ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠡᠷᠭᠡᠨ ᠥᠷᠲᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/10/24
      ᠠᠶᠠᠨᠴᠢᠳ ᠤᠨ ᠮᠠᠰᠢᠨ ᠲᠡᠷᠭᠡᠨ ᠤ ᠵᠢᠯᠣᠭᠤᠴᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠪᠠ ᠪᠣᠯᠪᠠᠰᠤᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠵᠠᠮ ᠬᠠᠷᠢᠯᠴᠠᠭᠠᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠳᠤ ᠭᠦᠨᠵᠡᠭᠡᠶᠢᠷᠡᠨ᠂ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠵᠢᠴᠢ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ ᠤ ᠪᠣᠭᠤᠮᠲᠠ ᠶᠢ ᠡᠬᠢ ᠡᠭᠦᠰᠦᠯ ᠠᠴᠠ ᠨᠢ ᠴᠢᠩᠭ᠎ᠠ ᠠᠳᠬᠤᠪᠠ᠃
5.jpg
      ᠠᠮᠤᠷ ᠲᠦᠪᠰᠢᠨ ᠤ ᠳᠠᠯᠳᠠ ᠬᠡᠮ ᠤᠨ ᠶᠡᠭᠡ ᠪᠠᠶᠢᠴᠠᠭᠠᠯᠲᠠ ᠵᠢᠴᠢ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠪᠥᠬᠦ ᠠᠵᠢᠯᠲᠠᠨ ᠠᠵᠢᠯᠴᠢᠨ ᠤ ᠰᠠᠨᠠᠭᠠᠴᠢᠯᠠᠭ᠎ᠠ ᠠᠴᠠ ᠪᠠᠨ ᠠᠮᠤᠷ ᠲᠦᠪᠰᠢᠨ ᠢ ᠠᠳᠬᠤᠬᠤ᠂ ᠠᠮᠤᠷ ᠲᠦᠪᠰᠢᠨ ᠢ ᠪᠠᠲᠤᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠢ ᠦᠨᠳᠦᠰᠦᠨ ᠠᠴᠠ ᠨᠢ ᠠᠷᠢᠯᠭᠠᠪᠠ᠃ 
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ