ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/10/20
      ᠨᠠᠢᠮᠠᠨ ᠰᠠᠷ᠎ᠠ ᠶᠢᠨ ᠠᠷᠪᠠᠨ ᠲᠠᠪᠤᠨ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠢᠱᠢᠶ᠎ᠡ ᠦᠵᠡᠭᠦᠯᠬᠦ ᠣᠷᠣᠨ ᠤ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠥᠬᠦ ᠲᠠᠯ᠎ᠠ ᠪᠠᠷ ᠪᠠᠲᠤᠯᠠᠵᠤ ᠶᠢᠨ ᠲᠥᠯᠥᠭᠡ᠂ ᠠᠯᠠᠱᠠ ᠠᠶᠢᠮᠠᠭ ᠤᠨ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠨ ᠴᠡᠭᠴᠡᠯᠡᠨ ᠵᠠᠰᠠᠬᠤ᠂ ᠨᠡᠶᠢᠭᠡᠮ ᠤᠨ ᠲᠠᠯ᠎ᠠ ᠶᠢᠨ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠬᠢᠬᠦ᠂ ᠣᠯᠠᠨ ᠲᠦᠮᠡᠨ ᠳᠤ ᠦᠶᠯᠡᠴᠢᠯᠡᠬᠦ ᠵᠡᠷᠭᠡ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠵᠤᠭᠠᠴᠠᠭᠰᠠᠳ᠂ ᠣᠯᠠᠨ ᠲᠦᠮᠡᠨ ᠤ ᠠᠮᠤᠷ ᠠᠮᠤᠭᠤᠯᠠᠩ᠂ ᠥᠯᠵᠡᠶ ᠪᠡᠯᠭᠡ ᠲᠠᠢ᠂ ᠪᠠᠶᠠᠷ ᠬᠥᠷ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
3.jpg
     ᠨᠢᠭᠡ ᠳᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠨᠠᠷᠢᠨ ᠬᠢᠨᠠᠮᠠᠭᠠᠶ ᠥᠷᠨᠢᠭᠦᠯᠵᠦ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ ᠵᠣᠴᠢᠳ ᠤᠨ ᠪᠠᠭᠤᠳᠠᠯ᠂ ᠠᠷᠢᠬᠢᠨ ᠮᠤᠬᠤᠯᠠᠭ᠂ KTV᠂ ᠲᠣᠰᠣ ᠨᠡᠮᠡᠬᠦ ᠥᠷᠲᠡᠭᠡ᠂ ᠠᠶᠤᠯᠲᠠᠶ ᠬᠢᠮᠢ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢᠲᠦ ᠣᠷᠣᠨ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠭᠦᠯᠦᠨ᠂ ᠡᠯ᠎ᠡ ᠠᠵᠢᠯ ᠲᠥᠷᠥᠯ ᠤᠨ ᠭᠠᠵᠠᠷ ᠲᠠᠯᠠᠪᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠡᠯᠡᠳᠬᠡᠮᠵᠢ᠂ ᠦᠨᠡᠨ ᠨᠡᠷ᠎ᠡ ᠪᠠᠷ ᠳᠠᠩᠰᠠᠯᠠᠭᠤᠯᠬᠤ ᠲᠥᠷᠢᠮ᠂ ᠠᠶᠤᠯ ᠥᠭᠡᠢ ᠶᠢᠨ ᠬᠠᠮᠢᠶᠠᠷᠤᠯᠲᠠ ᠶᠢᠨ ᠲᠥᠷᠢᠮ ᠬᠢᠭᠡᠳ ᠡᠯ᠎ᠡ ᠵᠦᠢᠯ ᠤᠨ ᠠᠶᠤᠯ ᠥᠭᠡᠢ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠮᠠᠭᠠᠶ ᠪᠠᠶᠢᠴᠠᠭᠠᠵᠤ᠂ ᠡᠯ᠎ᠡ ᠲᠥᠷᠥᠯ ᠤᠨ ᠠᠶᠤᠯ ᠥᠭᠡᠢ ᠶᠢᠨ ᠲᠠᠯᠳᠠ ᠭᠡᠮ ᠪᠣᠯᠤᠨ ᠬᠠᠮᠢᠶᠠᠷᠤᠯᠲᠠ ᠶᠢᠨ ᠠᠯᠳᠠᠰᠢ ᠭᠠᠷᠬᠤ ᠶᠢ ᠴᠠᠭ ᠲᠤᠬᠠᠶ ᠳᠤ ᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠡᠯ᠎ᠡ ᠠᠵᠤ ᠠᠬᠤᠶᠢᠯᠠᠯ ᠤᠨ ᠬᠠᠮᠢᠶᠠᠷᠤᠭᠴᠢ ᠲᠠᠢ ᠬᠠᠮᠲᠤᠷᠠᠨ ᠠᠮᠤᠷ ᠲᠦᠪᠰᠢᠨ ᠡᠶ᠎ᠡ ᠨᠠᠶᠢᠷᠠᠮᠳᠠᠭᠤ ᠨᠡᠶᠢᠭᠡᠮ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠪᠠ᠃
4.jpg
     ᠬᠤᠶᠠᠷ ᠲᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ ︽ᠲᠡᠷᠭᠡ ᠪᠠᠷ ᠲᠣᠭᠤᠷᠢᠨ ᠪᠠᠶᠢᠴᠠᠭᠠᠬᠤ + ᠶᠠᠪᠠᠭᠠᠨ ᠲᠣᠭᠤᠷᠢᠨ ᠪᠠᠶᠢᠴᠠᠭᠠᠬᠤ ︾ ᠬᠡᠯᠪᠡᠷᠢ ᠪᠠᠷ ᠭᠤᠣᠯᠴᠢᠯᠠᠵᠤ ᠵᠡᠭᠡᠯᠢ ᠭᠤᠳᠤᠮᠵᠢ᠂ ᠭᠤᠣᠯᠳᠠᠯᠭ᠎ᠠ ᠲᠠᠢ ᠵᠠᠮ ᠤᠨ ᠬᠡᠰᠡᠭ᠂ ᠬᠤᠳᠠᠯᠳᠤᠭᠠᠨ ᠤ ᠵᠡᠭᠡᠯᠢ ᠲᠣᠭᠤᠷᠢᠭ᠂ ᠵᠤᠭᠠᠴᠠᠯ ᠤᠨ ᠦᠵᠡᠮᠵᠢ ᠶᠢᠨ ᠣᠷᠣᠨ ᠵᠡᠷᠭᠡ ᠬᠥᠮᠦᠨ ᠤᠯᠠᠨ ᠴᠤᠭᠯᠠᠷᠠᠭᠰᠠᠨ ᠲᠠᠯᠠᠪᠤᠷ ᠢ ᠥᠨᠴᠥᠭ ᠪᠣᠯᠣᠩ ᠦᠯᠡᠳᠡᠭᠡᠬᠦ ᠦᠭᠡᠢ᠂ ᠥᠨᠳᠥᠷ ᠳᠠᠪᠲᠠᠮᠵᠢ ᠲᠠᠢ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠵᠦ᠂ ᠴᠠᠭᠳᠠᠭ᠎ᠠ ᠶᠢᠨ ᠢᠯᠡᠷᠡᠬᠦ ᠨᠤᠷᠮ᠎ᠠ᠂ ᠬᠡᠷᠡᠭ ᠶᠠᠪᠤᠳᠠᠯ ᠢ ᠬᠠᠮᠢᠶᠠᠷᠬᠤ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠢ ᠰᠦᠷᠳᠡᠭᠦᠯᠵᠦ᠂ ᠪᠦᠬᠦ ᠬᠦᠴᠦᠨ ᠢᠶᠠᠷ ᠢᠶᠠᠨ ᠤᠯᠠᠨ ᠲᠦᠮᠡᠨ ᠤ ᠪᠠᠶᠠᠷ ᠤᠨ ᠡᠳᠦᠷ ᠢ ᠪᠠᠶᠠᠷᠯᠠᠨ ᠪᠡᠯᠭᠡᠯᠡᠬᠦ ᠶᠢ ᠬᠠᠮᠠᠭᠠᠯᠠᠪᠠ᠃
5.jpg
     ᠭᠤᠷᠪᠠ ᠳᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠤ ᠣᠯᠠᠨ ᠲᠦᠮᠡᠨ ᠤ ᠶᠠᠪᠤᠯᠴᠠᠭ᠎ᠠ ᠣᠯᠠᠰᠢᠷᠠᠵᠤ᠂ ᠬᠥᠮᠦᠨ ᠣᠯᠠᠨ ᠴᠤᠭᠯᠠᠷᠠᠭᠰᠠᠨ ᠲᠣᠬᠢᠶᠠᠯ ᠢ ᠠᠰᠢᠭᠯᠠᠨ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠨᠡᠭᠦᠳᠡᠯ ᠴᠠᠭᠳᠠᠭᠠᠨ ᠤ ᠶᠠᠪᠤᠳᠠᠯ ᠤᠨ ᠥᠷᠲᠡᠭᠡ ᠪᠣᠯᠤᠨ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠷᠠᠳ ᠤᠨ ᠴᠠᠭᠳᠠᠭ᠎ᠠ ᠶᠢ ᠵᠣᠬᠢᠶᠠᠨ ᠪᠠᠶᠢᠭᠤᠯᠤᠨ ᠵᠠᠷᠯᠠᠯ ᠨᠠᠭᠠᠬᠤ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠮᠠᠲ᠋ᠧᠷᠢᠶᠠᠯ ᠲᠠᠷᠬᠠᠭᠠᠬᠤ᠂ ᠵᠥᠪᠯᠡᠯᠭᠡ ᠥᠭᠬᠦ ᠲᠠᠪᠴᠠᠩ ᠭᠠᠷᠭᠠᠬᠤ ᠪᠠᠷ ᠳᠠᠮᠵᠢᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠨᠠᠭᠠᠰᠢ ᠴᠠᠭᠠᠰᠢ ᠥᠩᠭᠡᠷᠡᠬᠦ ᠤᠯᠠᠨ ᠲᠦᠮᠡᠨ ᠳᠤ ᠭᠠᠵᠢᠭᠤ ᠨᠣᠮᠯᠠᠯ ᠢ ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠵᠦ ᠬᠦᠴᠦᠷᠬᠡᠭᠯᠡᠯ ᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠬᠤᠯᠠᠭᠠᠶ ᠳᠡᠭᠡᠷᠡᠮᠳᠡᠬᠦ ᠶᠢ ᠰᠡᠷᠭᠡᠶᠢᠯᠡᠬᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠵᠢᠴᠢ ᠠᠮᠠᠷᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠢᠯᠭᠠᠨ ᠲᠠᠨᠢᠵᠤ ᠰᠡᠷᠭᠡᠶᠢᠯᠡᠬᠦ ᠤᠷ᠎ᠠ ᠮᠡᠷᠭᠡᠵᠢᠯ ᠪᠠ ᠪᠠᠶᠢᠩᠭᠤ ᠬᠡᠷᠡᠭᠯᠡᠬᠦ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠢ ᠦᠨᠡᠨ ᠬᠦ ᠬᠠᠪᠰᠤᠷᠤᠨ ᠬᠠᠤᠯᠢ ᠴᠠᠭᠠᠵᠠ ᠶᠢᠨ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠳᠡᠭᠡᠭᠰᠢᠯᠡᠭᠦᠯᠪᠡ᠃
7.jpg
     ᠳᠥᠷᠪᠡ ᠳᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠤ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡ ᠪᠠᠨ ᠵᠣᠭᠰᠣᠬᠤ ᠥᠬᠡᠶ ᠪᠠᠶᠢᠬᠤ ᠶᠢ ᠪᠠᠷᠢᠮᠲᠠᠯᠠᠵᠤ᠂ 24 ᠴᠠᠭ ᠢᠶᠠᠷ ᠠᠵᠢᠯ ᠤᠨ ᠪᠠᠶᠢᠷᠢ ᠳᠤ ᠪᠠᠨ ᠪᠠᠶᠢᠯ᠎ᠠ᠃ ᠡᠯ᠎ᠡ ᠴᠠᠭᠳᠠᠭᠠᠨ ᠤ ᠲᠦᠷᠦᠯ ᠤᠨ ᠬᠢᠨ ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠵᠤ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠠᠷᠠᠳ ᠤᠨ ᠲᠦᠯᠦᠭᠡ ᠭᠡᠬᠦ ᠤᠭ ᠰᠠᠨᠠᠭ᠎ᠠ ᠪᠣᠯᠤᠨ ᠦᠢᠯᠡᠳᠦᠯᠭᠡ ᠪᠠᠷ ᠤᠯᠠᠨ ᠲᠦᠮᠡᠨ ᠢ ᠰᠠᠬᠢᠨ ᠬᠠᠮᠠᠭᠠᠯᠠᠪᠠ᠃
11.jpg
     ᠪᠠᠶᠠᠷ ᠤᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ᠂ ᠬᠤᠶᠠᠷᠬᠤᠳᠳᠤᠭ ᠤᠨ ᠬᠥᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠦᠬᠦ ᠴᠠᠭᠳᠠᠭ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠦᠭᠦᠳᠡᠭᠡᠷ ᠢᠶᠠᠨ ᠬᠥᠳᠡᠯᠦᠯᠴᠡᠵᠦ᠂ ᠵᠢᠱᠢᠶ᠎ᠡ ᠦᠵᠡᠭᠦᠯᠬᠦ ᠣᠷᠣᠨ ᠤ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠬᠤ ᠪᠠ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠵᠢᠱᠢᠶ᠎ᠡ ᠦᠵᠡᠭᠦᠯᠬᠦ ᠣᠷᠣᠨ ᠤ ᠬᠠᠮᠤᠭ ᠤᠨ ᠰᠠᠶᠢᠨ ︽ᠠᠮᠤᠷ ᠠᠮᠤᠭᠤᠯᠠᠩ ᠤᠨ ᠵᠢᠷᠤᠭ︾ ᠢ ᠵᠢᠷᠤᠭᠯᠠᠵᠠᠢ᠃
ᠢᠷᠡᠯᠲᠡ᠄ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ