10 ᠰᠠᠷ᠎ᠠ ᠶᠢᠨ 7 ᠤ ᠡᠳᠦᠷ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠠᠴᠠ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ | ᠰᠤᠷᠤᠯᠴᠠᠵᠤ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠤᠬᠡᠳ ᠲᠤ ᠢᠯᠡᠭᠡᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠪᠠ᠃ ᠤᠷᠠᠳ ᠤᠨ ᠡᠮᠦᠨᠡᠲᠦ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢᠦ ᠢᠦᠶ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠲᠣᠮᠢᠯᠠᠭᠰᠠᠨ ᠰᠠᠯᠪᠤᠷᠢ᠂ ᠲᠣᠪᠴᠢᠶ᠎ᠠ ᠶᠢᠨ ᠬᠠᠷᠢᠶ᠎ᠠ ᠡᠯ᠎ᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠢ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶᠠᠨ ᠤ ᠤᠯᠤᠰ ᠲᠥᠷᠥ ᠶᠢᠨ ᠭᠡᠰᠢᠭᠦᠨ ᠬᠠᠨ ᠹᠸᠢ ᠡᠷᠭᠢᠯᠡᠵᠡᠶ᠃ | | | | ᠯᠢᠦ ᠢᠦᠢ ᠨᠥᠬᠦᠷ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ | ᠰᠤᠷᠤᠯᠴᠠᠵᠤ ᠪᠠᠶᠢᠭ᠎ᠠ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠲᠤ ᠢᠯᠡᠭᠡᠭᠰᠡᠨ ᠴᠢᠬᠤᠯᠠ ᠬᠠᠷᠢᠭᠤ ᠵᠠᠬᠢᠳᠠᠯ ᠤᠨ ᠠᠭᠤᠯᠭ᠎ᠠ ᠶᠢ ᠤᠯᠠᠮᠵᠢᠯᠠᠭᠰᠠᠨ | ᠪᠥᠭᠡᠳ ᠬᠠᠷᠢᠭᠤ ᠵᠠᠬᠢᠳᠠᠯ ᠤᠨ ᠠᠭᠤᠯᠭ᠎ᠠ ᠳᠤ ᠲᠠᠶᠢᠯᠤᠮᠵᠢ ᠬᠢᠵᠦ᠂ ᠬᠠᠨ ᠹᠸᠢ ᠨᠥᠬᠦᠷ ᠪᠠᠶᠠᠨᠨᠠᠭᠤᠷ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠲᠤ ᠢᠯᠡᠭᠡᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠪᠠ᠃ | | | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠨᠢ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠬᠥᠮᠦᠰ ᠤᠨ ᠤᠷᠮ᠎ᠠ | ᠵᠣᠷᠢᠭ ᠢ ᠬᠥᠪᠴᠢᠯᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠳᠣᠲᠣᠭᠠᠳᠤ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠪᠠ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠬᠠᠶᠢᠷᠠᠯᠠᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠠᠢ᠂ ᠡᠨᠡ ᠨᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ ᠲᠤ ᠯᠤᠲᠤ ᠶᠡᠭᠡ ᠵᠣᠷᠢᠭᠵᠢᠭᠤᠯᠤᠯ ᠪᠣᠯᠬᠤ ᠪᠠᠷ ᠪᠠᠷᠠᠬᠤ ᠦᠭᠡᠢ᠂ ᠨᠡᠩ ᠴᠤ | ᠮᠠᠨ ᠤ ᠪᠦᠬᠦ ᠴᠠᠭᠳᠠᠭ᠎ᠠ ᠶᠢᠨ ᠬᠢᠵᠠᠭᠠᠯᠠᠰᠢ ᠦᠭᠡᠢ ᠢᠷᠠᠭᠤ ᠠᠯᠳᠠᠷ ᠪᠣᠯᠬᠤ ᠶᠤᠮ᠃ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ | ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠡᠭᠦᠨ ᠳᠤ ᠠᠭᠤᠯᠤᠭᠳᠠᠵᠤ ᠪᠠᠶᠢᠭ᠎ᠠ ᠪᠠᠲᠤ ᠴᠢᠩᠭ᠎ᠠ ᠢᠲᠡᠭᠡᠯ ᠪᠢᠰᠢᠷᠡᠯ᠂ ᠭᠦᠨ ᠵᠤᠵᠠᠭᠠᠨ ᠬᠠᠶᠢᠷ᠎ᠠ ᠰᠡᠳᠬᠢᠯᠭᠡ ᠪᠠ | ᠴᠢᠩ ᠰᠡᠳᠬᠢᠯ ᠤᠨ ᠬᠦᠰᠡᠯ ᠡᠷᠡᠮᠡᠯᠵᠡᠯ ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠠᠮ ᠪᠠ ᠠᠷᠠᠳ ᠲᠦᠮᠡᠨ ᠤ ᠦᠨᠡᠨᠴᠢ ᠰᠢᠳᠤᠷᠭᠤ ᠬᠠᠮᠠᠭᠠᠯᠠᠭᠴᠢ | ᠪᠣᠯᠬᠤ ᠬᠡᠷᠡᠭᠲᠡᠶ ᠭᠡᠵᠦ ᠴᠢᠬᠤᠯᠠᠴᠢᠯᠠᠪᠠ᠃ | | | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ | ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ︔ ᠤᠯᠤᠰ ᠲᠦᠷᠦ ᠶᠢᠨ ᠡᠭᠦᠷᠭᠡᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠡᠭᠦᠷᠭᠡᠯᠡᠯ ᠤᠨ ᠦᠢᠯᠡᠳᠦᠯᠭᠡ ᠶᠢᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ︔ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠠᠷ ᠲᠠᠶᠢᠴᠢᠯᠠᠯᠳᠠ ᠶᠢᠨ ᠵᠠᠷᠯᠢᠭ ᠪᠣᠯᠭᠠᠵᠤ᠂ ᠲᠢᠩᠬᠢᠮ᠂ ᠬᠤᠳᠠ ᠶᠢᠨ ᠲᠣᠪᠴᠢᠶ᠎ᠠ ᠶᠢᠨ | ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠲᠥᠪ ᠤᠨ ᠠᠵᠢᠯ ᠢ ᠪᠣᠳᠠᠲᠠᠢ | ᠪᠥᠭᠡᠳ ᠨᠠᠷᠢᠯᠢᠭ ᠠᠳᠬᠤᠵᠤ᠂ ︽ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ᠂ ᠤᠬᠠᠭᠤᠯᠬᠤ᠂ ᠪᠠᠶᠢᠭᠤᠯᠬᠤ᠂ ᠦᠢᠯᠡᠴᠢᠯᠡᠬᠦ︾ ᠴᠢᠳᠠᠪᠤᠷᠢ ᠶᠢᠨ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠪᠠ︔ ︽ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠰᠤᠷᠤᠯᠴᠠᠵᠦ᠂ ᠦᠨᠡᠨᠴᠢ ᠰᠢᠳᠤᠷᠭᠤ | ᠴᠠᠭᠳᠠᠭ᠎ᠠ ᠶᠢᠨ ᠰᠦᠭ ᠰᠦᠨᠡᠰᠦ ᠶᠢ ᠪᠠᠲᠤᠳᠬᠠᠬᠤ︾ ᠪᠠᠷ ᠭᠤᠣᠯ ᠰᠡᠳᠦᠪ ᠪᠣᠯᠭᠠᠭᠰᠠᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠠᠬᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠬᠠᠷᠢᠭᠤ ᠵᠠᠬᠢᠳᠠᠯ ᠢ ᠤᠬᠠᠭᠤᠯᠤᠨ ᠲᠤᠭᠤᠰᠢᠯᠠᠭᠤᠯᠬᠤ ᠠᠵᠢᠯ ᠢ ᠠᠬᠢᠭᠤᠯᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ |