢᠨ ᠬᠠᠤᠯᠢ ᠶᠢᠨ ᠬᠤᠶᠠᠷ ᠵᠠᠭᠤ ᠳᠥᠴᠢᠨ ᠵᠢᠷᠭᠤᠳᠤᠭᠠᠷ ᠵᠦᠢᠯ ᠤᠨ ᠭᠤᠷᠪᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠨ᠂ ᠬᠤᠣᠷᠯᠠᠭᠳᠠᠭᠴᠢ ᠶᠢᠨ ᠰᠦᠯᠵᠢᠶ᠎ᠡ ᠪᠠᠷ ᠭᠤᠳᠤᠭᠠᠨ ᠲᠣᠷᠤᠮᠵᠢᠯᠠᠵᠤ᠂ ᠭᠥᠳᠭᠡᠨ ᠭᠦᠵᠢᠷᠯᠡᠭᠰᠡᠨ ᠶᠠᠪᠤᠳᠠᠯ ᠢ ᠦᠪᠡᠷᠳᠡᠭᠡᠨ ᠵᠠᠭᠠᠯᠲᠤᠭᠰᠠᠨ ᠬᠡᠷᠡᠭ ᠢ ᠠᠷᠠᠳ ᠤᠨ ᠰᠢᠭᠦᠬᠦ ᠬᠤᠷᠢᠶ᠎ᠠ ᠬᠢᠨᠠᠨ ᠪᠠᠢᠴᠠᠭᠠᠭᠠᠳ ᠬᠤᠣᠷᠯᠠᠭᠳᠠᠭᠴᠢ ᠶᠢᠨ ᠭᠡᠷᠡᠴᠢ ᠪᠠᠷᠢᠮᠲᠠ ᠶᠢ ᠬᠠᠩᠭᠠᠬᠤ ᠳᠤ ᠦᠨᠡᠬᠡᠷ ᠬᠦᠴᠢᠷᠳᠡᠯᠳᠡᠢ ᠠᠴᠠ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠳᠤ ᠳᠡᠮᠵᠢᠯᠭᠡ ᠦᠵᠡᠭᠦᠯᠬᠦ ᠪᠠᠷ ᠱᠠᠭᠠᠷᠳᠠᠵᠤ ᠪᠣᠯᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠠᠷᠠᠳ ᠤᠨ ᠰᠢᠭᠦᠬᠦ ᠬᠤᠷᠢᠶᠠᠨ ᠤ ᠱᠠᠭᠠᠷᠳᠠᠯᠭ᠎ᠠ ᠪᠠ ᠬᠡᠷᠡᠭ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠦᠢᠯᠡ ᠠᠵᠢᠯᠯᠠᠭ᠎ᠠ ᠶᠢᠨ ᠪᠡᠶᠡᠴᠢ ᠴᠣᠭᠴᠠ ᠶᠢ ᠴᠠᠭ ᠲᠤᠬᠠᠶ ᠳᠤ ᠨᠢ ᠪᠠᠶᠢᠴᠠᠭᠠᠨ ᠲᠣᠳᠣᠯᠠᠵᠤ᠂ ᠲᠤᠷᠤᠮᠵᠢᠯᠠᠭᠰᠠᠨ᠂ ᠭᠥᠳᠭᠡᠨ ᠭᠦᠵᠢᠷᠯᠡᠭᠰᠡᠨ ᠮᠡᠳᠡᠭᠡ ᠵᠠᠩᠭᠢ ᠶᠢᠨ ᠤᠯᠠᠮᠵᠢᠯᠠᠨ ᠲᠠᠷᠬᠠᠭᠠᠭᠰᠠᠨ ᠪᠠᠶᠢᠳᠠᠯ ᠵᠢᠴᠢ ᠳᠡᠭᠦᠨ ᠠᠴᠠ ᠪᠣᠯᠤᠭᠰᠠᠨ ᠨᠥᠯᠥᠭᠡ ᠵᠡᠷᠭᠡ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠴᠤᠭᠯᠠᠭᠤᠯᠬᠤ ᠬᠡᠷᠡᠭᠲᠡᠶ᠃ ᠰᠦᠯᠵᠢᠶᠡᠨ ᠤ ᠦᠢᠯᠡᠴᠢᠯᠡᠭᠡ ᠬᠠᠩᠭᠠᠭᠴᠢ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠡᠷᠡᠴᠢ ᠠᠪᠬᠤ ᠠᠵᠢᠯ ᠳᠤ ᠬᠠᠤᠯᠢ ᠶᠣᠰᠣᠭᠠᠷ ᠴᠢᠬᠤᠯᠠ ᠪᠦᠬᠦᠢ ᠮᠡᠷᠭᠡᠵᠢᠯ ᠤᠨ ᠳᠡᠮᠵᠢᠯᠭᠡ ᠪᠠ ᠬᠠᠪᠰᠤᠷᠤᠯᠭ᠎ᠠ ᠬᠠᠩᠭᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠪᠰᠤᠷᠤᠯᠭ᠎ᠠ ᠪᠠᠷ ᠭᠡᠷᠡᠴᠢ  ᠴᠤᠭᠯᠠᠭᠤᠯᠤᠭᠠᠳ ᠥᠪᠡᠷᠲᠡᠭᠡᠨ ᠵᠠᠭᠠᠯᠳᠤᠭᠰᠠᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠬᠦᠷᠦᠭᠰᠡᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠬᠡᠷᠡᠭ ᠪᠣᠯᠭᠠᠨ ᠳᠠᠩᠰᠠᠯᠠᠬᠤ ᠪᠠᠷ ᠲᠣᠭᠲᠠᠭᠠᠬᠤ ᠬᠡᠷᠡᠭᠲᠡᠶ︔ ᠬᠤᠯᠪᠤᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠴᠤᠭᠯᠠᠭᠤᠯᠬᠤ ᠶᠢᠨ ᠠᠷᠭ᠎ᠠ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠷᠠᠳ ᠤᠨ ᠰᠢᠭᠦᠬᠦ ᠬᠤᠷᠢᠶᠠᠨ ᠳᠤ ᠪᠠᠶᠢᠳᠠᠯ ᠢ ᠪᠢᠴᠢᠭ ᠢᠶᠠᠷ ᠲᠣᠳᠣᠷᠬᠠᠶᠢᠯᠠᠬᠤ ᠬᠡᠷᠡᠭᠲᠡᠶ᠃     12. ᠭᠤᠲᠤᠭᠠᠨ ᠳᠣᠷᠣᠮᠵᠢᠯᠠᠭᠰᠠᠨ ᠶᠠᠯ᠎ᠠ᠂ ᠭᠥᠳᠭᠡᠨ ᠭᠦᠵᠢᠷᠯᠡᠭᠰᠡᠨ ᠶᠠᠯ᠎ᠠ ᠶᠢᠨ ᠠᠯᠪᠠᠨ ᠵᠠᠭᠠᠯᠳᠤᠯᠭ᠎ᠠ ᠶᠢᠨ ᠨᠥᠬᠦᠴᠡᠯ ᠢ ᠣᠨᠣᠪᠴᠢᠲᠠᠢ ᠡᠵᠡᠮᠰᠢᠨ᠎ᠡ᠃ ᠡᠷᠡᠭᠦᠦ ᠶᠢᠨ ᠬᠠᠤᠯᠢ ᠶᠢᠨ ᠬᠤᠶᠠᠷ ᠵᠠᠭᠤ ᠳᠥᠴᠢᠨ ᠵᠢᠷᠭᠤᠳᠤᠭᠠᠷ ᠵᠦᠶᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠢ ᠦᠨᠳᠦᠰᠦᠯᠡᠪᠡᠯ᠂ ᠭᠤᠲᠤᠭᠠᠨ ᠲᠤᠷᠤᠮᠵᠢᠯᠠᠭᠰᠠᠨ᠂ ᠭᠦᠳᠬᠡᠨ ᠭᠦᠵᠢᠷᠯᠡᠭᠰᠡᠨ ᠶᠠᠯ᠎ᠠ ᠬᠢᠵᠦ᠂ ᠨᠡᠢᠭᠡᠮ ᠤᠨ ᠡᠮᠬᠢ ᠵᠢᠷᠤᠮ ᠪᠠ ᠤᠯᠤᠰ ᠣᠷᠤᠨ ᠤ ᠠᠰᠢᠭ ᠲᠤᠰᠠ ᠶᠢ ᠬᠦᠨᠳᠦ ᠨᠣᠴᠢᠲᠠᠢ ᠬᠤᠬᠢᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠠᠯᠪᠠᠨ ᠵᠠᠭᠠᠯᠳᠤᠯᠭ᠎ᠠ ᠭᠠᠷᠭᠠᠬᠤ ᠬᠡᠷᠡᠭᠲᠡᠢ᠃ ᠰᠦᠯᠵᠢᠶ᠎ᠡ ᠪᠠᠷ ᠭᠤᠲᠤᠭᠠᠨ ᠲᠤᠷᠤᠮᠵᠢᠯᠠᠭᠰᠠᠨ᠂ ᠭᠦᠳᠬᠡᠨ ᠭᠦᠵᠢᠷᠯᠡᠭᠰᠡᠨ ᠨᠢ ᠨᠡᠶᠢᠭᠡᠮ ᠤᠨ ᠡᠮᠬᠢ ᠵᠢᠷᠤᠮ ᠳᠤ ᠬᠦᠨᠳᠦ ᠨᠣᠴᠢᠲᠠᠶ ᠬᠤᠤᠷ ᠬᠦᠨᠦᠭᠡᠯ ᠤᠴᠠᠷᠠᠭᠤᠯᠤᠭᠰᠠᠨ ᠡᠰᠡᠬᠦ ᠶᠢ ᠬᠦᠨᠦᠭᠡᠭᠳᠡᠬᠦᠨ᠂ ᠤᠭ ᠰᠠᠨᠠᠭᠠᠨ ᠤ ᠵᠣᠷᠢᠯᠭ᠎ᠠ᠂ ᠦᠢᠯᠡ ᠠᠵᠢᠯᠯᠠᠭ᠎ᠠ ᠶᠢᠨ ᠠᠷᠭ᠎ᠠ ᠮᠠᠶ᠋ᠢᠭ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠬᠡᠪᠴᠢᠶ᠎ᠡ᠂ ᠬᠤᠣᠷ ᠬᠥᠨᠥᠭᠡᠯ ᠤᠨ ᠦᠷ᠎ᠡ ᠤᠷᠰᠢᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠬᠡᠷᠡᠭᠲᠡᠶ᠃      ᠰᠦᠯᠵᠢᠶ᠎ᠡ ᠪᠠᠷ ᠭᠤᠲᠤᠭᠠᠨ ᠲᠤᠷᠤᠮᠵᠢᠯᠠᠭᠰᠠᠨ᠂ ᠭᠦᠳᠬᠡᠨ ᠭᠦᠵᠢᠷᠯᠡᠭᠰᠡᠨ ᠦᠢᠯᠡ ᠠᠵᠢᠯᠯᠠᠭ᠎ᠠ ᠶᠢ ᠬᠢᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠡᠷᠡᠭᠦᠦ ᠶᠢᠨ ᠬᠠᠤᠯᠢ ᠶᠢᠨ ᠬᠤᠶᠠᠷ ᠵᠠᠭᠤ ᠳᠥᠴᠢᠨ ᠵᠢᠷᠭᠤᠳᠤᠭᠠᠷ ᠵᠦᠶᠢᠯ ᠤᠨ ᠬᠤᠶᠠᠳᠤᠭᠠᠷ ᠪᠠᠳᠠᠭ ᠲᠤ ᠲᠣᠭᠲᠠᠭᠠᠭᠰᠠᠨ ︽ᠨᠡᠢᠭᠡᠮ ᠤᠨ ᠡᠮᠬᠢ ᠵᠢᠷᠤᠮ ᠳᠤ ᠬᠦᠨᠳᠦ ᠨᠣᠴᠢᠲᠠᠢ ᠬᠤᠣᠷ ᠬᠦᠨᠦᠭᠡᠯ ᠤᠴᠠᠷᠠᠭᠤᠯᠤᠭᠰᠠᠨ︾ ᠢᠶᠠᠷ ᠮᠠᠭᠠᠳᠯᠠᠨ ᠲᠤᠭᠳᠠᠭᠠᠬᠤ ᠬᠡᠷᠡᠭᠲᠡᠢ :     ︵1︶ ᠬᠤᠣᠷᠯᠠᠭᠳᠠᠭᠴᠢ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠤ ᠤᠶᠤᠨ ᠮᠡᠳᠡᠷᠡᠯ ᠨᠢ ᠬᠡᠪ ᠤᠨ ᠪᠠᠶᠢᠳᠠᠯ ᠢᠶᠠᠨ ᠠᠯᠳᠠᠵᠤ᠂ ᠪᠡᠶ᠎ᠡ ᠪᠠᠨ ᠬᠤᠣᠷᠯᠠᠭᠰᠠᠨ ᠵᠡᠷᠭᠡ ᠬᠦᠨᠳᠦ ᠨᠣᠴᠢᠲᠠᠢ ᠤᠷᠰᠢᠭ ᠲᠠᠲᠠᠵᠤ᠂ ᠨᠡᠶᠢᠭᠡᠮ ᠳᠤ ᠮᠠᠭᠤ ᠨᠦᠯᠦᠭᠡ ᠦᠵᠡᠭᠦᠯᠦᠭᠰᠡᠨ︔     ︵2︶ ᠲᠤᠷ᠎ᠠ ᠪᠠᠷ ᠢᠶᠠᠨ ᠡᠩ ᠤᠨ ᠣᠯᠠᠨ ᠨᠡᠶᠢᠲᠡ ᠪᠠᠷ ᠬᠦᠨᠦᠭᠡᠭᠳᠡᠬᠦᠨ ᠪᠣᠯᠭᠠᠵᠤ᠂ ᠬᠤᠯᠪᠤᠭᠳᠠᠭᠰᠠᠨ ᠪᠦᠬᠦᠢ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ ᠶᠡᠭᠡ ᠬᠡᠪᠴᠢᠶ᠎ᠡ ᠪᠠᠷ ᠲᠠᠷᠬᠠᠭᠠᠭᠠᠳ᠂ ᠶᠡᠭᠡ ᠬᠡᠮᠵᠢᠶᠡᠨ ᠤ ᠪᠣᠯᠬᠢ ᠪᠦᠳᠦᠭᠦᠯᠢᠭ᠂ ᠮᠠᠭᠤ ᠰᠠᠨᠠᠭ᠎ᠠ ᠲᠠᠢ ᠪᠠᠷ ᠰᠢᠭᠦᠮᠵᠢ ᠡᠭᠦᠰᠭᠡᠵᠦ᠂ ᠰᠦᠯᠵᠢᠶᠡᠨ ᠤ ᠡᠮᠬᠢ ᠵᠢᠷᠤᠮ ᠢ ᠬᠦᠨᠳᠦ ᠨᠣᠴᠢᠲᠠᠶ ᠡᠪᠳᠡᠵᠦ᠂ ᠨᠡᠶᠢᠭᠡᠮ ᠤᠨ ᠮᠠᠭᠤ ᠨᠥᠯᠥᠭᠡ ᠦᠵᠡᠭᠦᠯᠦᠭᠰᠡᠨ︔     ︵3︶ ᠣᠯᠠᠨ ᠬᠥᠮᠦᠨ ᠢ ᠭᠤᠲᠤᠭᠠᠨ ᠲᠤᠷᠤᠮᠵᠢᠯᠠᠭᠰᠠᠨ᠂ ᠭᠦᠳᠭᠡᠭᠰᠡᠨ ᠪᠤᠶᠤ ᠭᠤᠲᠤᠭᠠᠨ ᠲᠤᠷᠤᠮᠵᠢᠯᠠᠭᠰᠠᠨ᠂ ᠭᠦᠳᠭᠡᠭᠰᠡᠨ ᠮᠡᠳᠡᠭᠡ ᠵᠠᠩᠭᠢ ᠶᠢ ᠣᠯᠠᠨ ᠤᠳᠠᠭ᠎ᠠ ᠲᠠᠷᠬᠠᠭᠠᠭᠠᠳ ᠨᠡᠶᠢᠭᠡᠮ ᠳᠤ ᠮᠠᠭᠤ ᠨᠦᠯᠦᠭᠡ ᠦᠵᠡᠭᠦᠯᠦᠭᠰᠡᠨ︔     ︵4︶ ᠬᠦᠮᠦᠰ ᠢ ᠵᠣᠬᠢᠶᠠᠨ ᠪᠠᠶᠢᠭᠤᠯᠵᠤ᠂ ᠵᠢᠭᠠᠨ ᠳᠣᠬᠢᠵᠤ ᠪᠠᠶᠢᠭᠠᠳ ᠣᠯᠠᠨ ᠰᠦᠯᠵᠢᠶᠡᠨ ᠤ ᠲᠠᠪᠴᠠᠩ ᠳᠤ ᠲᠤᠷᠤᠮᠵᠢᠯᠠᠭᠰᠠᠨ᠂ ᠭᠦᠳᠭᠡᠭᠰᠡᠨ ᠮᠡᠳᠡᠭᠡ ᠵᠠᠩᠭᠢ ᠶᠢ ᠶᠡᠭᠡ ᠬᠡᠮᠵᠢᠶ᠎ᠡ ᠪᠠᠷ ᠲᠠᠷᠬᠠᠭᠠᠭᠠᠳ᠂ ᠨᠡᠶᠢᠭᠡᠮ ᠳᠤ ᠮᠠᠭᠤ ᠨᠦᠯᠦᠭᠡ ᠦᠵᠡᠭᠦᠯᠦᠭᠰᠡᠨ︔     ︵5︶ ᠨᠡᠶᠢᠭᠡᠮ ᠤᠨ ᠡᠮᠬᠢ ᠵᠢᠷᠤᠮ ᠢ ᠬᠦᠨᠳᠦ ᠨᠣᠴᠢᠲᠠᠢ ᠬᠤᠬᠢᠷᠠᠭᠤᠯᠤᠭᠰᠠᠨ ᠪᠤᠰᠤᠳ ᠪᠠᠶᠢᠳᠠᠯ ᠤᠳ᠃     13. ᠭᠤᠲᠤᠭᠠᠭᠰᠠᠨ᠂ ᠭᠦᠳᠬᠡᠭᠰᠡᠨ ᠡᠷᠡᠭᠦᠦ ᠶᠢᠨ ᠬᠡᠷᠡᠭ ᠤᠨ ᠠᠯᠪᠠᠨ ᠵᠠᠭᠠᠯᠳᠤᠯᠭ᠎ᠠ ᠶᠢᠨ ᠵᠢᠷᠤᠮ ᠢ ᠬᠠᠤᠯᠢ ᠶᠣᠰᠣᠭᠠᠷ ᠬᠡᠷᠡᠭᠯᠡᠨ᠎ᠡ᠃ ᠨᠡᠶᠢᠭᠡᠮ ᠤᠨ ᠡᠮᠬᠢ ᠵᠢᠷᠤᠮ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠰᠦᠯᠵᠢᠶ᠎ᠡ ᠪᠠᠷ ᠭᠤᠲᠤᠭᠠᠭᠰᠠᠨ᠂ ᠭᠦᠳᠬᠡᠭᠰᠡᠨ ᠦᠢᠯᠡ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠴᠠᠭ ᠲᠤᠬᠠᠶ ᠳᠤ ᠨᠢ ᠬᠡᠷᠡᠭ ᠪᠣᠯᠭᠠᠨ ᠳᠠᠩᠰᠠᠯᠠᠬᠤ ᠬᠡᠷᠡᠭᠲᠡᠶ᠃ ᠬᠤᠣᠷᠯᠠᠭᠳᠠᠭᠴᠢ ᠨᠢ ᠠᠷᠠᠳ ᠤᠨ ᠰᠢᠭᠦᠬᠦ ᠬᠤᠷᠢᠶᠠᠨ ᠳᠤ ᠬᠠᠮᠲᠤ ᠳᠤ ᠨᠢ ᠬᠤᠪᠢ ᠶᠢᠨ ᠵᠠᠭᠠᠯᠳᠤᠯᠭ᠎ᠠ ᠭᠠᠷᠭᠠᠭᠰᠠᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠥᠪᠡᠷᠲᠡᠭᠡᠨ ᠵᠠᠭᠠᠯᠳᠤᠭᠴᠢ ᠶᠢ ᠤᠷᠢᠵᠤ ᠬᠤᠪᠢ ᠶᠢᠨ ᠵᠠᠭᠠᠯᠳᠤᠯᠭ᠎ᠠ ᠪᠠᠨ ᠪᠤᠴᠠᠭᠠᠯᠭᠠᠬᠤ ᠪᠤᠶᠤ ᠦᠯᠦ ᠬᠦᠯᠢᠶᠡᠨ ᠠᠪᠴᠤ ᠰᠢᠢᠳᠪᠦᠷᠢᠯᠡᠬᠦ ᠲᠣᠭᠲᠠᠭᠠᠯᠲᠠ ᠭᠠᠷᠭᠠᠵᠤ ᠪᠣᠯᠤᠨ᠎ᠠ︔ ᠨᠢᠭᠡᠨᠲᠡ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠪᠠᠶᠢᠪᠠᠯ᠂ ᠰᠢᠭᠦᠯᠲᠡ ᠶᠢ ᠳᠠᠭᠤᠰᠬᠠᠬᠤ ᠲᠣᠭᠲᠠᠭᠠᠯᠲᠠ ᠭᠠᠷᠭᠠᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠂ ᠤᠤᠯ ᠤᠨ ᠥᠪᠡᠷᠲᠡᠭᠡᠨ ᠵᠠᠭᠠᠯᠳᠤᠭᠰᠠᠨ ᠬᠥᠮᠦᠨ ᠨᠢ ᠬᠤᠣᠷᠯᠠᠭᠳᠠᠭᠴᠢ ᠶᠢᠨ ᠬᠤᠪᠢ ᠪᠠᠷ ᠵᠠᠷᠭᠤ ᠳᠤ ᠣᠷᠣᠯᠴᠠᠵᠤ ᠪᠣᠯᠤᠨ᠎ᠠ᠃ ᠰᠦᠯᠵᠢᠶ᠎ᠡ ᠪᠠᠷ ᠭᠤᠲᠤᠭᠠᠭᠰᠠᠨ᠂ ᠭᠦᠳᠬᠡᠭᠰᠡᠨ ᠦᠢᠯᠡ ᠠᠵᠢᠯᠯᠠᠭ᠎ᠠ ᠶᠢ ᠬᠤᠣᠷᠯᠠᠭᠳᠠᠭᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠡᠷᠡᠭ ᠪᠣᠯᠭᠠᠨ ᠳᠠᠩᠰᠠᠯᠠᠬᠤ ᠠᠴᠠ ᠡᠮᠦᠨ᠎ᠡ ᠥᠪᠡᠷᠲᠡᠭᠡᠨ ᠵᠠᠭᠠᠯᠳᠤᠵᠤ᠂ ᠠᠷᠠᠳ ᠤᠨ ᠰᠢᠭᠦᠬᠦ ᠬᠤᠷᠢᠶ᠎ᠠ ᠬᠢᠨᠠᠨ ᠪᠠᠶᠢᠴᠠᠭᠠᠭᠠᠳ ᠬᠤᠯᠪᠣᠭᠳᠠᠯ ᠪᠦᠬᠦᠢ ᠦᠢᠯᠡ ᠠᠵᠢᠯᠯᠠᠭ᠎ᠠ ᠨᠢ ᠨᠡᠶᠢᠭᠡᠮ ᠤᠨ ᠡᠮᠬᠢ ᠵᠢᠷᠤᠮ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠭᠡᠵᠦ ᠦᠵᠡᠭᠰᠡᠨ ᠪᠠᠶᠢᠪᠠᠯ᠂ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃     ᠰᠦᠯᠵᠢᠶ᠎ᠡ ᠪᠠᠷ ᠭᠤᠲᠤᠭᠠᠭᠰᠠᠨ᠂ ᠭᠦᠳᠬᠡᠭᠰᠡᠨ ᠦᠢᠯᠡ ᠠᠵᠢᠯᠯᠠᠭ᠎ᠠ ᠶᠢ ᠬᠤᠣᠷᠯᠠᠭᠳᠠᠭᠴᠢ ᠪᠤᠶᠤ ᠲᠡᠭᠦᠨ ᠤ ᠤᠢᠢᠷ᠎ᠠ ᠲᠦᠷᠦᠯ ᠰᠠᠳᠤᠨ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠢᠨᠠᠨ ᠪᠠᠶᠢᠴᠠᠭᠠᠭᠠᠳ ᠨᠢᠭᠡᠨᠲᠡ ᠶᠠᠯ᠎ᠠ ᠪᠤᠯᠵᠤ ᠪᠦᠷᠢᠯᠳᠦᠭᠰᠡᠨ ᠪᠣᠯᠪᠠᠴᠤ ᠠᠯᠪᠠᠨ ᠵᠠᠭᠠᠯᠳᠤᠯᠭ᠎ᠠ ᠶᠢᠨ ᠨᠥᠬᠦᠴᠡᠯ ᠳᠤ ᠨᠡᠶᠢᠴᠡᠬᠦ ᠦᠭᠡᠢ ᠭᠡᠵᠦ ᠦᠵᠡᠪᠡᠯ᠂ ᠠᠷᠠᠳ ᠤᠨ ᠰᠢᠭᠦᠬᠦ ᠬᠤᠷᠢᠶᠠᠨ ᠳᠤ ᠥᠪᠡᠷᠲᠡᠭᠡᠨ ᠵᠠᠭᠠᠯᠳᠤᠬᠤ ᠶᠢ ᠬᠡᠷᠡᠭ ᠮᠡᠳᠡᠭᠦᠯᠦᠭᠴᠢ ᠳᠤ ᠬᠡᠯᠡᠵᠦ ᠥᠭᠴᠦ ᠪᠣᠯᠤᠨ᠎ᠠ᠃     14. ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃ ᠠᠷᠠᠳ ᠤᠨ ᠪᠠᠶᠢᠴᠠᠭᠠᠬᠤ ᠬᠤᠷᠢᠶ᠎ᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢᠨ ᠲᠣᠭᠲᠠᠭᠠᠯ ᠶᠣᠰᠣᠭᠠᠷ᠂ ᠰᠦᠯᠵᠢᠶᠡᠨ ᠤ ᠬᠦᠴᠦᠷᠬᠡᠭᠯᠡᠯ ᠤᠨ ᠶᠠᠯᠠᠲᠤ ᠬᠡᠷᠡᠭ ᠢ ᠬᠡᠷᠡᠭ ᠪᠣᠯᠭᠠᠨ ᠳᠠᠩᠰᠠᠯᠠᠬᠤ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠪᠠ᠃     ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠲᠤᠤᠷᠠᠳᠤ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠦᠯᠵᠢᠶᠡᠨ ᠤ ᠬᠦᠴᠦᠷᠬᠡᠭᠯᠡᠯ ᠤᠨ ᠬᠡᠷᠡᠭ ᠢ ᠬᠡᠷᠡᠭ ᠪᠣᠯᠭᠠᠨ ᠳᠠᠩᠰᠠᠯᠠᠬᠤ ᠠᠵᠢᠯ ᠳᠠᠬᠢ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠ ᠳᠣᠲᠣᠭᠠᠳᠤ ᠶᠢᠨ ᠬᠢᠨᠠᠯᠲᠠ ᠪᠠᠨ ᠴᠢᠩᠭᠠᠳᠬᠠᠬᠤ ᠬᠡᠷᠡᠭᠲᠡᠶ᠃     15. ᠬᠥᠮᠦᠨ ᠤ ᠨᠡᠷ᠎ᠡ ᠬᠦᠨᠳᠦ ᠶᠢᠨ ᠡᠷᠬᠡ ᠳᠤ ᠬᠠᠯᠳᠠᠬᠤ ᠶᠢ ᠴᠠᠭᠠᠵᠠᠯᠠᠬᠤ ᠵᠠᠷᠯᠢᠭ ᠤᠨ ᠲᠦᠷᠢᠮ ᠢ ᠬᠠᠤᠯᠢ ᠶᠣᠰᠣᠭᠠᠷ ᠬᠡᠷᠡᠭᠯᠡᠨ᠎ᠡ᠃ ᠡᠷᠬᠡᠲᠦ ᠬᠥᠮᠦᠨ ᠨᠢ ᠦᠢᠯᠡ ᠠᠵᠢᠯᠯᠠᠭᠠᠳᠠᠨ ᠤ ᠥᠪᠡᠷ ᠤᠨ ᠨᠡᠷ᠎ᠡ ᠬᠦᠨᠳᠦ ᠶᠢᠨ ᠡᠷᠬᠡ ᠳᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠶᠠᠭ ᠬᠢᠵᠦ ᠪᠠᠶᠢᠭ᠎ᠠ ᠪᠤᠶᠤ ᠬᠢᠬᠦ ᠭᠡᠵᠦ ᠪᠠᠶᠢᠭ᠎ᠠ ᠶᠢ ᠭᠡᠷᠡᠴᠢᠯᠡᠬᠦ ᠭᠡᠷᠡᠴᠢ ᠪᠠᠷᠢᠮᠲᠠ ᠲᠠᠢ ᠪᠠᠶᠢᠵᠤ᠂ ᠴᠠᠭ ᠲᠤᠬᠠᠶ ᠳᠤ ᠨᠢ ᠬᠤᠷᠢᠭᠯᠠᠨ ᠵᠣᠭᠰᠣᠭᠠᠬᠤ ᠦᠭᠡᠢ ᠪᠣᠯ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠨᠥᠬᠦᠪᠥᠷᠢᠯᠡᠬᠦᠶ᠎ᠡ ᠪᠡᠷᠬᠡ ᠬᠤᠬᠢᠷᠠᠯ ᠤᠴᠠᠷᠠᠭᠤᠯᠬᠤ ᠲᠤᠯᠠ᠂ ᠢᠷᠭᠡᠨ ᠤ ᠬᠠᠤᠯᠢ ᠶᠢᠨ ᠪᠢᠴᠢᠭ ᠤᠨ ᠶᠢᠰᠦᠨ ᠵᠠᠭᠤ ᠶᠡᠷᠡᠨ ᠳᠣᠯᠣᠳᠤᠭᠠᠷ ᠵᠦᠢᠯ ᠢ ᠦᠨᠳᠦᠰᠦᠯᠡᠨ ᠦᠢᠯᠡ ᠠᠵᠢᠯᠯᠠᠭᠠᠳᠠᠨ ᠢ ᠵᠠᠷᠯᠢᠭᠳᠠᠵᠤ ᠪᠠᠶᠢᠭᠠᠳ ᠬᠤᠯᠪᠣᠭᠳᠠᠯ ᠪᠦᠬᠦᠢ ᠦᠢᠯᠡ ᠠᠵᠢᠯᠯᠠᠭ᠎ᠠ ᠶᠢ ᠨᠢ ᠵᠣᠭᠰᠣᠭᠠᠯᠭᠠᠬᠤ ᠠᠷᠭ᠎ᠠ ᠬᠡᠮᠵᠢᠶ᠎ᠡ ᠠᠪᠤᠭᠤᠯᠬᠤ ᠪᠠᠷ ᠠᠷᠠᠳ ᠤᠨ ᠰᠢᠭᠦᠬᠦ ᠬᠤᠷᠢᠶ᠎ᠠ ᠳᠤ ᠭᠤᠶᠤᠴᠢᠯᠠᠭᠰᠠᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠬᠡᠷᠡᠭ ᠤᠨ ᠪᠣᠳᠠᠲᠤ ᠪᠠᠶᠢᠳᠠᠯ ᠢ ᠦᠨᠳᠦᠰᠦᠯᠡᠨ ᠬᠠᠤᠯᠢ ᠶᠣᠰᠣᠭᠠᠷ ᠬᠥᠮᠦᠨ ᠤ ᠨᠡᠷ᠎ᠡ ᠬᠦᠨᠳᠦ ᠶᠢᠨ ᠡᠷᠬᠡ ᠳᠤ ᠬᠠᠯᠳᠠᠬᠤ ᠶᠢ ᠴᠠᠭᠠᠵᠠᠯᠠᠬᠤ ᠵᠠᠷᠯᠢᠭ ᠭᠠᠷᠭᠠᠵᠤ ᠪᠣᠯᠤᠨ᠎ᠠ᠃     16. ᠬᠠᠤᠯᠢ ᠶᠣᠰᠣᠭᠠᠷ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠨ᠎ᠠ᠃ ᠰᠦᠯᠵᠢᠶᠡᠨ ᠤ ᠬᠦᠴᠦᠷᠬᠡᠭᠯᠡᠯ ᠤᠨ ᠦᠢᠯᠡ ᠠᠵᠢᠯᠯᠠᠭ᠎ᠠ ᠨᠢ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠪᠠᠯ᠂ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ ᠪᠣᠯᠤᠨ᠎ᠠ᠃     ᠰᠦᠯᠵᠢᠶᠡᠨ ᠤ ᠦᠢᠯᠡᠴᠢᠯᠡᠭᠡ ᠬᠠᠩᠭᠠᠭᠴᠢ ᠨᠢ ᠣᠯᠵᠤ ᠮᠡᠳᠡᠭᠰᠡᠨ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠨᠢ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠠᠴᠠ ᠪᠤᠯᠵᠤ᠂ ᠬᠠᠤᠯᠢ ᠶᠢ ᠵᠥᠷᠢᠴᠡᠭᠰᠡᠨ ᠮᠡᠳᠡᠭᠡ ᠵᠠᠩᠭᠢ ᠶᠢ ᠶᠡᠭᠡ ᠬᠡᠮᠵᠢᠶ᠎ᠡ ᠪᠠᠷ ᠤᠯᠠᠮᠵᠢᠯᠠᠨ ᠲᠠᠷᠬᠠᠭᠠᠭᠰᠠᠨ ᠪᠤᠶᠤ ᠪᠤᠰᠤᠳ ᠬᠦᠨᠳᠦ ᠨᠣᠴᠢᠲᠠᠶ ᠦᠢᠯᠡ ᠪᠠᠶᠢᠳᠠᠯ ᠲᠠᠢ ᠪᠠᠶᠢᠵᠤ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠪᠠᠯ᠂ ᠠᠷᠠᠳ ᠤᠨ ᠪᠠᠶᠢᠴᠠᠭᠠᠬᠤ ᠬᠤᠷᠢᠶ᠎ᠠ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ ᠪᠣᠯᠤᠨ᠎ᠠ᠃     ᠠᠷᠠᠳ ᠤᠨ ᠪᠠᠶᠢᠴᠠᠭᠠᠬᠤ ᠬᠤᠷᠢᠶ᠎ᠠ ᠰᠦᠯᠵᠢᠶᠡᠨ ᠤ ᠬᠦᠴᠦᠷᠬᠡᠭᠯᠡᠯ ᠢᠶᠠᠷ ᠵᠠᠰᠠᠬᠤ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠰᠢᠢᠳᠪᠦᠷᠢᠯᠡᠬᠦ ᠳᠤ ᠪᠠᠨ ᠰᠦᠯᠵᠢᠶᠡᠨ ᠤ ᠦᠢᠯᠡᠴᠢᠯᠡᠭᠡ ᠬᠠᠩᠭᠠᠭᠴᠢ ᠶᠢ ᠴᠢᠬᠤᠯᠠ ᠪᠦᠬᠦᠢ ᠮᠡᠷᠭᠡᠵᠢᠯ ᠤᠨ ᠳᠡᠮᠵᠢᠯᠭᠡ ᠪᠠ ᠬᠠᠮᠵᠢᠯᠴᠠᠭ᠎ᠠ ᠬᠠᠩᠭᠠᠯᠭᠠᠬᠤ ᠪᠠᠷ ᠬᠠᠤᠯᠢ ᠶᠣᠰᠣᠭᠠᠷ ᠱᠠᠭᠠᠷᠳᠠᠵᠤ ᠪᠣᠯᠤᠨ᠎ᠠ᠃     ᠳᠥᠷᠪᠡ᠂ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠬᠤ ᠶᠢ ᠠᠬᠢᠭᠤᠯᠬᠤ ᠬᠡᠷᠡᠭᠲᠡᠶ᠃     17. ᠬᠤᠬᠢᠷᠠᠯ ᠠᠮᠰᠠᠭᠴᠢ ᠶᠢᠨ ᠡᠷᠬᠡ ᠠᠰᠢᠭ ᠢ ᠪᠦᠲᠦᠮᠵᠢᠲᠡᠶ ᠪᠠᠲᠤᠯᠠᠨ᠎ᠠ᠃ ᠰᠦᠯᠵᠢᠶᠡᠨ ᠤ ᠬᠦᠴᠦᠷᠬᠡᠭᠯᠡᠯ ᠤᠨ ᠬᠡᠷᠡᠭ ᠢ ᠰᠢᠢᠳᠪᠦᠷᠢᠯᠡᠬᠦ ᠳᠤ ᠪᠠᠨ ᠵᠠᠷᠭᠤ ᠶᠢᠨ ᠣᠷᠣᠯᠠᠭᠴᠢ ᠳᠤ ᠨᠠᠶᠢᠳᠠᠬᠤ ᠡᠷᠬᠡ ᠲᠠᠢ ᠭᠡᠳᠡᠭ ᠢ ᠬᠤᠬᠢᠷᠠᠯ ᠠᠮᠰᠠᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠪᠤᠶᠤ ᠤᠢᠢᠷ᠎ᠠ ᠲᠦᠷᠦᠯ ᠰᠠᠳᠤᠨ ᠳᠤ ᠴᠠᠭ ᠲᠤᠬᠠᠶ ᠳᠤ ᠨᠢ ᠬᠡᠯᠡᠵᠦ ᠥᠭᠬᠦ ᠬᠡᠷᠡᠭᠲᠡᠶ ᠪᠥᠭᠡᠳ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠡᠷᠬᠡ ᠲᠠᠢ ᠭᠡᠳᠡᠭ ᠢ ᠲᠡᠭᠦᠨ ᠳᠤ ᠬᠡᠯᠡᠵᠦ ᠥᠭᠬᠦ ᠬᠡᠷᠡᠭᠲᠡᠶ᠃ ᠬᠤᠯᠪᠣᠭᠳᠠᠯ ᠪᠦᠬᠦᠢ ᠰᠦᠯᠵᠢᠶᠡᠨ ᠤ ᠬᠦᠴᠦᠷᠬᠡᠭᠯᠡᠯ ᠤᠨ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠬᠦᠷᠢᠶ᠎ᠡ ᠬᠡᠪᠴᠢᠶ᠎ᠡ ᠥᠷᠭᠡᠨ᠂ ᠨᠡᠶᠢᠭᠡᠮ ᠤᠨ ᠬᠤᠣᠷ ᠬᠥᠨᠥᠭᠡᠯ ᠶᠡᠭᠡ᠂ ᠨᠥᠯᠥᠭᠡ ᠶᠢ ᠠᠷᠢᠯᠭᠠᠬᠤ ᠳᠤ ᠬᠦᠴᠢᠷ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠤᠯᠢ ᠶᠣᠰᠣᠭᠠᠷ ᠴᠠᠭ ᠲᠤᠬᠠᠶ ᠳᠤ ᠨᠢ ᠨᠡᠶᠢᠭᠡᠮ ᠳᠤ ᠬᠡᠷᠡᠭ ᠤᠨ ᠠᠬᠢᠴᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠪᠣᠳᠠᠲᠤ ᠬᠡᠷᠡᠭ ᠤᠨ ᠦᠨᠡᠨ ᠪᠠᠶᠢᠳᠠᠯ ᠢ ᠲᠣᠳᠣᠷᠬᠠᠶᠢᠯᠠᠵᠤ᠂ ᠮᠠᠭᠤ ᠨᠥᠯᠥᠭᠡ ᠶᠢ ᠪᠦᠲᠦᠮᠵᠢᠲᠡᠶ ᠪᠠᠷ ᠠᠷᠢᠯᠭᠠᠬᠤ ᠬᠡᠷᠡᠭᠲᠡᠶ᠃ ᠶᠠᠯ᠎ᠠ ᠪᠠᠨ ᠮᠡᠳᠡᠷᠡᠵᠦ ᠰᠢᠢᠳᠭᠡᠯ ᠢ ᠮᠡᠳᠡᠷᠡᠭᠰᠡᠨ ᠢ ᠠᠭᠤᠴᠢᠯᠠᠨ ᠰᠢᠢᠳᠭᠡᠬᠦ ᠲᠦᠷᠢᠮ ᠢ ᠬᠠᠤᠯᠢ ᠶᠣᠰᠣᠭᠠᠷ ᠬᠡᠷᠡᠭᠯᠡᠵᠦ᠂ ᠵᠠᠭᠠᠯᠳᠤᠭᠳᠠᠭᠴᠢ ᠶᠢᠨ ᠶᠠᠯ᠎ᠠ ᠪᠠᠨ ᠮᠡᠳᠡᠷᠡᠵᠦ ᠰᠢᠢᠳᠭᠡᠯ ᠢ ᠮᠡᠳᠡᠷᠡᠬᠦ᠂ ᠦᠨᠡᠨ ᠰᠡᠳᠬᠢᠯ ᠠᠴᠠ ᠪᠠᠨ ᠶᠠᠯ᠎ᠠ ᠪᠠᠨ ᠭᠡᠮᠰᠢᠬᠦ ᠶᠢ ᠠᠬᠢᠭᠤᠯᠵᠤ᠂ ᠵᠠᠭᠤᠴᠢᠯᠠᠭᠤᠷ ᠢᠶᠠᠷ ᠢᠯᠡ ᠪᠠᠷ ᠪᠤᠷᠤᠭᠤ ᠬᠦᠯᠢᠶᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠬᠢᠷᠠᠯ ᠠᠮᠰᠠᠭᠴᠢ ᠶᠢᠨ ᠨᠡᠷ᠎ᠡ ᠬᠦᠨᠳᠦ ᠶᠢᠨ ᠡᠷᠬᠡ ᠶᠢ ᠪᠦᠲᠦᠮᠵᠢᠲᠡᠶ ᠬᠠᠮᠠᠭᠠᠯᠠᠬᠤ ᠶᠢ ᠪᠡᠶᠡᠯᠡᠭᠦᠯᠪᠡ᠃ ᠡᠷᠡᠭᠦᠦ ᠰᠢᠢᠳᠭᠡᠯ ᠢᠶᠠᠷ ᠰᠢᠢᠳᠭᠡᠭᠳᠡᠭᠰᠡᠨ ᠵᠠᠭᠠᠯᠳᠤᠭᠳᠠᠭᠴᠢ ᠳᠤ ᠲᠤᠬᠠᠶᠢᠯᠠᠭᠰᠠᠨ ᠠᠵᠢᠯ ᠤᠨ ᠴᠠᠭᠠᠵᠠᠯᠠᠯ ᠪᠤᠶᠤ ᠴᠠᠭᠠᠵᠠᠯᠠᠯ ᠤᠨ ᠵᠠᠷᠯᠢᠭ ᠢ ᠬᠠᠤᠯᠢ ᠶᠣᠰᠣᠭᠠᠷ ᠵᠠᠷᠯᠠᠵᠤ ᠪᠣᠯᠤᠨ᠎ᠠ᠃     18. ᠵᠣᠯᠭᠠᠭᠤᠯᠤᠨ ᠬᠠᠮᠵᠢᠯᠴᠠᠬᠤ ᠶᠢ ᠴᠢᠩᠭᠠᠷᠠᠭᠤᠯᠤᠨ᠎ᠠ᠃ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠣᠶᠢᠯᠠᠭᠠᠭᠳᠠᠬᠤᠨ ᠢᠶᠠᠨ ᠨᠢᠭᠡᠳᠬᠡᠨ᠂ ᠥᠪᠡᠷᠲᠡᠭᠡᠨ ᠵᠠᠭᠠᠯᠳᠤᠬᠤ ᠵᠢᠷᠤᠮ ᠬᠢᠭᠡᠳ ᠠᠯᠪᠠᠨ ᠵᠠᠭᠠᠯᠳᠤᠯᠭ᠎ᠠ ᠶᠢᠨ ᠵᠢᠷᠤᠮ ᠢ ᠡᠮᠬᠢ ᠵᠢᠷᠤᠮ ᠲᠠᠢ ᠪᠠᠷ ᠵᠣᠯᠭᠠᠭᠤᠯᠵᠤ᠂ ᠬᠡᠷᠡᠭ ᠢ ᠤᠷᠤᠭᠰᠢᠲᠠᠶ ᠲᠤᠷᠰᠢᠨ ᠪᠠᠶᠢᠴᠠᠭᠠᠬᠤ᠂ ᠵᠠᠭᠠᠯᠳᠤᠬᠤ᠂ ᠰᠢᠭᠦᠨ ᠲᠠᠰᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠦᠨᠳᠦ ᠶᠡᠭᠡ᠂ ᠰᠡᠷᠭᠡᠭ ᠪᠥᠭᠡᠳ ᠪᠤᠳᠤᠯᠢᠶᠠᠨᠲᠠᠶ ᠬᠡᠷᠡᠭ ᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠷᠠᠳ ᠤᠨ ᠪᠠᠶᠢᠴᠠᠭᠠᠬᠤ ᠬᠤᠷᠢᠶᠠᠨ ᠤ ᠰᠠᠨᠠᠯ ᠰᠠᠨᠠᠭᠤᠯᠭ᠎ᠠ ᠶᠢ ᠰᠣᠨᠣᠰᠤᠭᠰᠠᠨ ᠪᠠᠶᠢᠪᠠᠯ᠂ ᠠᠷᠠᠳ ᠤᠨ ᠪᠠᠶᠢᠴᠠᠭᠠᠬᠤ ᠬᠤᠷᠢᠶ᠎ᠠ ᠴᠠᠭ ᠲᠤᠬᠠᠶ ᠳᠤ ᠨᠢ ᠬᠠᠩᠭᠠᠵᠤ᠂ ᠬᠡᠷᠡᠭ ᠢ ᠬᠠᠤᠯᠢ ᠶᠣᠰᠣᠭᠠᠷ ᠯᠠᠪᠳᠠᠭᠤᠨ ᠢᠶᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠨᠢᠭᠡᠴᠢ ᠶᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠥᠨᠳᠥᠷ ᠪᠦᠲᠦᠮᠵᠢᠲᠡᠶ ᠪᠠᠷ ᠬᠠᠮᠲᠤᠷᠠᠨ ᠬᠥᠳᠡᠯᠦᠯᠴᠡᠬᠦ ᠪᠠᠶᠢᠩᠭᠤᠵᠢᠭᠰᠠᠨ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠰᠦᠯᠵᠢᠶᠡᠨ ᠤ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠦᠲᠦᠮᠵᠢᠲᠡᠶ ᠪᠠᠷ ᠵᠠᠯᠬᠠᠭᠠᠨ ᠰᠢᠢᠳᠭᠡᠬᠦ ᠪᠠ ᠵᠠᠰᠠᠨ᠎ᠠ᠃     19. ᠬᠠᠤᠯᠢ ᠪᠠᠷ ᠵᠠᠰᠠᠬᠤ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠲᠤᠭᠤᠰᠢᠯᠠᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢᠨ ᠲᠦᠷᠢᠮ ᠢᠶᠠᠷ ᠬᠥᠲᠥᠯᠥᠨ ᠳᠠᠭᠠᠭᠤᠯᠬᠤ᠂ ᠦᠷᠳᠡᠭ ᠢᠶᠠᠷ ᠤᠳᠤᠷᠢᠳᠤᠮᠵᠢ ᠪᠣᠯᠭᠠᠬᠤ ᠪᠠ ᠦᠢᠯᠡ ᠠᠵᠢᠯᠯᠠᠭ᠎ᠠ ᠶᠢ ᠵᠢᠷᠤᠮᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠰᠦᠯᠵᠢᠶᠡᠨ ᠤ ᠬᠦᠴᠦᠷᠬᠡᠭᠯᠡᠯ ᠳᠤ ᠬᠤᠯᠪᠣᠭᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ︽ᠰᠦᠯᠵᠢᠶᠡᠨ ᠤ ᠣᠷᠣᠨ ᠵᠠᠶ ᠪᠣᠯ ᠬᠠᠤᠯᠢ ᠶᠢᠨ ᠭᠠᠳᠠᠨᠠᠬᠢ ᠭᠠᠵᠠᠷ ᠪᠢᠰᠢ︾ ᠭᠡᠳᠡᠭ ᠢ ᠲᠣᠳᠣᠷᠬᠠᠶ ᠳᠠᠮᠵᠢᠭᠤᠯᠵᠤ᠂ ᠥᠷᠭᠡᠨ ᠤᠯᠠᠨ ᠰᠦᠯᠵᠢᠶᠡᠨ ᠤ ᠢᠷᠭᠡᠳ ᠤᠨ ᠤᠬᠠᠮᠰᠠᠷ ᠠᠴᠠ ᠪᠠᠨ ᠬᠠᠤᠯᠢ ᠶᠢ ᠰᠠᠬᠢᠬᠤ ᠶᠢ ᠬᠥᠮᠦᠵᠢᠭᠦᠯᠦᠨ ᠬᠥᠲᠥᠯᠥᠨ ᠵᠢᠯᠣᠭᠤᠳᠴᠤ᠂ ᠨᠡᠶᠢᠭᠡᠮ ᠤᠨ ᠪᠣᠯᠪᠠᠰᠤᠨ ᠤ ᠬᠡᠪ ᠰᠤᠷᠲᠠᠯ ᠢ ᠬᠥᠲᠥᠯᠥᠨ ᠳᠠᠭᠠᠭᠤᠯᠪᠠ᠃     20. ᠰᠦᠯᠵᠢᠶᠡᠨ ᠤ ᠬᠦᠴᠦᠷᠬᠡᠭᠯᠡᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠡᠭᠦᠷᠭᠡ ᠴᠢᠳᠠᠪᠤᠷᠢ ᠳᠤ ᠰᠠᠭᠤᠷᠢᠯᠠᠨ᠂ ᠰᠦᠯᠵᠢᠶᠡᠨ ᠤ ᠬᠦᠴᠦᠷᠬᠡᠭᠯᠡᠯ ᠳᠤ ᠬᠤᠯᠪᠣᠭᠳᠠᠭᠰᠠᠨ ᠬᠤᠯᠪᠣᠭᠳᠠᠯ ᠪᠦᠬᠦᠢ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠭᠰᠡᠨ ᠰᠠᠭᠤᠷᠢᠨ ᠳᠡᠭᠡᠷ᠎ᠡ᠂ ᠵᠠᠷᠭᠤ ᠶᠢᠨ ᠢᠷᠡᠯᠲᠡ ᠶᠢᠨ ᠵᠠᠰᠠᠯᠲᠠ ᠶᠢ ᠪᠣᠳᠠᠲᠠᠶᠢᠵᠢᠭᠤᠯᠵᠤ᠂ ᠰᠦᠯᠵᠢᠶᠡᠨ ᠤ ᠬᠦᠴᠦᠷᠬᠡᠭᠯᠡᠯ ᠤᠨ ᠡᠭᠦᠰᠬᠦ ᠶᠢ ᠠᠬᠢᠭᠤᠯᠬᠤ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ᠂ ᠬᠠᠤᠯᠢ ᠪᠠᠷᠢᠬᠤ ᠰᠠᠨᠠᠭᠤᠯᠭ᠎ᠠ᠂ ᠪᠠᠶᠢᠴᠠᠭᠠᠬᠤ ᠰᠠᠨᠠᠭᠤᠯᠭ᠎ᠠ᠂ ᠳᠣᠲᠣᠭᠠᠳᠤ ᠶᠢ ᠬᠠᠮᠠᠭᠠᠯᠠᠬᠤ ᠰᠠᠨᠠᠭᠤᠯᠤᠮᠵᠢ ᠶᠢᠨ ᠪᠢᠴᠢᠭ ᠳᠤᠷᠠᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠦᠯᠵᠢᠶᠡᠨ ᠤ ᠬᠦᠴᠦᠷᠬᠡᠭᠯᠡᠯ ᠢ ᠤᠯᠠᠨ ᠡᠰᠢᠴᠢᠯᠡᠨ ᠬᠠᠮᠲᠤ ᠪᠠᠷ ᠵᠠᠰᠠᠬᠤ ᠶᠢ ᠠᠬᠢᠭᠤᠯᠵᠤ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠭᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠤᠷᠳᠤ ᠬᠤᠭᠤᠴᠠᠭᠠᠨ ᠤ ᠪᠦᠲᠦᠮᠵᠢᠲᠡᠶ ᠵᠠᠰᠠᠬᠤ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠦᠯᠵᠢᠶᠡᠨ ᠤ ᠬᠦᠴᠦᠷᠬᠡᠭᠯᠡᠯ ᠤᠨ ᠡᠭᠦᠰᠬᠦ ᠶᠢ ᠦᠨᠳᠦᠰᠦᠨ ᠠᠴᠠ ᠨᠢ ᠪᠠᠭᠠᠰᠬᠠᠵᠤ᠂ ᠰᠦᠯᠵᠢᠶᠡᠨ ᠤ ᠴᠡᠪᠡᠷ ᠲᠤᠩᠭᠠᠯᠠᠭ ᠣᠷᠣᠨ ᠵᠠᠶ ᠶᠢ ᠪᠤᠢ ᠪᠣᠯᠭᠠᠨ᠎ᠠ᠃ 
ᠢᠷᠡᠯᠲᠡ᠄ ᠲᠣᠳᠤᠭᠠᠳᠤ ᠶᠢ ᠬᠠᠮᠠᠭᠠᠯᠠᠬᠤ ᠶᠠᠮᠤᠨ ᠤ ᠰᠦᠯᠵᠢᠶ᠎ᠡ