ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠰᠤᠷᠭᠠᠨ ᠬᠥᠮᠦᠵᠢᠯ ᠢ ᠦᠨᠳᠦᠰᠦᠨ ᠱᠠᠲᠤᠨ ᠳᠤ ᠬᠦᠷᠭᠡᠵᠦ ᠬᠠᠤᠯᠢ ᠬᠡᠷᠡᠭᠵᠢᠭᠦᠯᠬᠦ ᠪᠣᠯᠪᠠᠰᠤᠷᠠᠯ ᠢᠶᠠᠷ ᠴᠢᠳᠠᠪᠤᠷᠢ ᠶᠢᠨ ᠳᠡᠭᠡᠭᠰᠢᠯᠡᠭᠦᠯᠦᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2023/10/19
     8 ᠰᠠᠷ᠎ᠠ ᠶᠢᠨ 16 ᠤ ᠡᠳᠦᠷ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠠᠯᠠᠱᠠ ᠠᠶᠢᠮᠠᠭ ᠤᠨ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠠᠤᠯᠢ ᠲᠦᠷᠢᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠨᠠᠮ ᠤᠨ ᠬᠤᠷᠢᠶᠠᠨ ᠤ ᠭᠡᠰᠢᠭᠦᠨ ᠭᠠᠯᠪᠠᠭᠠᠲᠤᠷ ᠰᠢᠪᠠᠳᠠᠨ ᠪᠠᠶᠢᠴᠠᠭᠠᠬᠤ ᠬᠠᠤᠯᠢ ᠲᠦᠷᠢᠮ ᠤᠨ ᠶᠡᠭᠡ ᠠᠩᠭᠢ ᠶᠢᠨ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠳᠠᠭᠠᠭᠤᠯᠤᠨ ᠲᠩᠷᠢ ᠡᠯᠡᠰᠦ ᠲᠣᠮᠢᠯᠠᠭᠰᠠᠨ ᠰᠠᠯᠪᠤᠷᠢ ᠳᠤ ᠬᠦᠷᠴᠦ ᠰᠤᠷᠭᠠᠨ ᠬᠥᠮᠦᠵᠢᠯ ᠢ ᠦᠨᠳᠦᠰᠦᠨ ᠱᠠᠲᠤᠨ ᠳᠤ ᠬᠦᠷᠭᠡᠵᠦ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠪᠡ᠃
1.jpg
     ᠪᠣᠯᠪᠠᠰᠤᠷᠠᠯ ᠤᠨ ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠭᠡᠰᠢᠭᠦᠨ ᠭᠠᠯᠪᠠᠭᠠᠲᠤᠷ ᠡᠩ ᠲᠡᠷᠢᠭᠦᠨ ᠳᠤ ᠲᠣᠮᠢᠯᠠᠭᠰᠠᠨ ᠰᠠᠯᠪᠤᠷᠢ ᠶᠢᠨ 8 ᠰᠠᠷ᠎ᠠ ᠠᠴᠠ ᠨᠠᠭᠠᠰᠢᠬᠢ  ᠲᠦᠭᠰᠢᠭᠦᠷᠢ ᠶᠢᠨ ᠮᠡᠳᠡᠭᠦᠯᠦᠯᠲᠡ ᠶᠢ ᠰᠢᠢᠳᠪᠦᠷᠢᠯᠡᠭᠰᠡᠨ ᠦᠷ᠎ᠡ ᠳ᠋ᠦᠩ ᠤᠨ ᠰᠣᠩᠭᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠵᠦ᠂ ᠥᠪᠡᠷᠲᠡᠭᠡᠨ ᠵᠥᠪᠳᠡᠯᠴᠡᠬᠦ ᠲᠥᠷᠥᠯ ᠤᠨ ᠴᠠᠭᠳᠠᠭᠠᠨ ᠤ ᠪᠠᠶᠢᠳᠠᠯ ᠪᠠ ᠲᠤᠬᠠᠶ ᠶᠢᠨ ᠲᠠᠯᠠᠪᠤᠷ ᠲᠤ ᠡᠶᠡᠳᠡᠭᠦᠯᠬᠦ ᠲᠥᠷᠥᠯ ᠤᠨ ᠴᠠᠭᠳᠠᠭᠠᠨ ᠤ ᠪᠠᠶᠢᠳᠠᠯ ᠤᠨ ᠢᠯᠭᠠᠭ᠎ᠠ ᠶᠢ ᠵᠢᠱᠢᠶ᠎ᠡ ᠲᠠᠲᠠᠵᠤ ᠲᠠᠶᠢᠯᠪᠤᠷᠢᠯᠠᠨ᠂ ᠬᠠᠷᠢᠴᠠᠭᠤᠯᠤᠨ ᠲᠣᠳᠣᠷᠬᠠᠶᠢᠯᠠᠬᠤ ᠶᠢᠨ ᠬᠠᠮᠲᠤ ᠬᠤᠶᠢᠰᠢᠳᠠ ᠶᠢᠨ ᠲᠣᠮᠢᠯᠠᠭᠰᠠᠨ ᠰᠠᠯᠪᠤᠷᠢ ᠶᠢᠨ ᠲᠦᠭᠰᠢᠭᠦᠷᠢ ᠶᠢᠨ ᠪᠠᠶᠢᠳᠠᠯ ᠢ ᠰᠢᠢᠳᠪᠦᠷᠢᠯᠡᠬᠦ ᠠᠵᠢᠯ ᠤᠨ ᠲᠤᠬᠠᠶ 2 ᠵᠤᠷᠪᠤᠰ ᠬᠠᠤᠯᠢ ᠲᠦᠷᠢᠮ ᠤᠨ ᠠᠵᠢᠯ ᠤᠨ ᠰᠠᠨᠠᠭᠤᠯᠭ᠎ᠠ ᠳᠤᠷᠠᠳᠪᠠ᠃
2.jpg
     ᠲᠠᠷᠠᠭ᠎ᠠ ᠨᠢ᠂ ᠰᠢᠪᠠᠳᠠᠨ ᠪᠠᠶᠢᠴᠠᠭᠠᠬᠤ ᠬᠠᠤᠯᠢ ᠲᠦᠷᠢᠮ ᠤᠨ ᠶᠡᠭᠡ ᠠᠩᠬᠢ ᠶᠢᠨ ᠳᠠᠷᠤᠭ᠎ᠠ ᠵᠠᠩ ᠱᠢ ᠹᠠᠩ ᠤᠢᠢᠷ᠎ᠠ ᠶᠢᠨ ᠬᠤᠭᠤᠴᠠᠭᠠᠨ ᠳᠤ ᠲᠣᠮᠢᠯᠠᠭᠰᠠᠨ ᠰᠠᠯᠪᠤᠷᠢ ᠶᠢᠨ ︽ᠲᠦᠭᠰᠢᠭᠦᠷᠢ ᠶᠢᠨ ᠪᠠᠶᠢᠳᠠᠯ ᠢ ᠰᠢᠢᠳᠪᠦᠷᠢᠯᠡᠭᠰᠡᠨ ᠪᠦᠷᠢᠳᠬᠡᠯ ᠤᠨ ᠬᠦᠰᠦᠨᠦᠭ︾ ᠢ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠠᠢ ᠳᠤ ᠵᠢᠭᠠᠵᠤ ᠭᠠᠷᠭᠠᠭᠰᠠᠨ ᠤ ᠬᠠᠮᠲᠤ᠂ ᠤᠳᠠᠭ᠎ᠠ  ᠪᠦᠷᠢ  ᠶᠢᠨ  ᠲᠦᠭᠰᠢᠭᠦᠷᠢ  ᠶᠢᠨ  ᠪᠠᠶᠢᠳᠠᠯ  ᠢ  ᠨᠠᠷᠢᠨ  ᠬᠢᠨᠠᠮᠠᠭᠠᠢ  ᠰᠢᠢᠳᠪᠦᠷᠢᠯᠡᠵᠦ᠂ ︽ᠲᠦᠭᠰᠢᠭᠦᠷᠢ ᠶᠢᠨ ᠪᠠᠶᠢᠳᠠᠯ ᠢ ᠰᠢᠢᠳᠪᠦᠷᠢᠯᠡᠭᠰᠡᠨ ᠪᠦᠷᠢᠳᠬᠡᠯ ᠤᠨ ᠬᠦᠰᠦᠨᠦᠭ︾ ᠢ ᠵᠢᠷᠤᠮᠵᠢᠯ ᠲᠠᠢ ᠲᠠᠭᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠬᠡᠷᠡᠭ ᠰᠢᠢᠳᠪᠦᠷᠢᠯᠡᠬᠦ ᠴᠠᠭᠳᠠᠭ᠎ᠠ ᠨᠠᠷ ᠲᠤ ᠰᠠᠨᠠᠭᠤᠯᠵᠠᠢ᠃ ᠡᠭᠦᠨ ᠤ ᠬᠠᠮᠲᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠠᠪᠤᠴᠠ ᠳᠤ ᠠᠮᠠᠷᠬᠠᠨ ᠡᠭᠦᠰᠬᠦ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠴᠡᠭ ᠵᠢᠴᠢ ᠠᠷᠢᠯᠭᠠᠬᠤ ᠠᠷᠭ᠎ᠠ ᠶᠢᠨ ᠲᠤᠬᠠᠶ ᠲᠠᠶᠢᠯᠪᠤᠷᠢᠯᠠᠯᠲᠠ ᠲᠣᠳᠣᠷᠬᠠᠶᠢᠯᠠᠯᠲᠠ ᠶᠢ ᠤᠯᠠᠮ ᠨᠢᠭᠡ ᠠᠯᠬᠤᠮ ᠴᠢᠬᠤᠯᠠᠴᠢᠯᠠᠵᠤ᠂ ᠪᠣᠯᠪᠠᠰᠤᠷᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠳᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠩᠭᠤ ᠬᠡᠷᠡᠭᠯᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠪᠣᠯᠪᠠᠰᠤᠷᠠᠯ ᠳᠤ ᠣᠷᠣᠯᠴᠠᠭᠰᠠᠨ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠢᠨ ᠡᠳᠦᠷ ᠲᠤᠲᠤᠮ ᠤᠨ ᠡᠯ᠎ᠡ ᠲᠥᠷᠥᠯ ᠤᠨ ᠴᠠᠭᠳᠠᠭ᠎ᠠ ᠰᠢᠢᠳᠪᠦᠷᠢᠯᠡᠬᠦ ᠪᠠ ᠬᠠᠤᠯᠢ ᠬᠡᠷᠡᠭᠵᠢᠭᠦᠯᠬᠦ ᠠᠵᠢᠯᠯᠠᠭ᠎ᠠ ᠳᠤᠮᠳᠠ ᠲᠤᠯᠭᠠᠷᠠᠭᠰᠠᠨ ᠪᠣᠳᠠᠲᠠᠶ ᠬᠦᠴᠢᠷᠳᠡᠯ᠂ ᠠᠰᠠᠭᠤᠳᠠᠯ ᠵᠢᠴᠢ ᠬᠢᠨᠠᠨ ᠪᠠᠶᠢᠴᠠᠭᠠᠬᠤ ᠬᠠᠤᠯᠢ ᠳᠦᠷᠢᠮ ᠤᠨ ᠶᠡᠭᠡ ᠠᠩᠭᠢ ᠶᠢᠨ ᠪᠦᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠤᠬᠠᠶ ᠶᠢᠨ ᠲᠠᠯᠠᠪᠤᠷ ᠲᠤ ᠬᠡᠷᠬᠢᠨ ᠰᠢᠢᠳᠪᠦᠷᠢᠯᠡᠬᠦ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠪᠠ᠃ ᠡᠯ᠎ᠡ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠰᠠᠭᠤᠳᠠᠯ ᠤᠨ ᠳᠤᠮᠳᠠ ᠠᠴᠠ ᠲᠤᠷᠰᠢᠯᠭ᠎ᠠ ᠰᠢᠩᠭᠡᠭᠡᠨ ᠠᠪᠬᠤ ᠶᠢ ᠲᠠᠰᠤᠷᠠᠯᠲᠠ ᠥᠬᠡᠶ ᠠᠬᠢᠭᠤᠯᠵᠤ᠂ ᠰᠣᠯᠢᠯᠴᠠᠭ᠎ᠠ ᠪᠠᠷ ᠳᠠᠮᠵᠢᠭᠤᠯᠤᠨ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠪᠠ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃     ᠲᠣᠰ ᠤᠳᠠᠭᠠᠨ ᠤ ᠰᠤᠷᠭᠠᠨ ᠬᠥᠮᠦᠵᠢᠯ ᠢ ᠦᠨᠳᠦᠰᠦᠨ ᠱᠠᠲᠤᠨ ᠳᠤ ᠬᠦᠷᠭᠡᠬᠦ ᠬᠠᠤᠯᠢ ᠬᠡᠷᠡᠭᠵᠢᠭᠦᠯᠬᠦ ᠪᠣᠯᠪᠠᠰᠤᠷᠠᠯ ᠳᠤ ᠭᠤᠤᠯᠳᠠᠯᠭ᠎ᠠ ᠶᠢ ᠳᠣᠪᠤᠶᠢᠯᠭᠠᠨ᠂ ᠠᠰᠠᠭᠤᠳᠠᠯ ᠳᠤ ᠰᠢᠭᠤᠳ ᠬᠠᠨᠳᠤᠵᠤ᠂ ᠬᠠᠨᠳᠤᠯᠭᠠᠲᠤ ᠴᠢᠨᠠᠷ᠂ ᠪᠣᠳᠠᠲᠤ ᠪᠠᠶᠢᠯᠳᠤᠭᠠᠨ ᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠲᠩᠷᠢ ᠡᠯᠡᠰᠦ ᠲᠣᠮᠢᠯᠠᠭᠰᠠᠨ ᠰᠠᠯᠪᠤᠷᠢ ᠶᠢᠨ ᠪᠣᠯᠪᠠᠰᠤᠷᠠᠯ ᠳᠤ ᠣᠷᠣᠯᠴᠠᠭᠰᠠᠨ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠡᠳᠦᠷ ᠲᠤᠲᠤᠮ ᠤᠨ ᠲᠦᠭᠰᠢᠭᠦᠷᠢ ᠶᠢᠨ ᠪᠠᠶᠢᠳᠠᠯ ᠢ ᠰᠢᠶᠳᠪᠦᠷᠢᠯᠡᠬᠦ ᠪᠠ ᠬᠡᠷᠡᠭ ᠢ ᠰᠢᠶᠳᠪᠦᠷᠢᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠠᠯ᠎ᠠ ᠪᠠᠷ ᠨᠠᠩ ᠪᠥᠬᠦ ᠲᠠᠯ᠎ᠠ ᠶᠢᠨ᠂ ᠰᠢᠰᠲ᠋ᠧᠮ ᠲᠠᠢ᠂ ᠲᠣᠳᠣᠷᠬᠠᠶ ᠲᠠᠨᠢᠯᠲᠠ ᠲᠠᠢ ᠪᠣᠯᠭᠠᠵᠤ᠂ ᠪᠥᠬᠦ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠ ᠬᠠᠤᠯᠢ ᠬᠡᠷᠡᠭᠵᠢᠭᠦᠯᠵᠦ ᠬᠡᠷᠡᠭ ᠰᠢᠶᠳᠪᠦᠷᠢᠯᠡᠬᠦ ᠦᠶᠯᠡᠳᠦᠯ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ 
ᠢᠷᠡᠯᠲᠡ᠄ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ