ᠰᠥᠨᠢᠳ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠥᠯ ᠤᠨ ᠴᠠᠭᠳᠠᠭ᠎ᠠ ᠶᠢᠨ ᠶᠡᠭᠡ ᠠᠩᠭᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/10/24
    10 ᠳ᠋ᠤᠭᠠᠷ ᠰᠠᠷ᠎ᠠ ᠶᠢᠨ 18 ᠤ ᠦᠳᠡ ᠶᠢᠨ ᠬᠤᠶᠢᠨ᠎ᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨ ᠬᠦ ᠰᠠᠶᠢᠲᠤᠷ ᠬᠢᠬᠦ᠂ ᠪᠥᠬᠦ ᠪᠠᠭᠰᠢ ᠰᠣᠷᠣᠭᠴᠢ ᠵᠢᠴᠢ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠭᠴᠢ ᠶᠢᠨ ᠰᠦᠷᠳᠡᠭᠦᠯᠦᠯ ᠢ ᠡᠰᠡᠷᠬᠦᠴᠡᠵᠦ ᠬᠦᠴᠦᠷᠬᠡᠭᠯᠡᠯ ᠢ ᠰᠡᠷᠭᠡᠶᠢᠯᠡᠬᠦ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠭᠢ ᠳᠥᠷᠪᠡᠳᠦᠭᠡᠷ ᠪᠠᠭ᠎ᠠ ᠰᠤᠷᠭᠠᠭᠤᠯᠢ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠰᠣᠷᠢᠯᠲᠠ ᠶᠢ ᠥᠷᠨᠢᠭᠦᠯᠪᠡ᠃
4.jpg
     ᠰᠣᠷᠢᠯᠲᠠ ᠳᠤ᠂ ᠣᠨᠴᠠ ᠲᠥᠷᠥᠯ ᠤᠨ ᠴᠠᠭᠳᠠᠭ᠎ᠠ ᠶᠢᠨ ᠠᠩᠭᠢ ᠶᠢᠨ ᠨᠢᠭᠡᠨ ᠭᠡᠰᠢᠭᠦᠨ ᠤ ᠳᠤᠭᠯᠠᠭᠰᠠᠨ ︽ᠪᠠᠯᠮᠠᠳ ᠡᠲᠡᠭᠡᠳ︾ ᠭᠠᠷ ᠲᠤ ᠪᠠᠨ ᠬᠢᠳᠤᠭ᠎ᠠ ᠵᠡᠪᠰᠡᠭ ᠠᠳᠬᠤᠨ ᠰᠤᠷᠭᠠᠭᠤᠯᠢ ᠶᠢᠨ ᠬᠦᠷᠢᠶᠡᠨ ᠳᠤ ᠬᠦᠴᠦᠷᠬᠡᠭᠯᠡᠨ ᠣᠷᠣᠵᠤ ᠢᠷᠡᠬᠦ ᠳᠤ᠂ ᠰᠤᠷᠭᠠᠭᠤᠯᠢ  ᠶᠢᠨ ᠠᠮᠤᠷ ᠢ ᠬᠠᠮᠠᠭᠠᠯᠠᠬᠤ ᠠᠵᠢᠯᠲᠠᠨ ᠲᠡᠷᠡ ᠳᠠᠷᠤᠢ ᠳᠤ ᠨᠢ ᠲᠦᠭᠰᠢᠭᠦᠷᠢ ᠮᠡᠳᠡᠭᠦᠯᠬᠦ ᠲᠥᠬᠦᠭᠡᠷᠦᠮᠵᠢ ᠶᠢ ᠳᠠᠷᠤᠬᠤ ᠶᠢᠨ ᠬᠠᠮᠲᠤ ᠬᠦᠴᠦᠷᠬᠡᠭᠯᠡᠯ ᠢ ᠰᠡᠷᠭᠡᠶᠢᠯᠡᠬᠦ ᠪᠠᠮᠪᠠᠢ᠂ ᠬᠦᠴᠦᠷᠬᠡᠭᠯᠡᠯ ᠢ ᠰᠡᠷᠭᠡᠶᠢᠯᠡᠬᠦ ᠰᠡᠷᠡᠭᠡ ᠪᠠᠷ ︽ᠪᠠᠯᠠᠮᠠᠳ ᠡᠲᠡᠭᠡᠳ︾ ᠲᠠᠢ ᠦᠵᠡᠯᠴᠡᠪᠡ᠃ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠢᠯᠤᠭᠤᠳᠬᠤ ᠲᠥᠪ ᠤᠨ ᠵᠠᠷᠯᠢᠭ ᠢ ᠣᠯᠣᠭᠰᠠᠨ ᠤ ᠳᠠᠷᠠᠭ᠎ᠠ᠂ ᠣᠨᠴᠠ ᠴᠠᠭᠳᠠᠭᠠᠨ ᠤ ᠶᠡᠭᠡ ᠠᠩᠭᠢ ᠰᠦᠷᠳᠡᠭᠦᠯᠦᠯ ᠢ ᠡᠰᠡᠷᠭᠦᠴᠡᠵᠦ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠱᠠᠭᠠᠷᠳᠠᠯᠭ᠎ᠠ ᠶᠣᠰᠣᠭᠠᠷ ᠪᠦᠷᠢᠨ ᠵᠡᠪᠰᠡᠭᠯᠡᠨ ᠲᠤᠬᠠᠢ ᠶᠢᠨ ᠲᠠᠯᠠᠪᠠᠶ ᠳᠤ ᠲᠦᠷᠭᠡᠨ ᠬᠦᠷᠴᠦ᠂ ᠬᠦᠴᠦᠷᠬᠡᠭᠯᠡᠯ ᠢ ᠰᠡᠷᠭᠡᠶᠢᠯᠡᠬᠦ ᠰᠡᠷᠡᠭᠡ ᠵᠡᠷᠭᠡ ᠪᠠᠭᠠᠵᠢ ᠬᠡᠷᠡᠭᠰᠡᠯ ᠢ ᠠᠰᠢᠭᠯᠠᠨ ︽ᠪᠠᠯᠠᠮᠠᠳ ᠡᠲᠡᠭᠡᠳ︾ ᠢ ᠠᠮᠵᠢᠯᠲᠠ ᠲᠠᠢ ᠪᠠᠷ ᠨᠣᠮᠣᠬᠠᠳᠬᠠᠭᠰᠠᠨ ᠪᠥᠭᠡᠳ ᠪᠡᠶ᠎ᠡ ᠶᠢ ᠨᠢ ᠨᠢᠭ᠍ᠵᠢᠵᠤ ᠲᠤᠬᠠᠢ ᠶᠢᠨ ᠲᠠᠯᠠᠪᠠᠶ ᠠᠴᠠ ᠵᠠᠶᠢᠯᠠᠭᠤᠯᠵᠠᠢ᠃     ᠲᠣᠰ ᠤᠳᠠᠭᠠᠨ ᠤ ᠰᠣᠷᠢᠯᠲᠠ ᠳᠤ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠤ ᠬᠠᠮᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠠᠷᠭ᠎ᠠ ᠪᠠ ᠤᠷ᠎ᠠ ᠴᠢᠳᠠᠪᠤᠷᠢ ᠶᠢ ᠡᠵᠡᠮᠰᠢᠭᠦᠯᠵᠦ᠂ ᠰᠤᠷᠭᠠᠭᠤᠯᠢ ᠶᠢᠨ ᠬᠦᠷᠢᠶᠡᠨ ᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ